ᠠᠵᠤ ᠠᠬᠤᠶ ᠶᠢᠨ ᠡᠳᠦᠷ ᠤᠨ ᠰᠣᠨᠢᠨ᠄ ᠬᠤᠶᠠᠷ ᠰᠠᠯᠠᠭ᠎ᠠ ᠮᠥᠴᠢᠷ ᠤᠷᠢᠳᠴᠢᠯᠠᠨ 3.2 ᠳ᠋ᠦᠩᠰᠢᠭᠤᠷ ᠲᠥᠭᠦᠷᠢᠭ ᠪᠠᠭᠤᠯᠭᠠᠵᠤ ᠣᠷᠣᠨ ᠨᠤᠲᠤᠭ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠳᠡᠮᠵᠢᠪᠡ ᠤᠰᠤᠨ ᠠᠰᠢᠭᠯᠠᠯᠲᠠ ᠶᠢᠨ ᠶᠠᠮᠤᠨ ᠭᠤᠤᠯ ᠦᠶᠡᠷ ᠤᠨ ᠬᠤᠭᠤᠴᠠᠭᠠᠨ ᠤ ᠠᠵᠢᠯ ᠤᠨ ᠲᠣᠭᠲᠠᠴᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2023/7/7
ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 5 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠢᠶ ᠯᠸᠢ ᠯᠸᠢ᠂ ᠽᠧᠩ ᠶᠢᠨ ᠬᠤᠸᠠ︶  ᠤᠰᠤᠨ ᠠᠰᠢᠭᠯᠠᠯᠲᠠ ᠶᠢᠨ ᠶᠠᠮᠤᠨ 5 ᠤ ᠡᠳᠦᠷ ᠭᠤᠤᠯ ᠦᠶᠡᠷ ᠤᠨ ᠬᠤᠭᠤᠴᠠᠭᠠᠨ ᠤ ᠠᠵᠢᠯ ᠤᠨ ᠲᠣᠭᠲᠠᠴᠠ ᠶᠢ ᠡᠬᠢᠯᠡᠭᠦᠯᠵᠦ᠂ ᠰᠡᠷᠭᠡᠶᠢᠯᠡᠯᠲᠡ ᠶᠢᠨ ᠠᠵᠢᠯ ᠳᠤ ᠪᠠᠶᠢᠷᠢᠯᠠᠭᠤᠯᠤᠯᠲᠠ ᠬᠢᠪᠠ᠂ ᠪᠣᠳᠠᠲᠠᠶ ᠬᠠᠷᠠᠯᠲᠠ ᠭᠡᠪᠡᠯ᠂ ᠬᠥᠮᠦᠨ ᠬᠠᠷ᠎ᠠ ᠥᠭᠦᠵᠦ ᠰᠢᠷᠬᠠᠲᠤᠬᠤ ᠥᠬᠡᠶ᠂ ᠤᠰᠤᠨ ᠴᠥᠭᠦᠷᠥᠮ ᠬᠠᠰᠢᠯᠭ᠎ᠠ ᠨᠤᠷᠠᠬᠤ ᠥᠬᠡᠶ᠂ ᠴᠢᠬᠤᠯᠠ ᠬᠠᠰᠢᠯᠭ᠎ᠠ ᠰᠡᠳᠡᠷᠡᠬᠦ ᠥᠬᠡᠶ᠂ ᠴᠢᠬᠤᠯᠠ ᠰᠠᠭᠤᠷᠢ ᠲᠥᠬᠦᠭᠡᠷᠦᠮᠵᠢ ᠲᠠᠭᠠᠷᠢᠯᠲᠠ ᠳᠤ ᠤᠴᠠᠷᠠᠬᠤ ᠥᠬᠡᠶ ᠪᠠᠶᠢᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠲᠥᠷᠥᠯ ᠤᠨ ᠬᠤᠬᠢᠷᠠᠯ ᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠨ᠎ᠠ᠃ ᠲᠣᠰ ᠡᠳᠦᠷ᠂ ᠡᠳ᠋ ᠤᠨ ᠵᠠᠰᠠᠭ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ 3.2 ᠳ᠋ᠦᠩᠰᠢᠭᠤᠷ ᠲᠥᠭᠦᠷᠢᠭ ᠤᠨ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠬᠠᠤ ᠪᠠᠯᠠ ᠮᠥᠩᠭᠦ ᠶᠢ ᠪᠠᠴᠢᠮ ᠤᠷᠢᠳᠴᠢᠯᠠᠨ ᠪᠠᠭᠤᠯᠭᠠᠵᠤ᠂ ᠴᠦᠩᠴᠢᠩ᠂ ᠰᠧᠴᠤᠸᠠᠨ ᠵᠡᠷᠭᠡ 16 ᠮᠤᠵᠢ ᠣᠷᠣᠨ ᠤ ᠦᠶᠡᠷ ᠤᠰᠤᠲᠤᠯ᠂ ᠭᠠᠵᠠᠷ ᠤᠨ ᠭᠠᠮᠰᠢᠭ ᠠᠴᠠ ᠠᠪᠤᠷᠬᠠᠤ ᠠᠵᠢᠯ ᠢ ᠰᠠᠶᠢᠲᠤᠷ ᠬᠢᠬᠦ ᠶᠢ ᠳᠡᠮᠵᠢᠪᠡ᠂ ᠡᠭᠦᠨ ᠳᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠪᠠᠯᠠ ᠮᠥᠩᠭᠦ 2.5 ᠳ᠋ᠦᠩᠰᠢᠭᠤᠷ ᠲᠥᠭᠦᠷᠢᠭ᠂ ᠭᠠᠵᠠᠷ ᠤᠨ ᠭᠠᠮᠰᠢᠭ ᠠᠴᠠ ᠠᠪᠤᠷᠬᠠᠤ ᠪᠠᠯᠠ ᠮᠥᠩᠭᠦ 0.7 ᠳ᠋ᠦᠩᠰᠢᠭᠤᠷ ᠲᠥᠭᠦᠷᠢᠭ ᠪᠠᠶᠢᠵᠤ᠂ ᠣᠷᠣᠨ ᠨᠤᠲᠤᠭ ᠠᠴᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠬᠠᠤ ᠪᠠ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠳᠤ ᠨᠢᠭᠡᠳᠦᠯᠲᠡᠶ ᠲᠥᠯᠥᠪᠯᠡᠨ ᠬᠡᠷᠡᠭᠯᠡᠵᠦ᠂ ᠭᠠᠮᠰᠢᠭᠳᠠᠭᠰᠠᠨ ᠬᠥᠮᠦᠰ ᠢ ᠡᠷᠢᠵᠦ ᠠᠪᠤᠷᠬᠠᠤ ᠰᠢᠯᠵᠢᠭᠦᠯᠬᠦ ᠲᠥᠪᠬᠢᠨᠡᠭᠦᠯᠬᠦ᠂ ᠠᠶᠤᠯ ᠲᠦᠭᠰᠢᠭᠦᠷᠢ ᠶᠢ ᠠᠷᠢᠯᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠡᠭᠦᠰᠦᠮᠡᠯ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠴᠡᠭᠴᠡᠯᠡᠨ ᠵᠠᠰᠠᠬᠤ᠂ ᠨᠤᠷᠠᠵᠤ ᠰᠦᠢᠳᠦᠭᠰᠡᠨ ᠠᠷᠠᠳ ᠤᠨ ᠬᠡᠷ ᠪᠠᠶᠢᠰᠢᠩ ᠢ ᠵᠠᠰᠠᠨ ᠰᠡᠷᠭᠦᠭᠡᠬᠦ ᠵᠡᠷᠭᠡ ᠠᠵᠢᠯ ᠢ ᠦᠷᠨᠢᠭᠦᠯᠪᠡ᠃  ᠣᠶᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠪᠠᠷᠠᠭᠤᠨ ᠡᠮᠦᠨᠡᠲᠦ ᠶᠢᠨ ᠵᠡᠭᠦᠨ ᠬᠡᠰᠡᠭ᠂ ᠪᠠᠷᠠᠭᠤᠨ ᠬᠤᠶᠢᠲᠤ ᠶᠢᠨ ᠵᠡᠭᠦᠨ ᠡᠮᠦᠨᠡᠲᠦ ᠬᠡᠰᠡᠭ᠂ ᠬᠥᠬᠡᠮᠥ᠋ᠷᠡᠨ ᠬᠤᠸᠠᠶᠢᠾᠧ ᠭᠤᠤᠯ ᠤᠨ ᠵᠡᠭᠦᠨ ᠬᠡᠰᠡᠭ᠂ ᠬᠠᠲᠤᠨ ᠭᠤᠤᠯ ᠬᠤᠸᠠᠶᠢᠾᠧ ᠭᠤᠤᠯ᠂ ᠤᠮᠠᠷᠠᠲᠤ ᠣᠷᠣᠨ ᠤ ᠳᠤᠮᠳᠠ ᠬᠡᠰᠡᠭ ᠤᠨ ᠡᠮᠦᠨᠡᠲᠦ ᠬᠡᠰᠡᠭ ᠵᠡᠷᠭᠡ ᠭᠠᠵᠠᠷ ᠲᠤ ᠨᠢᠭᠡ ᠤᠳᠠᠭᠠᠨ ᠤ ᠨᠡᠯᠢᠶᠡᠳ ᠰᠢᠷᠦᠭᠦᠨ ᠪᠣᠷᠣᠭᠠᠨ ᠣᠷᠣᠵᠤ᠂ 100 ᠮᠢᠯᠢᠮᠧᠲᠷ᠂ 50 ᠮᠢᠯᠢᠮᠧᠲᠷ ᠠᠴᠠ ᠳᠡᠭᠡᠭᠰᠢᠬᠢ ᠰᠢᠷᠦᠭᠦᠨ ᠪᠣᠷᠣᠭᠠᠨ ᠤ ᠬᠠᠮᠤᠷᠬᠤ ᠲᠠᠯᠠᠪᠠᠶ ᠨᠢ ᠲᠣᠰ ᠲᠣᠰ 6.9 ᠲᠦᠮᠡᠨ ᠲᠡᠭᠰᠢ ᠳᠥᠷᠪᠡᠯᠵᠢᠨ ᠺᠢᠯᠣᠮᠧᠲᠷ᠂ 31.3 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ︔ ᠬᠠᠮᠤᠭ ᠶᠡᠭᠡ ᠪᠣᠷᠣᠭᠠᠨ ᠤ ᠬᠡᠮᠵᠢᠶ᠎ᠡ ᠨᠢ ᠱᠠᠨᠰᠢ ᠶᠢᠨ ᠬᠠᠨ ᠵᠥᠩ ᠤᠨ ᠢᠦᠶ ᠳ᠋ᠦ᠋ ᠪᠠ 439 ᠮᠢᠯᠢᠮᠧᠲᠷ᠂ ᠰᠧᠴᠤᠸᠠᠨ ᠤ ᠳ᠋ᠠᠵᠸᠤ ᠶᠢᠨ ᠭᠤᠸᠠᠨ ᠪᠠ 387 ᠮᠢᠯᠢᠮᠧᠲᠷ᠂ ᠬᠤᠪᠸᠢ ᠶᠢᠨ ᠰᠢᠶᠠᠩᠶᠠᠩ ᠤᠨ ᠡᠦ ᠳ᠋ᠢᠶᠠᠨ 306 ᠮᠢᠯᠢᠮᠧᠲᠷ ᠪᠣᠯᠤᠨ᠎ᠠ᠃ ᠪᠣᠷᠣᠭᠠᠨ ᠤ ᠨᠥᠯᠥᠭᠡ ᠪᠠᠷ᠂ ᠬᠤᠸᠠᠶᠢᠾᠧ ᠭᠤᠤᠯ ᠤᠨ ᠳᠡᠭᠡᠳᠦ ᠤᠷᠤᠰᠬᠠᠯ ᠤᠨ ᠭᠤᠤᠯ ᠤᠷᠤᠰᠬᠠᠯ ᠵᠢᠴᠢ ᠰᠠᠯᠪᠤᠷᠢ ᠤᠷᠤᠰᠬᠠᠯ ᠤᠨ ᠬᠤᠩ ᠷᠦ᠋ ᠭᠤᠤᠯ ᠢᠯᠡᠳᠲᠡ ᠦᠶᠡᠷᠯᠡᠭᠰᠡᠨ ᠶᠠᠪᠤᠴᠠ ᠳᠤ᠂ ᠴᠦᠩᠴᠢᠩ᠂ ᠰᠧᠴᠤᠸᠠᠨ᠂ ᠭᠦᠢᠵᠸᠤ᠂ ᠱᠠᠨᠰᠢ 4 ᠮᠤᠵᠢ ᠣᠷᠣᠨ ᠤ 35 ᠵᠤᠷᠪᠤᠰ ᠳᠤᠮᠳᠠ ᠪᠠᠭ᠎ᠠ ᠭᠤᠤᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠡᠭᠡᠭᠰᠢᠬᠢ ᠦᠶᠡᠷ ᠭᠠᠷᠴᠤ᠂ ᠬᠠᠮᠤᠭ ᠤᠨ ᠶᠡᠭᠡ ᠦᠶᠡᠷᠯᠡᠭᠰᠡᠨ ᠬᠡᠮᠵᠢᠶ᠎ᠡ ᠨᠢ 0.01 ᠮᠧᠲᠷ ᠠᠴᠠ 3.49 ᠮᠧᠲᠷ ᠲᠤ ᠬᠦᠷᠴᠡᠶ᠃ ᠡᠭᠦᠨ ᠳᠤ ᠴᠦᠩᠴᠢᠩ ᠤᠨ ᠬᠥᠬᠡ ᠮᠥᠷᠡᠨ ᠤ ᠰᠠᠯᠪᠤᠷᠢ ᠤᠷᠤᠰᠬᠠᠯ ᠵᠦ ᠢ ᠾᠧ ᠭᠤᠣᠯ᠂ ᠡᠦ ᠴᠢᠶᠣᠤ ᠾᠧ ᠭᠤᠣᠯ᠂ ᠵᠢᠶᠠᠨ ᠨᠠᠨ ᠾᠧ ᠭᠤᠣᠯ᠂ ᠯᠢᠦᠶ ᠽᠢ ᠰᠢ ᠭᠤᠣᠯ᠂ ᠰᠦᠨ ᠰᠢ ᠾᠧ ᠭᠤᠣᠯ᠂ ᠰᠧᠴᠤᠸᠠᠨ ᠤ ᠴᠢᠦᠶ ᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠬᠤ ᠰᠢᠶᠤᠤ ᠺᠧᠦ ᠾᠧ ᠭᠤᠣᠯ ᠵᠢᠴᠢ ᠵᠢᠶᠠ ᠯᠢᠩ ᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠬᠤ ᠯᠦᠸᠧ ᠰᠢ ᠾᠧ ᠭᠤᠣᠯ᠂ ᠭᠦᠢᠵᠧᠦ ᠶᠢᠨ ᠦᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠬᠤ ᠴᠢᠩ ᠴᠠᠩ ᠾᠧ ᠭᠤᠣᠯ ᠵᠢᠴᠢ ᠱᠠ ᠸᠧ ᠾᠧ ᠭᠤᠣᠯ ᠵᠡᠷᠭᠡ 9 ᠵᠤᠷᠪᠤᠰ ᠳᠤᠮᠳᠠ ᠪᠠᠭ᠎ᠠ ᠭᠤᠣᠯ ᠮᠥᠷᠡᠨ ᠳᠤ ᠬᠠᠮᠠᠭᠠᠯᠠᠯᠲᠠ ᠶᠢᠨ ᠤᠰᠤᠨ ᠤᠷᠤᠰᠬᠠᠯ ᠭᠠᠷᠴᠤ᠂ ᠬᠠᠮᠠᠭᠠᠯᠠᠯᠲᠠ ᠶᠢᠨ ᠬᠠᠮᠤᠭ ᠶᠡᠭᠡ ᠬᠡᠮᠵᠢᠶ᠎ᠡ ᠨᠢ 0.08 ᠮᠧᠲᠷ ᠠᠴᠠ 1.99 ᠮᠧᠲᠷ ᠬᠦᠷᠴᠡᠶ᠃  7 ᠳ᠋ᠤᠭᠠᠷ ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠵᠡᠭᠦᠨ ᠬᠤᠶᠢᠲᠤ ᠣᠷᠣᠨ ᠤ ᠶᠡᠬᠡᠩᠬᠢ ᠭᠠᠵᠠᠷ ᠲᠤ ᠨᠢᠭᠡ ᠤᠳᠠᠭᠠᠨ ᠤ ᠰᠢᠷᠦᠭᠦᠨ ᠪᠣᠷᠣᠭᠠᠨ ᠣᠷᠣᠵᠤ᠂ ᠶᠡᠭᠡ ᠪᠣᠷᠣᠭᠠᠨ ᠠᠴᠠ ᠰᠢᠷᠦᠭᠦᠨ ᠪᠣᠷᠣᠭᠠᠨ ᠣᠷᠣᠬᠤ ᠪᠠᠷ ᠭᠤᠤᠯᠯᠠᠵᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠵᠤ᠂ ᠪᠥᠬᠦ ᠨᠢᠭᠤᠷ ᠤᠨ ᠪᠣᠷᠣᠭᠠᠨ ᠤ ᠬᠡᠮᠵᠢᠶ᠎ᠡ 30 ᠮᠢᠯᠢᠮᠧᠲᠷ ᠠᠴᠠ 60 ᠮᠢᠯᠢᠮᠧᠲᠷ ᠪᠣᠯᠤᠨ᠎ᠠ᠂ ᠡᠭᠦᠨ ᠳᠤ ᠯᠢᠶᠣᠤᠨᠢᠩ ᠤᠨ ᠵᠡᠭᠦᠨ ᠬᠡᠰᠡᠭ ᠤᠨ ᠬᠤᠶᠢᠲᠤ ᠬᠡᠰᠡᠭ᠂ ᠭᠢᠷᠢᠨ ᠤ ᠵᠡᠭᠦᠨ ᠬᠡᠰᠡᠭ ᠪᠠ ᠪᠠᠷᠠᠭᠤᠨ ᠬᠤᠶᠢᠲᠤ ᠬᠡᠰᠡᠭ᠂ ᠬᠠᠷᠠᠮᠥ᠋ᠷᠡᠨ ᠤ ᠵᠡᠭᠦᠨ ᠬᠡᠰᠡᠭ ᠪᠠ ᠪᠠᠷᠠᠭᠤᠨ ᠡᠮᠦᠨᠡᠲᠦ ᠬᠡᠰᠡᠭ᠂ ᠥᠪᠥᠷ ᠮᠣᠩᠭᠤᠯ ᠤᠨ ᠵᠡᠭᠦᠨ ᠬᠤᠶᠢᠲᠤ ᠬᠡᠰᠡᠭ ᠵᠡᠷᠭᠡ ᠭᠠᠵᠠᠷ ᠣᠷᠣᠨ ᠤ ᠬᠡᠰᠡᠭ ᠭᠠᠵᠠᠷ ᠣᠷᠣᠨ ᠳᠤ 70 ᠮᠢᠯᠢᠮᠧᠲᠷ ᠠᠴᠠ 110 ᠮᠢᠯᠢᠮᠧᠲᠷ ᠪᠣᠯᠤᠨ᠎ᠠ᠃ ᠯᠢᠶᠣᠤᠨᠢᠩ ᠤᠨ ᠯᠢᠶᠤᠤᠾᠧ ᠭᠤᠤᠯ᠂ ᠾᠦᠨ ᠾᠧ ᠭᠤᠤᠯ᠂ ᠲᠠᠢ ᠽᠢ ᠾᠧ ᠭᠤᠤᠯ᠂ ᠭᠢᠷᠢᠨ ᠤ ᠬᠤᠶᠠᠳᠤᠭᠠᠷ ᠰᠤᠩᠭᠠᠷᠢ ᠮᠥᠷᠡᠨ᠂ ᠬᠠᠷᠠᠮᠥ᠋ᠷᠡᠨ ᠤ ᠨᠤᠨ ᠮᠥᠷᠡᠨ᠂ ᠰᠤᠩᠭᠠᠷᠢ ᠮᠥᠷᠡᠨ᠂ ᠮᠦᠳᠠᠨ ᠵᠢᠶᠠᠩ ᠮᠥᠷᠡᠨ᠂ ᠥᠪᠥᠷ ᠮᠣᠩᠭᠤᠯ ᠤᠨ ᠴᠤᠤᠯ ᠭᠤᠤᠯ᠂ ᠲᠤᠭᠤᠷ ᠤᠨ ᠭᠤᠤᠯ ᠵᠡᠷᠭᠡ ᠭᠤᠤᠯ ᠮᠥᠷᠡᠨ ᠳᠤ ᠤᠰᠤ ᠥᠰᠬᠦ ᠶᠠᠪᠤᠴᠠ ᠢᠯᠡᠷᠡᠪᠡ᠃  ᠣᠶᠢᠷ᠎ᠠ ᠶᠢᠨ ᠬᠤᠭᠤᠴᠠᠭᠠᠨ ᠤ ᠰᠢᠷᠦᠭᠦᠨ ᠪᠣᠷᠣᠭᠠᠨ ᠣᠷᠣᠬᠤ ᠶᠠᠪᠤᠴᠠ ᠳᠤ ᠴᠢᠭᠯᠡᠭᠦᠯᠦᠨ᠂ ᠤᠰᠤᠨ ᠠᠰᠢᠭᠯᠠᠯᠲᠠ ᠶᠢᠨ ᠶᠠᠮᠤᠨ ᠡᠳᠦᠷ ᠪᠦᠷᠢ ᠵᠥᠪᠳᠡᠯᠴᠡᠵᠦ᠂ ᠪᠣᠷᠣᠭᠠᠨ ᠤ ᠤᠰᠤᠨ ᠤ ᠦᠶᠡᠷ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠡᠳᠦᠷ ᠪᠦᠷᠢ ︽ᠨᠢᠭᠡ ᠮᠤᠵᠢ ᠨᠢᠭᠡ ᠬᠠᠭᠤᠳᠠᠰᠤ︾ ᠶᠢᠨ ᠬᠡᠯᠪᠡᠷᠢ ᠪᠠᠷ ᠣᠷᠣᠨ ᠨᠤᠲᠤᠭ ᠲᠤ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠬᠦ ᠶᠢ ᠰᠠᠨᠠᠭᠤᠯᠵᠤ᠂ ᠰᠢᠷᠦᠭᠦᠨ ᠪᠣᠷᠣᠭᠠᠨ ᠤ ᠣᠷᠣᠨ ᠤ ᠳᠣᠲᠣᠷᠠᠬᠢ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠭᠤᠤᠯ ᠤᠰᠤᠨ ᠴᠥᠭᠦᠷᠥᠮ ᠢᠶᠠᠨ ᠰᠢᠨᠵᠢᠯᠡᠬᠦ ᠤᠬᠠᠭᠠᠨᠴᠢ ᠪᠠᠷ ᠨᠠᠷᠢᠨ ᠨᠢᠮᠪᠠᠶ ᠲᠣᠬᠢᠷᠠᠭᠤᠯᠬᠤ ᠶᠢ ᠰᠢᠮᠳᠠᠭᠤᠯᠤᠨ ᠵᠢᠯᠣᠭᠤᠳᠴᠤ᠂ ᠦᠶᠡᠷ ᠤᠨ ᠣᠷᠭᠢᠯ ᠤᠨ ᠬᠤᠭᠤᠴᠠᠭ᠎ᠠ ᠶᠢ ᠵᠥᠷᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠠᠨᠵᠢᠶᠠᠩ ᠮᠥᠷᠡᠨ ᠤ ᠠᠨᠺᠠᠩ ᠤᠰᠤᠨ ᠴᠥᠭᠦᠷᠥᠮ ᠦᠶᠡᠷ ᠤᠨ ᠤᠷᠬᠢᠯ ᠢ 86 % ᠪᠠᠷ ᠪᠠᠭᠠᠰᠬᠠᠵᠤ᠂ ᠦᠶᠡᠷ ᠤᠨ ᠤᠰᠤ ᠶᠢ 3.77 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠠᠰᠢᠵᠤ ᠬᠠᠳᠠᠭᠠᠯᠠᠪᠠ︔ ᠬᠤᠸᠠᠶᠢᠾᠧ ᠭᠤᠣᠯ ᠤᠨ ᠰᠠᠯᠪᠤᠷᠢ ᠤᠷᠤᠰᠬᠠᠯ ᠤᠨ ᠬᠤᠩ ᠷᠦ᠋ ᠾᠧ ᠶᠢᠨ ᠰᠦ ᠶᠠ ᠬᠤ᠋ ᠨᠠᠭᠤᠷ ᠤᠨ ᠤᠰᠤᠨ ᠴᠥᠭᠦᠷᠥᠮ ᠦᠶᠡᠷ ᠤᠨ ᠣᠷᠭᠢᠯ ᠢ 73 % ᠪᠠᠷ ᠪᠠᠭᠠᠰᠬᠠᠵᠤ᠂ ᠦᠶᠡᠷ ᠤᠨ ᠤᠰᠤ ᠶᠢ 7100 ᠲᠦᠮᠡᠨ ᠪᠣᠰᠤᠭ᠎ᠠ ᠳᠥᠷᠪᠡᠯᠵᠢᠨ ᠮᠧᠲᠷ ᠬᠠᠰᠢᠵᠤ ᠬᠠᠳᠠᠭᠠᠯᠠᠪᠠ︔ ᠬᠤᠸᠠᠶᠢᠾᠧ ᠭᠤᠣᠯ ᠤᠨ ᠴᠦ᠋ ᠱᠠᠨ ᠳ᠋ᠢᠶᠠᠨ ᠤᠰᠤᠨ ᠴᠥᠭᠦᠷᠥᠮ 7340 ᠲᠦᠮᠡᠨ ᠪᠣᠰᠤᠭ᠎ᠠ ᠳᠥᠷᠪᠡᠯᠵᠢᠨ ᠮᠧᠲᠷ ᠦᠶᠡᠷ ᠤᠨ ᠤᠰᠤ ᠶᠢ ᠬᠠᠰᠢᠵᠤ ᠬᠠᠳᠠᠭᠠᠯᠠᠪᠠ᠃ ᠤᠰᠤᠨ ᠠᠰᠢᠭᠯᠠᠯᠲᠠ ᠶᠢᠨ ᠶᠠᠮᠤᠨ ᠤ ᠬᠥᠬᠡᠮᠥ᠋ᠷᠡᠨ ᠤ ᠵᠥᠪᠯᠡᠯ ᠵᠢᠴᠢ ᠾᠧᠨᠠᠨ᠂ ᠴᠦᠩᠴᠢᠩ᠂ ᠰᠧᠴᠤᠸᠠᠨ᠂ ᠭᠦᠢᠵᠸᠤ ᠵᠡᠷᠭᠡ ᠮᠤᠵᠢ ᠣᠷᠣᠨ ᠴᠥᠮ ᠦᠶᠡᠷ ᠢ ᠰᠡᠷᠭᠡᠶᠢᠯᠡᠬᠦ IV ᠲᠠᠰ ᠤᠨ ᠪᠤᠶᠤ I ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠦᠨ ᠰᠢᠷᠦᠭᠦᠨ ᠪᠣᠷᠣᠭᠠᠨ ᠦᠶᠡᠷ ᠤᠰᠤᠲᠤᠯ ᠢ ᠠᠷᠭᠠᠴᠠᠪᠠ᠃  ᠰᠢᠨ᠎ᠡ ᠨᠢᠭᠡᠨ ᠡᠭᠡᠯᠵᠢ ᠶᠢᠨ ᠰᠢᠷᠦᠭᠦᠨ ᠪᠣᠷᠣᠭᠠᠨ ᠤ ᠶᠠᠪᠤᠴᠠ ᠳᠤ ᠴᠢᠭᠯᠡᠭᠦᠯᠦᠨ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢᠦ ᠸᠧᠶ ᠫᠢᠩ ᠲᠤᠰᠬᠠᠶ ᠰᠡᠳᠦᠪᠲᠦ ᠵᠥᠪᠳᠡᠯᠴᠡᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠰᠡᠷᠭᠡᠶᠢᠯᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ 7 ᠳ᠋ᠤᠭᠠᠷ ᠰᠠᠷ᠎ᠠ ᠶᠢᠨ 4 ᠤ ᠡᠳᠦᠷ ᠤᠨ 18 ᠴᠠᠭ ᠲᠤ᠂ ᠤᠰᠤᠨ ᠠᠰᠢᠭᠯᠠᠯᠲᠠ ᠶᠢᠨ ᠶᠠᠮᠤᠨ ᠥᠪᠥᠷ ᠮᠣᠩᠭᠤᠯ᠂ ᠯᠢᠶᠣᠤᠨᠢᠩ᠂ ᠭᠢᠷᠢᠨ᠂ ᠬᠠᠷᠠᠮᠥ᠋ᠷᠡᠨ ᠳᠤ ᠴᠢᠭᠯᠡᠭᠦᠯᠦᠨ ᠦᠶᠡᠷ ᠤᠨ ᠤᠰᠤ ᠶᠢ ᠰᠡᠷᠭᠡᠶᠢᠯᠡᠬᠦ IV ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠵᠦ᠂ 2 ᠠᠵᠢᠯᠯᠠᠬᠤ ᠳᠤᠭᠤᠶᠢᠯᠠᠩ ᠲᠣᠮᠢᠯᠠᠨ ᠯᠢᠶᠣᠤᠨᠢᠩ᠂ ᠭᠢᠷᠢᠨ ᠳᠤ ᠣᠴᠢᠭᠤᠯᠵᠤ ᠦᠶᠡᠷ ᠢ ᠰᠡᠷᠭᠡᠶᠢᠯᠡᠬᠦ ᠠᠵᠢᠯ ᠢ ᠬᠠᠮᠵᠢᠨ ᠰᠠᠶᠢᠲᠤᠷ ᠬᠢᠪᠠ᠃ ᠰᠢᠷᠦᠭᠦᠨ ᠪᠣᠷᠣᠭᠠᠨ ᠳᠤ ᠨᠥᠯᠥᠭᠡᠯᠡᠭᠳᠡᠭᠰᠡᠨ ᠣᠷᠣᠨ ᠤ ᠳᠣᠲᠣᠷᠠᠬᠢ ᠬᠡᠰᠡᠭ ᠤᠰᠤᠨ ᠴᠥᠭᠦᠷᠥᠮ ᠨᠢᠭᠡᠨᠲᠡ ᠤᠷᠢᠳᠴᠢᠯᠠᠨ ᠤᠷᠤᠰᠬᠤ ᠠᠵᠢᠯ ᠢᠶᠠᠨ ᠡᠬᠢᠯᠡᠭᠦᠯᠵᠦ᠂ ᠡᠭᠦᠨ ᠤ ᠳᠣᠲᠣᠷ᠎ᠠ ᠯᠢᠶᠣᠤᠨᠢᠩ ᠤᠨ ᠳ᠋ᠠ ᠡᠾᠦ᠋ᠸᠧ ᠹᠠᠩ ᠤᠰᠤᠨ ᠴᠥᠭᠦᠷᠥᠮ ᠤᠨ ᠤᠷᠤᠰᠴᠠ ᠶᠢᠨ ᠬᠡᠮᠵᠢᠶ᠎ᠡ ᠶᠢ ᠨᠡᠮᠡᠭᠳᠡᠭᠦᠯᠵᠦ᠂ ᠣᠳᠣᠬᠠᠨ ᠳᠤ ᠤᠰᠤᠨ ᠴᠥᠭᠦᠷᠥᠮ ᠤᠨ ᠤᠰᠤᠨ ᠲᠦᠪᠰᠢᠨ 0.57 ᠮᠧᠲᠷ ᠪᠠᠭᠤᠷᠠᠪᠠ᠃ ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠯᠢᠶᠣᠤᠾᠧ ᠭᠤᠤᠯ ᠤᠨ ᠵᠥᠪᠯᠡᠯ ᠪᠣᠯᠤᠨ ᠯᠢᠶᠣᠤᠨᠢᠩ᠂ ᠭᠢᠷᠢᠨ ᠨᠢᠭᠡᠨᠲᠡ ᠦᠶᠡᠷ ᠤᠨ ᠤᠰᠤ ᠶᠢ ᠰᠡᠷᠭᠡᠶᠢᠯᠡᠬᠦ IV ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠪᠡ᠃ 
 
ᠢᠷᠡᠯᠲᠡ᠄ ᠠᠵᠤ ᠠᠬᠤᠶ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号