ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠣᠶ ᠶᠢ ᠳᠤᠷᠠᠰᠬᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠵᠤ᠂ ᠭᠤᠤᠯ ᠰᠡᠳᠦᠪᠲᠦ ᠬᠥᠮᠦᠵᠢᠯ ᠤᠨ ᠦᠨᠡᠨ ᠬᠦ ᠠᠳᠬᠤᠵᠤ ᠦᠨᠡᠨ ᠬᠦ ᠠᠵᠢᠯᠯᠠᠭᠰᠠᠨ ᠦᠷ᠎ᠡ | ᠪᠦᠲᠦᠮᠵᠢ ᠶᠢᠨ ᠪᠠᠲᠤᠯᠠᠭ᠎ᠠ ᠶᠢ ᠪᠠᠬᠢᠵᠢᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 30 ᠤ ᠡᠳᠦᠷ ᠤᠨ | ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ | ᠦᠢᠯᠡᠰ ᠤᠨ ᠬᠥᠭᠵᠢᠯᠲᠡ ᠶᠢᠨ ᠲᠥᠪ ᠠᠴᠠ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠵᠢᠴᠢ ︽ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠨ ᠰᠢᠨ᠎ᠡ | ᠵᠢᠳᠬᠦᠯ ᠢ ᠴᠢᠬᠤᠯᠠᠴᠢᠯᠠᠬᠤ︾ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠤ ᠰᠢᠢᠳᠪᠦᠷᠢᠲᠦ | ᠤᠷᠤᠯᠳᠤᠭᠠᠨ ᠵᠡᠷᠭᠡ ᠠᠵᠢᠯᠯᠠᠭ᠎ᠠ ᠡᠷᠭᠢᠯᠡᠪᠡ᠃ | | | | | | ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ | ᠵᠠᠩ ᠬᠤᠩ ᠸᠧᠢ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ | ᠾᠧᠦ ᠵᠢᠩ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ | ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠵᠠᠩ ᠴᠢᠶᠠᠨ ᠬᠦᠶ᠂ | ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠯᠢ ᠭᠠᠩ᠂ ᠥᠪᠥᠷ ᠮᠣᠩᠭᠤᠯ ᠤᠨ ᠤᠰᠤᠨ ᠠᠰᠢᠭᠯᠠᠯᠲᠠ | ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠰᠢᠶᠧ ᠸᠧᠶ ᠪᠥᠸᠧ᠂ ᠤᠰᠤᠨ | ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠭᠠᠵᠠᠷ ᠤᠨ ᠶᠡᠷᠦᠩᠬᠡᠶᠢᠯᠡᠭᠰᠡᠨ ᠭᠠᠵᠠᠷ ᠤᠨ ᠳᠠᠷᠤᠭ᠎ᠠ ᠵᠠᠩ ᠹᠸᠢ᠂ ᠬᠥᠬᠡᠬᠤᠲᠠ ᠶᠢᠨ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠳᠡᠭᠡᠳᠦ ᠵᠡᠷᠭᠡ ᠶᠢᠨ ᠪᠠᠭᠰᠢ ᠸᠠᠩ ᠲᠢᠶᠧ ᠵᠢᠶᠦ᠋ᠨ ᠣᠷᠣᠯᠴᠠᠭᠰᠠᠨ | ᠪᠥᠭᠡᠳ ᠰᠢᠢᠳᠪᠦᠷᠢᠲᠦ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠤ ᠲᠤᠰᠢᠶᠠᠯ ᠢ ᠡᠭᠦᠷᠭᠡᠯᠡᠪᠡ᠃ | | | | | | ᠠᠩᠬᠠᠨ ᠤ ᠤᠷᠤᠯᠳᠤᠭᠠᠨ ᠤ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠨᠡᠶᠢᠲᠡ 9 ᠰᠢᠯᠢᠳᠡᠭ | ᠪᠦᠲᠦᠭᠡᠯ ᠰᠢᠢᠳᠪᠦᠷᠢᠲᠦ ᠤᠷᠤᠯᠳᠤᠭᠤᠨ ᠳᠤ ᠣᠷᠣᠪᠠ᠃ ᠤᠷᠤᠯᠳᠤᠭᠠᠨ ᠳᠤ ᠣᠷᠣᠯᠴᠠᠭᠰᠠᠳ ᠭᠤᠣᠯ ᠰᠡᠳᠦᠪ ᠢᠶᠠᠷ | ᠭᠤᠣᠯᠳᠠᠭᠤᠯᠵᠤ᠂ ᠨᠠᠮ ᠪᠠᠶᠢᠭᠤᠯᠤᠭᠳᠠᠭᠰᠠᠨ 102 ᠵᠢᠯ ᠤᠨ ᠤᠢ᠂ ᠲᠤᠰ ᠪᠡᠶ᠎ᠡ ᠶᠢᠨ ᠦᠰᠦᠨ ᠪᠤᠶᠢᠵᠢᠭᠰᠠᠨ | ᠥᠩᠭᠡᠷᠡᠯᠲᠡ ᠪᠣᠯᠤᠨ ᠳᠡᠷᠭᠡᠳᠡᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠢᠯᠡ ᠠᠵᠢᠯᠯᠠᠭ᠎ᠠ ᠲᠠᠢ ᠤᠶᠠᠯᠳᠤᠭᠤᠯᠵᠤ᠂ | ᠪᠣᠷᠣᠭᠵᠢᠭᠤᠨ ᠦᠭᠡ ᠬᠡᠯᠡ᠂ ᠴᠢᠩ ᠦᠨᠡᠨᠴᠢ ᠬᠠᠶᠢᠷ᠎ᠠ ᠰᠡᠳᠬᠢᠯᠭᠡ᠂ ᠦᠨᠡᠨ ᠪᠣᠳᠠᠲᠠᠢ ᠦᠯᠢᠭᠡᠷ ᠪᠣᠯᠤᠨ | ᠲᠦᠷᠦᠭᠳᠡᠯ ᠢᠶᠠᠷ᠂ ᠳᠠᠭᠤᠤ ᠰᠡᠳᠬᠢᠯᠭᠡ ᠨᠢᠭᠡᠲᠡᠢ ᠶᠠᠷᠢᠶ᠎ᠠ ᠢᠯᠡᠳᠬᠡᠯ ᠢᠶᠠᠷ ᠳᠠᠮᠵᠢᠭᠤᠯᠤᠨ᠂ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠦᠢᠯᠡᠰ ᠲᠤ ᠬᠢᠵᠠᠭᠠᠯᠠᠰᠢ ᠦᠭᠡᠢ ᠬᠠᠶᠢᠷ᠎ᠠ ᠪᠠᠨ ᠢᠯᠡᠳᠬᠡᠵᠦ᠂ ᠰᠢᠨ᠎ᠡ ᠴᠠᠭ | ᠦᠶ᠎ᠡ ᠶᠢᠨ ᠤᠰᠤᠨ ᠠᠰᠢᠭᠯᠠᠯᠲᠠ ᠶᠢᠨ ᠵᠠᠯᠠᠭᠤᠴᠤᠳ ᠤᠨ ᠰᠢᠨ᠎ᠡ ᠲᠦᠷᠢ ᠲᠥᠷᠬᠦ ᠶᠢ ᠢᠯᠡᠷᠡᠭᠦᠯᠵᠦ᠂ ᠤᠰᠤᠨ | ᠠᠰᠢᠭᠯᠠᠯᠲᠠ ᠶᠢᠨ ᠬᠥᠮᠦᠰ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠠᠶᠢᠯᠪᠤᠷᠢᠯᠠᠵᠤ᠂ | ᠴᠠᠭ ᠦᠶ᠎ᠡ ᠶᠢᠨ ᠮᠠᠭᠲᠠᠭᠠᠯ ᠳᠠᠭᠤᠤ ᠶᠢ ᠬᠠᠩᠭᠢᠨᠠᠭᠤᠯᠵᠤ᠂ ᠶᠠᠷᠢᠶ᠎ᠠ ᠢᠯᠡᠳᠬᠡᠯ ᠨᠢ ᠬᠢᠨᠠᠭᠴᠢ ᠪᠣᠯᠤᠨ ᠪᠦᠬᠦ | ᠲᠠᠯᠠᠪᠠᠢ ᠶᠢᠨ ᠦᠵᠡᠭᠴᠢᠳ ᠢ ᠭᠦᠨ ᠨᠥᠯᠥᠭᠡᠯᠡᠵᠦ᠂ ᠬᠠᠯᠠᠭᠤᠨ ᠠᠯᠠᠭ᠎ᠠ ᠲᠠᠰᠢᠯᠳᠠ ᠶᠢ ᠣᠯᠵᠠᠢ᠃ | | | | | | ᠰᠢᠯᠭᠠᠷᠠᠭᠤᠯᠬᠤ ᠺᠣᠮᠢᠰ ᠤᠨ ᠭᠡᠰᠢᠭᠦᠳ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠬᠤ ᠵᠠᠷᠴᠢᠮ | ᠶᠣᠰᠣᠭᠠᠷ᠂ ᠶᠠᠷᠢᠶ᠎ᠠ ᠢᠯᠡᠳᠬᠡᠯ ᠤᠨ ᠠᠭᠤᠯᠭ᠎ᠠ᠂ ᠦᠭᠡ ᠬᠡᠯᠡᠨ ᠤ ᠢᠯᠡᠳᠬᠡᠯᠲᠡ᠂ ᠳᠦᠷᠢ ᠲᠥᠷᠬᠦ ᠬᠡᠪ ᠨᠠᠮᠪᠠ᠂ | ᠲᠤᠬᠠᠶ ᠶᠢᠨ ᠲᠠᠯᠠᠪᠤᠷ ᠤᠨ ᠦᠷ᠎ᠡ ᠪᠦᠲᠦᠮᠵᠢ ᠵᠡᠷᠭᠡ 4 ᠲᠠᠯ᠎ᠠ ᠠᠴᠠ ᠨᠢᠭᠡᠳᠦᠯᠲᠡᠶ ᠬᠤᠪᠢ ᠣᠯᠭᠤᠬᠤ ᠪᠠᠷᠢᠮᠵᠢᠶ᠎ᠠ ᠶᠢ | ᠦᠨᠳᠦᠰᠦᠯᠡᠨ ᠬᠤᠪᠢ ᠥᠭᠴᠦ᠂ ᠡᠴᠦᠰ ᠤᠨ ᠬᠤᠪᠢ ᠶᠢᠨ ᠵᠢᠭᠰᠠᠭᠠᠯᠲᠠ ᠶᠣᠰᠣᠭᠠᠷ ᠵᠣᠣ ᠴᠢᠶᠠᠨ ︵ᠰᠣᠨᠢᠨ | ᠮᠡᠳᠡᠭᠡᠨ ᠤ ᠤᠬᠠᠭᠤᠯᠬᠤ ᠬᠡᠯᠲᠡᠰ︶ ᠢ ᠰᠣᠩᠭᠤᠨ ᠭᠠᠷᠭᠠᠵᠤ ᠨᠢᠭᠡᠳᠦᠭᠡᠷ ᠳᠡᠰ ᠤᠨ ᠱᠠᠩᠨᠠᠯ ᠭᠥᠷᠳᠡᠪᠡ︔ ᠺᠠᠩ | ᠮᠧᠩ ᠲᠢᠩ ︵ᠬᠥᠷᠥᠰᠥ ᠰᠢᠷᠣᠶ ᠶᠢ ᠬᠠᠮᠠᠭᠠᠯᠠᠬᠤ ᠬᠡᠯᠲᠡᠰ︶᠂ ᠵᠠᠩ ᠢ ᠵᠧᠨ ︵ᠬᠢᠨᠠᠨ ᠵᠥᠪᠰᠢᠶᠡᠷᠡᠬᠦ | ᠦᠶ᠋ᠯᠡᠴᠢᠯᠡᠭᠡᠨ ᠤ ᠬᠡᠯᠲᠡᠰ︶ ᠬᠤᠶᠠᠳᠤᠭᠠᠷ ᠳᠡᠰ ᠤᠨ ᠱᠠᠩᠨᠠᠯ ᠭᠥᠷᠳᠡᠪᠡ︔ ᠹᠧᠩ ᠨᠠ ︵ᠨᠠᠮ ᠣᠯᠠᠨ ᠲᠦᠮᠡᠨ ᠤ | ᠠᠵᠢᠯ ᠤᠨ ᠬᠡᠯᠲᠡᠰ︶᠂ ᠵᠠᠩ ᠲᠦᠩ ︵ᠢᠨᠵᠧᠨᠧᠷᠢᠩ ᠤᠨ ᠲᠥᠯᠥᠪᠵᠢᠭᠦᠯᠭᠡ ᠶᠢᠨ ᠬᠡᠯᠲᠡᠰ︶᠂ ᠵᠣᠣ ᠢ ᠹᠦ᠋ ︵ | ᠲᠥᠯᠥᠪᠯᠡᠭᠡ ᠶᠢᠨ ᠡᠳ᠋ ᠤᠨ ᠶᠠᠪᠤᠳᠠᠯ ᠤᠨ ᠬᠡᠯᠲᠡᠰ︶᠂ ᠯᠢᠦ ᠶᠠᠨ ᠶᠠᠨ᠂ ᠶᠣᠣ ᠬᠠᠶ ᠳ᠋ᠦᠩ᠂ ᠬᠠᠳᠠ᠂ ᠠᠮᠤᠭᠤᠯᠠᠩ | ︵ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠡᠯᠲᠡᠰ︶ ᠭᠤᠷᠪᠠᠳᠤᠭᠠᠷ ᠳᠡᠰ ᠤᠨ ᠱᠠᠩᠨᠠᠯ ᠬᠦᠷᠲᠡᠪᠡ︔ | ᠼᠤᠤ ᠲᠦᠩ ᠾᠧ ︵ᠠᠯᠪᠠᠨ ᠭᠡᠷ︶᠂ ᠶᠢᠨ ᠳ᠋ᠦᠸᠧ ᠳ᠋ᠦᠸᠧ ︵ᠰᠠᠬᠢᠯᠭ᠎ᠠ ᠪᠠᠲᠤ ᠪᠠᠶᠢᠴᠠᠭᠠᠬᠤ ᠲᠠᠰᠤᠭ︶ | ᠰᠢᠯᠢᠳᠡᠭ ᠱᠠᠩᠨᠠᠯ ᠬᠦᠷᠲᠡᠪᠡ᠃ | ᠲᠡᠮᠡᠴᠡᠯ ᠤᠨ ᠠᠯᠬᠤᠭ᠎ᠠ ᠳᠤ ᠦᠯᠢᠭᠡᠷ ᠳᠠᠭᠤᠷᠢᠶᠠᠯ ᠬᠦᠳᠦᠯᠦᠨ ᠳᠠᠭᠠᠭᠤᠯᠵᠤ᠂ ᠨᠡᠮᠡᠷᠢ ᠬᠠᠨᠳᠢᠪ ᠤᠨ ᠭᠧᠨ ᠢ | ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠢ᠃ ᠶᠠᠷᠢᠶ᠎ᠠ ᠢᠯᠡᠳᠬᠡᠯ ᠤᠨ ᠤᠷᠤᠯᠳᠤᠭᠠᠨ ᠳᠠᠭᠤᠰᠤᠭᠰᠠᠨ ᠤ | ᠳᠠᠷᠠᠭ᠎ᠠ᠂ ᠶᠡᠭᠡ ᠬᠤᠷᠠᠯ ᠠᠴᠠ ︽ᠬᠤᠶᠠᠷ ᠰᠢᠯᠢᠳᠡᠭ ᠨᠢᠭᠡ ᠲᠡᠷᠢᠭᠦᠨ︾ ᠢ ᠬᠥᠬᠢᠭᠦᠯᠦᠨ ᠰᠠᠶᠢᠰᠢᠶᠠᠪᠠ᠃ | ᠬᠥᠭᠵᠢᠭᠦᠯᠦᠯᠲᠡ ᠶᠢᠨ ᠲᠥᠪ ᠯᠢ ᠡᠾᠦ᠋ᠢ ᠵᠡᠷᠭᠡ 6 ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠸᠠᠩ ᠯᠦ ᠵᠡᠷᠭᠡ | 3 ᠰᠢᠯᠢᠳᠡᠭ ᠨᠠᠮ ᠤᠨ ᠠᠵᠢᠯᠳᠠᠨ᠂ ᠢᠨᠵᠧᠨᠧᠷᠢᠩ ᠤᠨ ᠲᠥᠯᠥᠪᠵᠢᠭᠦᠯᠭᠡ ᠶᠢᠨ ᠬᠡᠯᠲᠡᠰ ᠤᠨ ᠨᠠᠮ ᠤᠨ ᠡᠭᠦᠷ ᠵᠡᠷᠭᠡ | 3 ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠥᠬᠢᠭᠦᠯᠦᠨ ᠰᠠᠶᠢᠰᠢᠶᠠᠭᠳᠠᠪᠠ᠃ | ᠡᠭᠦᠨ ᠤ ᠬᠠᠮᠲᠤ᠂ ︽ᠢᠷᠠᠭᠤ ᠠᠯᠳᠠᠷᠲᠠᠶ ᠪᠠᠷ ᠨᠠᠮ ᠳᠤ ᠤᠷᠤᠭᠰᠠᠨ 50 ᠵᠢᠯ︾ ᠭᠡᠬᠦ 3 ᠠᠬᠠᠮᠠᠳ ᠨᠠᠮ ᠤᠨ | ᠭᠡᠰᠢᠭᠦᠨ ᠤ ᠲᠥᠯᠥᠭᠡᠯᠡᠭᠴᠢ ᠳᠤ ᠳᠤᠷᠠᠰᠬᠠᠯ ᠤᠨ ᠮᠧᠳᠠᠯ ᠭᠠᠷᠳᠠᠭᠤᠯᠪᠠ᠃ | ᠬᠤᠷᠠᠯ ᠳᠡᠭᠡᠷ᠎ᠡ ᠪᠠᠰᠠ ᠸᠠᠩ ᠪᠢᠩ ᠪᠢᠩ ᠵᠡᠷᠭᠡ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ | ᠵᠢᠱᠢᠶᠡᠴᠢ ᠶᠢᠨ 30 ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠪᠠ᠃ | ᠰᠢᠨ᠎ᠡ ᠬᠠᠷᠠᠯᠲᠠ ᠰᠢᠨ᠎ᠡ ᠬᠦᠰᠡᠯ ᠡᠷᠡᠮᠡᠯᠵᠡᠯ ᠢ ᠠᠪᠴᠢᠷᠠᠵᠤ᠂ ᠰᠢᠨ᠎ᠡ ᠵᠢᠷᠤᠭ ᠲᠥᠰᠦᠪ ᠰᠢᠨ᠎ᠡ ᠠᠶᠠᠨ | ᠵᠠᠮ ᠢ ᠵᠢᠷᠤᠭᠯᠠᠨ᠎ᠠ᠃ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠬᠤᠪᠢᠰᠬᠠᠯ ᠤᠨ | ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠡᠷᠴᠢ ᠵᠣᠷᠢᠭ ᠢᠶᠠᠨ ᠲᠠᠬᠢᠨ ᠬᠥᠪᠴᠢᠯᠡᠵᠦ᠂ ᠲᠠᠬᠢᠨ ᠰᠢᠯᠢᠳᠡᠭ ᠠᠮᠵᠢᠯᠲᠠ ᠭᠠᠷᠭᠠᠵᠤ᠂ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ ᠰᠢᠨ᠎ᠡ | ᠳᠡᠭᠲᠡᠷ ᠲᠤ ᠭᠠᠷᠭᠠᠨ᠎ᠠ᠃ | ︵ᠡᠬᠡ ᠪᠢᠴᠢᠭ ᠢ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠭᠤᠤᠯ ᠰᠡᠳᠦᠪᠲᠦ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠬᠠᠩᠭᠠᠪᠠ︶ | |