ᠵᠠᠩ ᠭᠦᠸᠧ ᠴᠢᠩ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠶᠡᠷᠦᠩᠬᠡᠢ ᠭᠠᠵᠠᠷ ᠲᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠲᠤᠬᠢᠷᠠᠭᠤᠯᠬᠤ ᠳᠠᠭᠠᠨ ᠴᠢᠬᠤᠯᠠᠴᠢᠯᠠᠭᠰᠠᠨ ᠨᠢ᠄ ᠰᠡᠷᠭᠡᠶᠢᠯᠡᠬᠦ ᠭᠤᠣᠯᠳᠠᠯᠭ᠎ᠠ ᠶᠢ ᠲᠤᠪᠤᠶᠢᠯᠭᠠᠨ ᠬᠠᠷᠢᠭᠤᠴᠠᠯᠭ᠎ᠠ ᠶᠢ ᠴᠢᠩᠳᠠᠯᠠᠵᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2023/7/6
  ᠵᠠᠩ ᠭᠦᠸᠧ ᠴᠢᠩ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠶᠡᠷᠦᠩᠬᠡᠢ ᠭᠠᠵᠠᠷ ᠲᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠲᠤᠬᠢᠷᠠᠭᠤᠯᠬᠤ ᠳᠠᠭᠠᠨ ᠴᠢᠬᠤᠯᠠᠴᠢᠯᠠᠭᠰᠠᠨ ᠨᠢ᠄ ᠰᠡᠷᠭᠡᠶᠢᠯᠡᠬᠦ ᠭᠤᠣᠯᠳᠠᠯᠭ᠎ᠠ ᠶᠢ ᠲᠤᠪᠤᠶᠢᠯᠭᠠᠨ ᠬᠠᠷᠢᠭᠤᠴᠠᠯᠭ᠎ᠠ ᠶᠢ ᠴᠢᠩᠳᠠᠯᠠᠵᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ  ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ ᠭᠦᠸᠧ ᠴᠢᠩ 6 ᠤ ᠡᠳᠦᠷ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠶᠡᠷᠦᠩᠬᠡᠢ ᠭᠠᠵᠠᠷ ᠲᠤ ᠬᠦᠷᠴᠦ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠲᠤᠬᠢᠷᠠᠭᠤᠯᠪᠠ᠃ ᠲᠡᠷᠡ ᠴᠢᠬᠤᠯᠠᠴᠢᠯᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠤᠨ ᠬᠤᠭᠤᠴᠠᠭᠠᠨ ᠳᠤ ᠬᠢᠨᠠᠨ ᠬᠡᠮᠵᠢᠵᠦ ᠲᠣᠭᠤᠷᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠪᠣᠳᠠᠲᠠᠶ ᠠᠳᠬᠤᠨ ᠨᠠᠷᠢᠯᠢᠭ ᠠᠳᠬᠤᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ       ᠭᠡᠵᠡᠢ᠃  ᠵᠠᠩ ᠭᠦᠸᠧ ᠴᠢᠩ ᠵᠢᠭᠠᠵᠦ ᠭᠠᠷᠭᠠᠭᠰᠠᠨ ᠨᠢ᠂ ᠣᠳᠣᠬᠠᠨ ᠳᠤ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠣᠶᠢᠷᠠᠳᠴᠤ᠂ ᠣᠨᠴᠠᠭᠠᠶ ᠴᠠᠭ ᠠᠭᠤᠷ ᠣᠯᠠᠨ ᠡᠭᠦᠰᠴᠦ ᠪᠠᠶᠢᠨ᠎ᠠ᠂ ᠶᠠᠭᠠᠬᠢᠭᠰᠠᠨ ᠴᠤ ᠬᠥᠩᠭᠡᠨ ᠬᠠᠭᠤᠮᠠᠭᠠᠶ ᠬᠠᠨᠳᠤᠵᠤ ᠪᠣᠯᠬᠤ ᠥᠬᠡᠶ᠃ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠠᠷ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠪᠦᠬᠦ ᠰᠠᠪᠠ ᠭᠠᠵᠠᠷ ᠰᠠᠯᠠᠭ᠎ᠠ ᠮᠥᠴᠢᠷ ᠠᠯᠤᠰᠯᠠᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠨᠢᠭᠲᠠᠷᠠᠭᠤᠯᠵᠤ᠂ ᠴᠠᠭ ᠲᠤᠬᠠᠢ ᠳᠤᠨᠢ ᠬᠥᠮᠦᠰ ᠢ ᠵᠣᠬᠢᠶᠠᠨ ᠪᠠᠶᠢᠭᠤᠯᠤᠨ ᠨᠡᠭᠦᠯᠭᠡᠨ ᠠᠶᠤᠯ ᠠᠴᠠ ᠵᠠᠶᠢᠯᠠᠭᠤᠯᠵᠤ᠂ ᠴᠦᠩᠴᠢᠩ ᠵᠡᠷᠭᠡ ᠭᠠᠵᠠᠷ ᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠲᠣᠬᠢᠲᠠᠢ ᠰᠠᠶᠢᠲᠤᠷ ᠬᠢᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠦᠬᠦ ᠬᠦᠴᠦ ᠪᠠᠷ ᠢᠶᠠᠨ ᠪᠠᠲᠤᠯᠠᠬᠤ ᠬᠡᠷᠡᠭᠲᠡᠢ᠃ ᠬᠥᠬᠡᠮᠥ᠋ᠷᠡᠨ᠂ ᠬᠤᠸᠠᠶᠢᠾᠧ ᠭᠤᠣᠯ᠂ ᠲᠠᠢ ᠬᠤ᠋ ᠨᠠᠭᠤᠷ ᠵᠢᠴᠢ ᠰᠤᠩᠭᠠᠷᠢ ᠮᠥᠷᠡᠨ ᠯᠢᠶᠣᠤᠾᠧ ᠭᠤᠣᠯ ᠵᠡᠷᠭᠡ ᠰᠠᠪᠠ ᠭᠠᠵᠠᠷ ᠤᠨ ᠦᠶᠡᠷ ᠤᠨ ᠰᠡᠷᠭᠡᠶᠢᠯᠡᠯᠲᠡ ᠶᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠪᠡᠯᠡᠳᠬᠡᠯ ᠲᠥᠰᠦᠯ᠂ ᠡᠩᠨᠡᠭᠡ᠂ ᠡᠳ᠋ ᠪᠣᠳᠠᠰ ᠪᠣᠯᠤᠨ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠬᠡᠷᠡᠭᠯᠡᠯᠲᠡ ᠶᠢᠨ ᠪᠡᠯᠡᠳᠬᠡᠯ ᠢ ᠰᠠᠶᠢᠲᠤᠷ ᠬᠢᠵᠦ᠂ ᠶᠡᠭᠡ ᠭᠤᠣᠯ ᠮᠥᠷᠡᠨ ᠤ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ᠃ ᠳᠤᠮᠳᠠ ᠪᠠᠭ᠎ᠠ ᠭᠤᠣᠯ ᠮᠥᠷᠡᠨ ᠤ ᠦᠶᠡᠷ ᠤᠨ ᠪᠠᠶᠢᠳᠠᠯ ᠢ ᠠᠷᠭᠠᠴᠠᠭᠠᠬᠤ ᠶᠢ ᠴᠢᠩᠭᠠᠳᠬᠠᠵᠤ᠂ ᠭᠤᠣᠯ ᠤᠨ ᠵᠠᠮ ᠤᠨ ᠦᠶᠡᠷ ᠢ ᠬᠤᠷᠢᠭᠯᠠᠬᠤ ᠲᠥᠬᠦᠭᠡᠷᠦᠮᠵᠢ ᠶᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠠᠭᠤᠷᠠᠢ ᠬᠠᠰᠢᠯᠭ᠎ᠠ ᠶᠢ ᠱᠠᠯᠠᠪᠳᠠᠨ ᠵᠠᠰᠠᠵᠤ᠂ ᠰᠡᠲᠡᠷᠬᠡᠢ ᠶᠢᠨ ᠠᠮᠠᠰᠠᠷ ᠪᠢᠯᠬᠠᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠳᠤᠮᠳᠠ ᠪᠠᠭ᠎ᠠ ᠤᠰᠤᠨ ᠴᠥᠭᠦᠷᠥᠮ᠂ ᠤᠰᠤᠨ ᠴᠠᠬᠢᠯᠭᠠᠨ ᠦᠷᠳᠡᠭᠡ᠂ ᠦᠯᠡᠳᠡᠭᠳᠡᠯ ᠠᠭᠤᠷᠬᠠᠢ ᠶᠢᠨ ᠴᠥᠭᠦᠷᠥᠮ ᠵᠡᠷᠭᠡ ᠶᠢᠨ ᠠᠶᠤᠯ ᠲᠦᠭᠰᠢᠭᠦᠷᠢ ᠶᠢ ᠠᠷᠢᠯᠭᠠᠨ ᠪᠠᠬᠢᠯᠡᠬᠦ ᠶᠢ ᠴᠢᠩᠭᠠᠳᠬᠠᠵᠤ᠂ ᠦᠶᠡᠷ ᠤᠨ ᠬᠤᠭᠤᠴᠠᠭ᠎ᠠ ᠬᠢᠵᠠᠭᠠᠷ ᠠᠴᠠ ᠬᠡᠲᠦᠷᠡᠭᠰᠡᠨ ᠤᠰᠤᠨ ᠲᠦᠪᠰᠢᠨ ᠤ ᠠᠵᠢᠯᠯᠠᠭᠠᠨ ᠢ ᠴᠢᠩᠭ᠎ᠠ ᠴᠠᠭᠠᠵᠠᠯᠠᠵᠤ᠂ ᠬᠠᠰᠢᠯᠭ᠎ᠠ ᠨᠤᠷᠠᠵᠤ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠪᠠᠨ ᠴᠢᠩᠭᠠᠳᠬᠠᠵᠤ᠂ ᠬᠥᠮᠦᠨ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠶᠢ ᠤᠶᠠᠯᠳᠤᠭᠤᠯᠤᠨ ᠳᠠᠯᠳᠠ ᠭᠡᠮ ᠤᠨ ᠴᠡᠭ ᠢ ᠬᠢᠨᠠᠨ ᠡᠵᠡᠮᠳᠡᠬᠦ ᠪᠠᠨ ᠴᠢᠩᠭᠠᠳᠬᠠᠵᠤ᠂ ᠣᠯᠠᠨ ᠬᠥᠮᠦᠨ ᠦᠬᠦᠵᠦ ᠣᠯᠠᠨ ᠬᠥᠮᠦᠨ ᠰᠢᠷᠬᠠᠲᠤᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠤᠳᠠ ᠶᠢᠨ ᠤᠰᠤᠲᠤᠯ ᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ ᠲᠥᠬᠦᠭᠡᠷᠦᠮᠵᠢ ᠶᠢ ᠴᠠᠭᠳᠠᠨ ᠬᠠᠮᠠᠭᠠᠯᠠᠵᠤ ᠴᠡᠪᠡᠷᠯᠡᠬᠦ ᠠᠵᠢᠯ ᠢ ᠰᠠᠶᠢᠲᠤᠷ ᠬᠢᠵᠦ᠂ ᠬᠤᠲᠣᠭᠤᠷ ᠭᠠᠵᠠᠷ ᠠᠮᠠᠷᠬᠠᠨ ᠤᠰᠤᠲᠤᠯ ᠤᠨ ᠴᠡᠭ᠂ ᠭᠠᠵᠠᠷ ᠳᠣᠣᠷᠠᠬᠢ ᠣᠷᠣᠨ ᠵᠠᠢ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠳᠠ ᠶᠢᠨ ᠠᠵᠢᠯᠯᠠᠭᠠᠨ ᠢ ᠪᠠᠲᠤᠯᠠᠬᠤ ᠬᠡᠷᠡᠭᠲᠡᠢ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠠᠩ ᠬᠠᠭᠰᠠᠷᠠᠭᠠᠨ ᠤᠰᠤᠲᠤᠯ ᠲᠠᠢ ᠵᠡᠷᠭᠡ ᠪᠠᠷ ᠡᠭᠦᠰᠬᠦ ᠪᠠᠴᠢᠮ ᠬᠤᠪᠢᠷᠠᠯᠲᠠ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号