ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠣᠨ ᠤ ᠰᠤᠷᠤᠯᠴᠠᠯᠭ᠎ᠠ ᠲᠤᠬᠢᠷᠠᠭᠤᠯᠤᠯᠳᠠ ᠵᠢᠴᠢ ᠭᠤᠣᠯ ᠰᠡᠳᠦᠪᠲᠦ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠥᠯᠥᠪᠯᠡᠭᠡ ᠶᠣᠰᠣᠭᠠᠷ᠂ 7 ᠳ᠋ᠤᠭᠠᠷ ᠰᠠᠷ᠎ᠠ ᠶᠢᠨ 4 ᠤ | ᠡᠳᠦᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠨᠠᠮ ᠤᠨ ᠬᠤᠷᠢᠶᠠᠨ ᠤ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠶᠢᠰᠦᠳᠦᠭᠡᠷ ᠤᠳᠠᠭ᠎ᠠ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ | ᠬᠤᠷᠠᠯ ᠵᠢᠴᠢ ︽ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ | ᠤᠰᠤᠨ ᠠᠰᠢᠭᠯᠠᠯᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ︾ ᠲᠤᠰᠬᠠᠢ | ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠤᠰᠤᠨ ᠠᠰᠢᠭᠯᠠᠯᠲᠠ ᠶᠢᠨ ᠦᠢᠯᠡᠰ ᠤᠨ | ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠵᠠᠩ ᠸᠧᠢ ᠶᠢᠨ ᠨᠠᠶᠢᠳᠠᠯᠭ᠎ᠠ ᠪᠠᠷ᠂ | ᠲᠥᠪ ᠤᠨ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠡᠷᠬᠢᠯᠡᠭᠴᠢ ᠶᠧ ᠳ᠋ᠧ ᠴᠧᠩ ᠬᠤᠷᠠᠯ ᠢ ᠡᠷᠬᠢᠯᠡᠭᠰᠡᠨ | ᠪᠥᠭᠡᠳ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠠᠵᠢᠯ ᠢ ᠲᠤᠬᠢᠷᠠᠭᠤᠯᠪᠠ᠃ | | | | | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ | ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ | ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠥᠪᠯᠡᠷᠡᠭᠦᠯᠦᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠤᠯᠠᠮᠵᠢᠯᠠᠪᠠ᠃ ᠤᠰᠤᠨ ᠠᠰᠢᠭᠯᠠᠯᠲᠠ ᠶᠢᠨ | ᠦᠢᠯᠡᠰ ᠤᠨ ᠬᠥᠭᠵᠢᠯᠲᠡ ᠶᠢᠨ ᠲᠥᠪ ᠤᠨ ᠬᠡᠰᠡᠭ ᠨᠠᠮ ᠤᠨ ᠬᠤᠷᠢᠶᠠᠨ ᠤ ᠭᠡᠰᠢᠭᠦᠨ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ︽ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠪᠠᠷ ᠭᠤᠣᠯ ᠰᠡᠳᠦᠪ ᠪᠣᠯᠭᠠᠵᠤ᠂ ᠭᠤᠣᠯ | ᠰᠡᠳᠦᠪᠲᠦ ᠬᠥᠮᠦᠵᠢᠯ ᠪᠣᠯᠤᠨ ᠤᠰᠤᠨ ᠠᠰᠢᠭᠯᠠᠯᠲᠠ ᠶᠢᠨ ᠠᠵᠢᠯ ᠤᠨ ᠪᠣᠳᠠᠲᠠᠢ ᠲᠠᠢ ᠨᠢᠭᠲᠠ ᠤᠶᠠᠯᠳᠤᠭᠤᠯᠤᠨ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠬᠤᠷᠠᠯ ᠳᠤ ᠣᠷᠣᠯᠴᠠᠭᠰᠠᠨ ᠪᠤᠰᠤᠳ ᠬᠥᠮᠦᠰ ᠪᠢᠴᠢᠭ ᠤᠨ | ᠬᠡᠯᠪᠡᠷᠢ ᠪᠠᠷ ᠰᠠᠨᠠᠯ ᠢᠶᠠᠨ ᠰᠣᠯᠢᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠂ ᠡᠨᠡ ᠪᠣᠯ | ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠡᠭᠡ | ᠶᠠᠪᠤᠳᠠᠯ ᠮᠥᠨ᠂ ᠪᠢᠳᠡᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ | ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠭᠯᠡᠯ ᠪᠠ ᠠᠷᠭ᠎ᠠ ᠵᠠᠮ ᠢ ᠤᠯᠠᠮ ᠨᠢᠭᠡ ᠠᠯᠬᠤᠮ ᠲᠣᠳᠣᠷᠬᠠᠶ | ᠵᠢᠭᠠᠵᠤ ᠥᠭᠴᠡᠶ᠃ ᠬᠥᠭᠵᠢᠭᠦᠯᠦᠯᠲᠡ ᠶᠢᠨ ᠲᠥᠪ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠶᠡᠷᠦᠩᠬᠡᠢ | ᠱᠦᠵᠢ ᠰᠢ ᠶᠢᠨ ᠫᠢᠩ ᠤᠨ ᠡᠨᠡ ᠤᠳᠠᠭ᠎ᠠ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠴᠢᠬᠤᠯᠠ ᠶᠡᠭᠡ | ᠠᠴᠢ ᠬᠤᠯᠪᠣᠭᠳᠠᠯ ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠠᠵᠢᠯ ᠬᠢᠵᠦ ᠦᠢᠯᠡᠰ ᠪᠤᠰᠬᠠᠬᠤ ᠠᠮᠢᠳᠤᠯᠢᠭ ᠦᠢᠯᠡᠳᠦᠯᠭᠡ ᠪᠣᠯᠭᠠᠨ | ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠬᠤᠶᠠᠷ ᠶᠡᠭᠡ ᠶᠠᠪᠤᠳᠠᠯ ᠢ ᠪᠡᠶᠡᠯᠡᠭᠦᠯᠬᠦ᠂ ᠳᠤᠮᠳᠠᠳᠤ ᠤᠯᠤᠰ ᠤᠨ | ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤᠨ ᠳᠤ ᠤᠰᠤᠨ | ᠠᠰᠢᠭᠯᠠᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ | ᠰᠤᠳᠤᠯᠤᠨ ᠶᠠᠷᠢᠯᠴᠠᠵᠤ ᠳᠠᠭᠤᠰᠤᠭᠰᠠᠨ ᠤ ᠳᠠᠷᠠᠭ᠎ᠠ᠂ ᠬᠤᠷᠠᠯ ᠠᠴᠠ ᠭᠤᠤᠯ ᠰᠡᠳᠦᠪᠲᠦ ᠬᠥᠮᠦᠵᠢᠯ ᠤᠨ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠂ | ᠨᠢᠭᠡ ᠳᠤ᠂ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠥᠷᠨᠢᠭᠦᠯᠬᠦ᠂ ᠭᠤᠷᠪᠠᠳᠤᠭᠠᠷ ᠬᠤᠭᠤᠴᠠᠭᠠᠨ ᠤ ᠲᠤᠰᠬᠠᠶ | ᠰᠡᠳᠦᠪᠲᠦ ᠨᠣᠮ ᠤᠩᠰᠢᠬᠤ ᠠᠩᠭᠢ ᠡᠷᠭᠢᠯᠡᠬᠦ ᠪᠠ ᠨᠠᠮ ᠤᠨ ᠬᠢᠴᠢᠶᠡᠯ ᠣᠷᠣᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ ᠣᠨᠣᠯ ᠤᠨ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠪᠡ︔ ᠬᠤᠶᠠᠷ ᠲᠤ᠂ ᠪᠠᠶᠢᠴᠠᠭᠠᠨ | ᠰᠤᠳᠤᠯᠤᠯᠲᠠ ᠬᠢᠬᠦ ᠶᠢ ᠶᠡᠬᠡᠪᠡᠷ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢᠨ ᠠᠵᠢᠯ ᠢᠶᠠᠨ ᠲᠦᠷᠭᠡᠬᠡᠨ | ᠪᠡᠶᠡᠯᠡᠭᠦᠯᠵᠦ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠢᠴᠢᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ | ᠪᠦᠲᠦᠭᠡᠯ ᠢᠶᠠᠨ ᠰᠣᠯᠢᠯᠴᠠᠬᠤ ᠬᠤᠷᠠᠯ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠬᠦ | ᠬᠡᠷᠡᠭᠲᠡᠶ︔ ᠭᠤᠷᠪᠠ ᠳᠤ᠂ ᠭᠤᠤᠯ ᠠᠵᠢᠯ ᠤᠨ ᠲᠣᠭᠤᠷᠢᠨ ᠳᠤ ᠭᠤᠤᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ︔ | ᠳᠥᠷᠪᠡ ᠳᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠶ ᠪᠠᠶᠢᠴᠠᠭᠠᠨ ᠦᠵᠡᠵᠦ᠂ ᠪᠠᠶᠢᠴᠠᠭᠠᠨ | ᠰᠤᠳᠤᠯᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠬᠤ ᠰᠠᠨᠠᠯ | ᠳᠤᠷᠠᠳᠬᠤ ᠶᠢᠨ ᠬᠠᠮᠲᠤ ᠴᠢᠷᠮᠠᠶᠢᠨ ᠰᠢᠢᠳᠪᠦᠷᠢᠯᠡᠵᠦ ᠳᠠᠭᠤᠰᠬᠠᠬᠤ ᠶᠢᠨ ᠬᠠᠮᠲᠤ ︽ᠡᠷᠬᠢᠨ ᠬᠠᠷᠠᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ | ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠤᠳᠤᠷᠢᠳᠬᠤ ᠪᠠᠭ ᠤᠨ | ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | ︵ᠡᠬᠡ ᠪᠢᠴᠢᠭ ᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶ᠋ᠯᠡᠰ ᠤᠨ ᠬᠥᠭᠵᠢᠯᠲᠡ ᠶᠢᠨ | ᠲᠥᠪ ᠤᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠬᠠᠩᠭᠠᠪᠠ︶ | |