ᠠᠷᠠᠳ ᠤᠨ ᠡᠳᠦᠷ ᠤᠨ ᠰᠣᠨᠢᠨ᠄ ᠵᠠᠷᠢᠮ ᠭᠤᠤᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠡᠭᠡᠭᠰᠢᠬᠢ ᠦᠶᠡᠷ ᠭᠠᠷᠴᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠢᠳᠡᠪᠬᠢᠲᠡᠶ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/7/7
︽ᠠᠷᠠᠳ ᠤᠨ ᠡᠳᠦᠷ ᠤᠨ ᠰᠣᠨᠢᠨ︾ ︵2023 ᠣᠨ ᠤ 7 ᠳ᠋ᠤᠭᠠᠷ ᠰᠠᠷ᠎ᠠ ᠶᠢᠨ 6 ᠤ ᠡᠳᠦᠷ ᠤᠨ ᠬᠡᠪᠯᠡᠯ ᠤᠨ 14 ᠳ᠋ᠦ᠋ᠭᠡᠷ ᠨᠢᠭᠤᠷ︶  ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 5 ᠤ ᠡᠳᠦᠷ ᠤᠨ ᠮᠡᠳᠡᠭᠡ  ᠣᠶᠢᠷ᠎ᠠ ᠳᠤ᠂ ᠵᠠᠷᠢᠮ ᠭᠤᠤᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠠᠪᠠᠭᠰᠠᠨ ᠦᠶᠡᠷ ᠭᠠᠷᠴᠤ᠂ ᠠᠭᠤᠯᠠᠨ ᠦᠶᠡᠷ ᠪᠠ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠮᠰᠢᠭ ᠭᠠᠷᠴᠤ᠂ ᠬᠥᠮᠦᠨ ᠬᠠᠷ᠎ᠠ ᠥᠭᠦᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠬᠦᠨᠳᠦ ᠶᠡᠭᠡ ᠠᠳᠡᠯ ᠭᠠᠷᠴᠠᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠢᠳᠡᠪᠬᠢᠲᠡᠶ ᠥᠷᠨᠢᠭᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃  ᠲᠥᠪ ᠤᠨ ᠴᠠᠭ ᠠᠭᠤᠷ ᠤᠨ ᠬᠤᠷᠢᠶᠠᠨ ᠤ ᠵᠢᠱᠢᠯᠲᠡ ᠪᠠᠷ᠂ 6 ᠤ ᠡᠳᠦᠷ ᠠᠴᠠ 8 ᠤ ᠡᠳᠦᠷ ᠪᠣᠯᠲᠠᠯ᠎ᠠ᠂ ᠪᠠᠷᠠᠭᠤᠨ ᠡᠮᠦᠨᠡᠲᠦ ᠣᠷᠣᠨ ᠠᠴᠠ ᠬᠥᠬᠡᠮᠥ᠋ᠷᠡᠨ ᠤ ᠳᠤᠮᠳᠠᠳᠤ ᠳᠤᠤᠷᠠᠳᠤ ᠤᠷᠤᠰᠬᠠᠯ ᠣᠷᠴᠢᠮ ᠤᠨ ᠪᠣᠷᠣᠭᠠᠨ ᠳᠠᠬᠢᠨᠲᠠ ᠨᠡᠮᠡᠭᠳᠡᠵᠦ᠂ ᠴᠦᠩᠴᠢᠩ᠂ ᠬᠤᠪᠸᠢ᠂ ᠠᠨᠾᠦ᠋ᠢ᠂ ᠵᠢᠶᠠᠩᠰᠦ᠂ ᠱᠠᠩᠬᠠᠶ᠂ ᠵᠧᠵᠢᠶᠠᠩ ᠵᠡᠷᠭᠡ ᠭᠠᠵᠠᠷ ᠤᠨ ᠬᠡᠰᠡᠭ ᠭᠠᠵᠠᠷ ᠲᠤ ᠶᠡᠭᠡ ᠠᠴᠠ ᠰᠢᠷᠦᠭᠦᠨ ᠪᠣᠷᠣᠭᠠᠨ ᠣᠷᠣᠵᠤ᠂ ᠴᠦᠩᠴᠢᠩ ᠤᠨ ᠬᠤᠶᠢᠲᠤ ᠬᠡᠰᠡᠭ ᠵᠡᠷᠭᠡ ᠬᠡᠰᠡᠭ ᠭᠠᠵᠠᠷ ᠲᠤ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠮᠰᠢᠭ ᠤᠨ ᠠᠶᠤᠯ ᠲᠦᠭᠰᠢᠭᠦᠷᠢ ᠨᠡᠯᠢᠶᠡᠳ ᠶᠡᠭᠡ ᠪᠣᠯᠤᠨ᠎ᠠ᠃ 11 ᠤ ᠡᠳᠦᠷ ᠠᠴᠠ 13 ᠤ ᠡᠳᠦᠷ ᠪᠣᠯᠲᠠᠯ᠎ᠠ᠂ ᠪᠠᠷᠠᠭᠤᠨ ᠬᠤᠶᠢᠲᠤ ᠣᠷᠣᠨ ᠤ ᠵᠡᠭᠦᠨ ᠡᠮᠦᠨᠡᠲᠦ ᠬᠡᠰᠡᠭ᠂ ᠤᠮᠠᠷᠠᠲᠤ ᠣᠷᠣᠨ ᠤ ᠵᠡᠭᠦᠨ ᠬᠡᠰᠡᠭ᠂ ᠵᠡᠭᠦᠨ ᠬᠤᠶᠢᠲᠤ ᠣᠷᠣᠨ᠂ ᠬᠠᠲᠤᠨ ᠭᠤᠤᠯ ᠬᠤᠸᠠᠶᠢᠾᠧ ᠭᠤᠤᠯ᠂ ᠵᠢᠶᠠᠩ ᠬᠠᠨ᠂ ᠰᠧᠴᠣᠸᠠᠨ ᠤ ᠬᠤᠲᠣᠭᠤᠷ ᠵᠢᠴᠢ ᠭᠦᠢᠵᠸᠤ ᠶᠢᠨ ᠬᠤᠶᠢᠲᠤ ᠬᠡᠰᠡᠭ᠂ ᠲᠥᠪᠡᠳ ᠤᠨ ᠵᠡᠭᠦᠨ ᠡᠮᠦᠨᠡᠲᠦ ᠬᠡᠰᠡᠭ ᠵᠡᠷᠭᠡ ᠭᠠᠵᠠᠷ ᠲᠤ ᠳᠤᠮᠳᠠ ᠠᠴᠠ ᠶᠡᠭᠡ ᠪᠣᠷᠣᠭᠠᠨ ᠣᠷᠣᠵᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠵᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠨ᠎ᠠ᠃  5 ᠤ ᠡᠳᠦᠷ ᠤᠨ 18 ᠴᠠᠭ ᠲᠤ᠂ ᠲᠥᠪ ᠤᠨ ᠴᠠᠭ ᠠᠭᠤᠷ ᠤᠨ ᠬᠤᠷᠢᠶ᠎ᠠ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠬᠥᠬᠡ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠵᠦ᠂ ᠤᠰᠤᠨ ᠠᠰᠢᠭᠯᠠᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠲᠠᠢ ᠬᠠᠮᠲᠤᠷᠠᠨ ᠰᠢᠷ᠎ᠠ ᠠᠭᠤᠯᠠ ᠶᠢᠨ ᠦᠶᠡᠷ ᠤᠨ ᠭᠠᠮᠰᠢᠭ ᠤᠨ ᠴᠠᠭ ᠠᠭᠤᠷ ᠤᠨ ᠰᠡᠷᠡᠮᠵᠢᠯᠡᠭᠦᠯᠦᠯ᠂ ᠭᠠᠵᠠᠷ ᠤᠨ ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢᠨ ᠰᠡᠷᠡᠮᠵᠢᠯᠡᠭᠦᠯᠦᠯ ᠢ ᠲᠣᠰ ᠲᠣᠰ ᠨᠡᠶᠢᠲᠡᠯᠡᠪᠡ᠃ ᠵᠢᠱᠢᠯᠲᠡ ᠪᠠᠷ 5 ᠤ ᠡᠳᠦᠷ ᠤᠨ 20 ᠴᠠᠭ ᠠᠴᠠ 6 ᠤ ᠡᠳᠦᠷ ᠤᠨ 20 ᠴᠠᠭ ᠪᠣᠯᠲᠠᠯ᠎ᠠ᠂ ᠥᠪᠥᠷ ᠮᠣᠩᠭᠤᠯ ᠤᠨ ᠵᠡᠭᠦᠨ ᠡᠮᠦᠨᠡᠲᠦ ᠬᠡᠰᠡᠭ᠂ ᠬᠠᠷᠠᠮᠥ᠋ᠷᠡᠨ ᠤ ᠡᠮᠦᠨᠡᠲᠦ ᠬᠡᠰᠡᠭ᠂ ᠭᠢᠷᠢᠨ ᠤ ᠵᠡᠭᠦᠨ ᠬᠡᠰᠡᠭ᠂ ᠠᠨᠾᠦ᠋ᠢ ᠶᠢᠨ ᠳᠤᠮᠳᠠ ᠡᠮᠦᠨᠡᠲᠦ ᠬᠡᠰᠡᠭ᠂ ᠵᠢᠶᠠᠩᠰᠦ ᠶᠢᠨ ᠳᠤᠮᠳᠠ ᠡᠮᠦᠨᠡᠲᠦ ᠬᠡᠰᠡᠭ᠂ ᠱᠠᠩᠬᠠᠶ᠂ ᠵᠧᠵᠢᠶᠠᠩ ᠤᠨ ᠳᠤᠮᠳᠠ ᠬᠤᠶᠢᠲᠤ ᠬᠡᠰᠡᠭ᠂ ᠬᠤᠪᠸᠢ ᠶᠢᠨ ᠶᠡᠬᠡᠩᠬᠢ ᠬᠡᠰᠡᠭ᠂ ᠰᠧᠴᠤᠸᠠᠨ ᠤ ᠵᠡᠭᠦᠨ ᠬᠤᠶᠢᠲᠤ ᠬᠡᠰᠡᠭ᠂ ᠴᠦᠩᠴᠢᠩ ᠤᠨ ᠶᠡᠬᠡᠩᠬᠢ ᠬᠡᠰᠡᠭ᠂ ᠶᠦᠨᠨᠠᠨ ᠤ ᠪᠠᠷᠠᠭᠤᠨ ᠬᠡᠰᠡᠭ ᠵᠡᠷᠭᠡ ᠭᠠᠵᠠᠷ ᠤᠨ ᠬᠡᠰᠡᠭ ᠭᠠᠵᠠᠷ ᠣᠷᠣᠨ ᠳᠤ ᠣᠬᠤᠷ ᠬᠤᠭᠤᠴᠠᠭᠠᠨ ᠤ ᠰᠢᠷᠦᠭᠦᠨ ᠪᠣᠷᠣᠭᠠᠨ ᠣᠷᠣᠵᠤ᠂ ᠴᠠᠭ ᠤᠨ ᠪᠣᠷᠣᠭᠠᠨ ᠤ ᠬᠡᠮᠵᠢᠶ᠎ᠡ ᠨᠢ 2050 ᠮᠢᠯᠢᠮᠧᠲᠷ᠂ ᠬᠡᠰᠡᠭ ᠭᠠᠵᠠᠷ ᠲᠤ 60 ᠮᠢᠯᠢᠮᠧᠲᠷ ᠠᠴᠠ ᠳᠡᠭᠡᠭᠰᠢ ᠬᠥᠷᠬᠦ ᠪᠣᠯᠤᠨ᠎ᠠ︔ ᠥᠪᠥᠷ ᠮᠣᠩᠭᠤᠯ ᠤᠨ ᠵᠡᠭᠦᠨ ᠬᠤᠶᠢᠲᠤ ᠬᠡᠰᠡᠭ᠂ ᠬᠠᠷᠠᠮᠥ᠋ᠷᠡᠨ ᠤ ᠪᠠᠷᠠᠭᠤᠨ ᠬᠡᠰᠡᠭ᠂ ᠰᠧᠴᠣᠸᠠᠨ ᠤ ᠪᠠᠷᠠᠭᠤᠨ ᠬᠤᠶᠢᠲᠤ ᠬᠡᠰᠡᠭ᠂ ᠲᠥᠪᠡᠳ ᠤᠨ ᠬᠤᠶᠢᠲᠤ ᠬᠡᠰᠡᠭ ᠵᠡᠷᠭᠡ ᠭᠠᠵᠠᠷ ᠣᠷᠣᠨ ᠳᠤ ᠠᠭᠤᠯᠠᠨ ᠦᠶᠡᠷ ᠤᠨ ᠭᠠᠮᠰᠢᠭ ᠭᠠᠷᠴᠤ ᠮᠡᠳᠡᠨ᠎ᠡ ︵ᠬᠥᠬᠡ ᠥᠩᠭᠡ ᠶᠢᠨ ᠰᠡᠷᠡᠮᠵᠢᠯᠡᠭᠦᠯᠦᠯ︶᠃ ᠡᠭᠦᠨ ᠳᠤ᠂ ᠥᠪᠥᠷ ᠮᠣᠩᠭᠤᠯ ᠤᠨ ᠵᠡᠭᠦᠨ ᠬᠤᠶᠢᠲᠤ ᠬᠡᠰᠡᠭ᠂ ᠬᠠᠷᠠᠮᠥ᠋ᠷᠡᠨ ᠤ ᠪᠠᠷᠠᠭᠤᠨ ᠬᠡᠰᠡᠭ ᠲᠤ ᠠᠭᠤᠯᠠᠨ ᠦᠶᠡᠷ ᠤᠨ ᠭᠠᠮᠰᠢᠭ ᠡᠭᠦᠰᠬᠦ ᠪᠣᠯᠤᠯᠴᠠᠭ᠎ᠠ ᠨᠡᠯᠢᠶᠡᠳ ᠶᠡᠭᠡ ᠪᠠᠶᠢᠨ᠎ᠠ︔ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ᠂ ᠴᠦᠩᠴᠢᠩ ᠤᠨ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ᠂ ᠶᠦᠨᠨᠠᠨ ᠤ ᠪᠠᠷᠠᠭᠤᠨ ᠬᠡᠰᠡᠭ ᠤᠨ ᠭᠠᠵᠠᠷ ᠣᠷᠣᠨ ᠵᠡᠷᠭᠡ ᠬᠡᠰᠡᠭ ᠭᠠᠵᠠᠷ ᠣᠷᠣᠨ ᠳᠤ ᠭᠠᠵᠠᠷ ᠰᠢᠨᠵᠢᠯᠡᠭᠡᠨ ᠤ ᠭᠠᠮᠰᠢᠭ ᠤᠨ ᠴᠠᠭ ᠠᠭᠤᠷ ᠤᠨ ᠲᠦᠭᠰᠢᠭᠦᠷᠢ ᠨᠡᠯᠢᠶᠡᠳ ᠶᠡᠭᠡ ︵ᠰᠢᠷ᠎ᠠ ᠥᠩᠭᠡ ᠶᠢᠨ ᠰᠡᠷᠡᠮᠵᠢᠯᠡᠭᠦᠯᠦᠯ︶ ᠪᠠᠶᠢᠳᠠᠭ᠂ ᠡᠭᠦᠨ ᠳᠤ ᠴᠦᠩᠴᠢᠩ ᠤᠨ ᠳᠤᠮᠳᠠ ᠪᠠ ᠵᠡᠭᠦᠨ ᠬᠡᠰᠡᠭ ᠤᠨ ᠭᠠᠵᠠᠷ ᠰᠢᠨᠵᠢᠯᠡᠭᠡᠨ ᠤ ᠭᠠᠮᠰᠢᠭ ᠤᠨ ᠲᠦᠭᠰᠢᠭᠦᠷᠢ ᠶᠡᠭᠡ ︵ᠤᠯᠠᠪᠤᠷ ᠥᠩᠭᠡ ᠶᠢᠨ ᠰᠡᠷᠡᠮᠵᠢᠯᠡᠭᠦᠯᠦᠯ︶ ᠪᠠᠶᠢᠳᠠᠭ᠃  ᠰᠤᠷᠪᠤᠯᠵᠢᠯᠠᠭᠴᠢ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠨᠢ᠄ ᠪᠦᠷᠢᠳᠬᠡᠯ ᠢ ᠦᠨᠳᠦᠰᠦᠯᠡᠪᠡᠯ᠂ 7 ᠳ᠋ᠤᠭᠠᠷ ᠰᠠᠷ᠎ᠠ ᠶᠢᠨ 1 ᠤ ᠡᠳᠦᠷ ᠠᠴᠠ ᠨᠠᠭᠠᠰᠢ᠂ ᠪᠣᠷᠣᠭᠠᠨ ᠤ ᠨᠥᠯᠥᠭᠡ ᠠᠴᠠ ᠪᠣᠯᠵᠣ᠂ ᠴᠦᠩᠴᠢᠩ᠂ ᠰᠧᠴᠤᠸᠠᠨ᠂ ᠭᠦᠢᠵᠸᠤ᠂ ᠱᠠᠨᠰᠢ᠂ ᠬᠠᠷᠠᠮᠥ᠋ᠷᠡᠨ ᠵᠡᠷᠭᠡ 5 ᠮᠤᠵᠢ ᠶᠢᠨ 37 ᠵᠤᠷᠪᠤᠰ ᠳᠤᠮᠳᠠ ᠪᠠᠭ᠎ᠠ ᠭᠤᠤᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠡᠭᠡᠭᠰᠢ ᠦᠶᠡᠷ ᠭᠠᠷᠴᠤ᠂ ᠰᠡᠷᠡᠮᠵᠢ ᠶᠢᠨ ᠱᠤᠭᠤᠮ ᠠᠴᠠ 0.01 ᠮᠧᠲᠷ ᠠᠴᠠ 3.49 ᠮᠧᠲᠷ ᠢ ᠳᠠᠪᠠᠵᠤ᠂ ᠡᠭᠦᠨ ᠳᠤ ᠴᠦᠩᠴᠢᠩ ᠤᠨ ᠬᠦᠬᠡᠮᠦ᠋ᠷᠡᠨ ᠤ ᠰᠠᠯᠪᠤᠷᠢ ᠤᠷᠤᠰᠬᠠᠯ ᠵᠦ ᠢ ᠾᠧ ᠭᠤᠣᠯ᠂ ᠡᠦ ᠴᠢᠶᠣᠤ ᠾᠧ ᠭᠤᠣᠯ᠂ ᠵᠢᠶᠠᠨ ᠨᠠᠨ ᠾᠧ ᠭᠤᠣᠯ᠂ ᠯᠢᠦᠶ ᠽᠢ ᠰᠢ ᠭᠤᠣᠯ᠂ ᠰᠦᠨ ᠰᠢ ᠾᠧ ᠭᠤᠣᠯ᠂ ᠰᠧᠴᠤᠸᠠᠨ ᠤ ᠴᠢᠦᠶ ᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠬᠤ ᠰᠢᠶᠤᠤ ᠺᠧᠦ ᠾᠧ ᠭᠤᠣᠯ ᠵᠢᠴᠢ ᠵᠢᠶᠠ ᠯᠢᠩ ᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠬᠤ ᠯᠦᠸᠧ ᠰᠢ ᠾᠧ ᠭᠤᠣᠯ᠂ ᠭᠦᠢᠵᠧᠦ ᠶᠢᠨ ᠦᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠬᠤ ᠴᠢᠩ ᠴᠠᠩ ᠾᠧ ᠭᠤᠣᠯ ᠵᠢᠴᠢ ᠱᠠ ᠸᠤ᠋ ᠾᠧ ᠭᠤᠣᠯ ᠵᠡᠷᠭᠡ 9 ᠵᠤᠷᠪᠤᠰ ᠳᠤᠮᠳᠠ ᠪᠠᠭ᠎ᠠ ᠭᠤᠣᠯ ᠮᠥᠷᠡᠨ ᠳᠤ ᠬᠠᠮᠠᠭᠠᠯᠠᠯᠲᠠ ᠶᠢᠨ ᠤᠰᠤᠨ ᠤᠷᠤᠰᠬᠠᠯ ᠭᠠᠷᠴᠤ᠂ ᠬᠠᠮᠠᠭᠠᠯᠠᠯᠲᠠ ᠶᠢᠨ ᠬᠠᠮᠤᠭ ᠶᠡᠭᠡ ᠬᠡᠮᠵᠢᠶ᠎ᠡ ᠨᠢ 0.08 ᠮᠧᠲᠷ ᠠᠴᠠ 1.99 ᠮᠧᠲᠷ ᠬᠦᠷᠴᠡᠶ᠃ 4 ᠤ ᠡᠳᠦᠷ ᠤᠨ 20 ᠴᠠᠭ ᠲᠤ ᠭᠦᠢᠵᠧᠦ ᠶᠢᠨ ᠱᠠ ᠸᠧ ᠡᠾᠧ ᠭᠤᠣᠯ ᠰᠡᠷᠡᠮᠵᠢ ᠶᠢᠨ ᠱᠤᠭᠤᠮ ᠠᠴᠠ 0.34 ᠮᠧᠲᠷ ᠳᠠᠪᠠᠭᠰᠠᠨ ᠠᠴᠠ ᠭᠠᠳᠠᠨ᠎ᠠ᠂ ᠪᠤᠰᠤᠳ ᠭᠤᠣᠯ ᠮᠥᠷᠡᠨ ᠴᠥᠮ ᠰᠡᠷᠭᠡᠶᠢᠯᠡᠯᠲᠡ ᠠᠴᠠ ᠳᠣᠷᠣᠭᠰᠢ ᠤᠬᠤᠷᠢᠭᠰᠠᠨ ᠪᠠᠶᠢᠨ᠎ᠠ᠃  3 ᠤ ᠡᠳᠦᠷ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠴᠦᠩᠴᠢᠩ ᠵᠡᠷᠭᠡ ᠮᠤᠵᠢ ᠣᠷᠣᠨ ᠳᠤ ᠦᠶᠡᠷ ᠢ ᠰᠡᠷᠭᠡᠶᠢᠯᠡᠬᠦ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠥᠷᠨᠢᠭᠦᠯᠪᠡ᠃ 4 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠤᠨ ᠭᠠᠮᠰᠢᠭ ᠢ ᠪᠠᠭᠠᠰᠬᠠᠬᠤ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤᠯᠤᠰ ᠤᠨ ᠲᠠᠰ ᠤᠨ ᠭᠠᠮᠰᠢᠭ ᠠᠴᠠ ᠠᠪᠤᠷᠬᠠᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠨ ᠬᠡᠷᠡᠭᠵᠢᠭᠦᠯᠪᠡ᠃ 5 ᠤ ᠡᠳᠦᠷ ᠤᠨ ᠥᠷᠯᠥᠭᠡ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠳᠡᠳ᠋ ᠰᠠᠶᠢᠳ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠸᠠᠩ ᠳ᠋ᠤᠤ ᠰᠢ ᠳᠤᠭᠤᠶᠢᠯᠠᠩ ᠳᠠᠭᠠᠭᠤᠯᠤᠨ ᠴᠦᠩᠴᠢᠩ ᠤᠨ ᠸᠠᠨ ᠵᠧᠤ ᠲᠣᠭᠤᠷᠢᠭ ᠲᠤ ᠬᠦᠷᠴᠦ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠵᠤ ᠭᠠᠮᠰᠢᠭ ᠠᠴᠠ ᠠᠪᠤᠷᠬᠠᠤ ᠠᠵᠢᠯ ᠢ ᠵᠢᠯᠣᠭᠤᠳᠪᠠ᠃  5 ᠤ ᠡᠳᠦᠷ ᠤᠨ 15 ᠴᠠᠭ ᠲᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠯᠢᠶᠣᠤᠨᠢᠩ ᠮᠤᠵᠢ᠂ ᠴᠦᠩᠴᠢᠩ ᠬᠤᠲᠠ ᠳᠤ ᠭᠠᠵᠠᠷ ᠤᠨ ᠭᠠᠮᠰᠢᠭ ᠢ ᠰᠡᠷᠭᠡᠶᠢᠯᠡᠬᠦ IV ᠲᠠᠰ ᠤᠨ ᠠᠵᠢᠯᠯᠠᠭ᠎ᠠ ᠶᠢ ᠡᠬᠢᠯᠡᠭᠦᠯᠬᠦ ᠶᠢᠨ ᠬᠠᠮᠲᠤ ᠠᠵᠢᠯᠯᠠᠬᠤ ᠳᠤᠭᠤᠶᠢᠯᠠᠩ ᠲᠣᠮᠢᠯᠠᠨ ᠲᠤᠬᠠᠶ ᠶᠢᠨ ᠲᠠᠯᠠᠪᠠᠶ ᠳᠤ ᠣᠴᠢᠭᠤᠯᠵᠤ ᠰᠡᠷᠭᠡᠶᠢᠯᠡᠨ ᠬᠤᠷᠢᠭᠯᠠᠬᠤ ᠠᠵᠢᠯ ᠢ ᠵᠢᠭᠠᠨ ᠵᠢᠯᠣᠭᠤᠳᠪᠠ᠃  5 ᠤ ᠡᠳᠦᠷ᠂ ᠡᠳ᠋ ᠤᠨ ᠵᠠᠰᠠᠭ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ 3.2 ᠳ᠋ᠦᠩᠰᠢᠭᠤᠷ ᠲᠥᠭᠦᠷᠢᠭ ᠤᠨ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠬᠠᠤ ᠪᠠᠯᠠ ᠮᠥᠩᠭᠦ ᠶᠢ ᠤᠷᠢᠳᠴᠢᠯᠠᠨ ᠪᠠᠭᠤᠯᠭᠠᠵᠤ᠂ ᠴᠦᠩᠴᠢᠩ᠂ ᠰᠧᠴᠣᠸᠠᠨ ᠵᠡᠷᠭᠡ 16 ᠮᠤᠵᠢ ᠣᠷᠣᠨ ᠤ ᠦᠶᠡᠷ ᠤᠰᠤᠲᠤᠯ᠂ ᠭᠠᠵᠠᠷ ᠤᠨ ᠭᠠᠮᠰᠢᠭ ᠠᠴᠠ ᠠᠪᠤᠷᠬᠠᠤ ᠠᠵᠢᠯ ᠢ ᠰᠠᠶᠢᠲᠤᠷ ᠬᠢᠬᠦ ᠶᠢ ᠳᠡᠮᠵᠢᠪᠡ᠂ ᠡᠭᠦᠨ ᠳᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠪᠠᠯᠠ ᠮᠥᠩᠭᠦ 2.5 ᠳ᠋ᠦᠩᠰᠢᠭᠤᠷ ᠲᠥᠭᠦᠷᠢᠭ᠂ ᠭᠠᠵᠠᠷ ᠤᠨ ᠭᠠᠮᠰᠢᠭ ᠤᠨ ᠭᠠᠮᠰᠢᠭ ᠠᠴᠠ ᠠᠪᠤᠷᠬᠠᠤ ᠪᠠᠯᠠ ᠮᠥᠩᠭᠦ 0.7 ᠳ᠋ᠦᠩᠰᠢᠭᠤᠷ ᠲᠥᠭᠦᠷᠢᠭ ᠢ ᠣᠷᠣᠨ ᠨᠤᠲᠤᠭ ᠠᠴᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠬᠠᠤ ᠪᠠ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠳᠤ ᠨᠢᠭᠡᠳᠦᠯᠲᠡᠶ ᠬᠡᠷᠡᠭᠯᠡᠵᠦ᠂ ᠭᠠᠮᠰᠢᠭᠳᠠᠭᠰᠠᠨ ᠬᠥᠮᠦᠰ ᠢ ᠡᠷᠢᠵᠦ ᠠᠪᠤᠷᠬᠠᠤ ᠰᠢᠯᠵᠢᠭᠦᠯᠬᠦ ᠲᠥᠪᠬᠢᠨᠡᠭᠦᠯᠬᠦ᠂ ᠠᠶᠤᠯ ᠲᠦᠭᠰᠢᠭᠦᠷᠢ ᠶᠢ ᠠᠷᠢᠯᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠡᠭᠦᠰᠦᠮᠡᠯ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠴᠡᠭᠴᠡᠯᠡᠨ ᠵᠠᠰᠠᠬᠤ᠂ ᠰᠦᠢᠳᠦᠭᠰᠡᠨ ᠠᠷᠠᠳ ᠤᠨ ᠬᠡᠷ ᠪᠠᠶᠢᠰᠢᠩ ᠢ ᠵᠠᠰᠠᠨ ᠰᠡᠷᠭᠦᠭᠡᠬᠦ ᠵᠡᠷᠭᠡ ᠠᠵᠢᠯ ᠢ ᠥᠷᠨᠢᠭᠦᠯᠪᠡ᠃  ᠴᠦᠩᠴᠢᠩ ᠤᠨ ᠸᠠᠨ ᠵᠧᠤ ᠤᠷᠤᠨ ᠤ ᠮᠡᠳᠡᠭᠡ ᠶᠢ ᠦᠨᠳᠦᠰᠦᠯᠡᠪᠡᠯ᠂ 3 ᠤ ᠡᠳᠦᠷ ᠠᠴᠠ 4 ᠤ ᠡᠳᠦᠷ ᠪᠣᠯᠲᠠᠯ᠎ᠠ ᠸᠠᠨ ᠵᠧᠤ ᠣᠷᠣᠨ ᠳᠤ ᠰᠢᠷᠦᠭᠦᠨ ᠪᠣᠷᠣᠭᠠᠨ ᠣᠷᠣᠵᠠᠶ᠃ 5 ᠤ ᠡᠳᠦᠷ ᠤᠨ 10 ᠴᠠᠭ ᠪᠣᠯᠲᠠᠯ᠎ᠠ᠂ ᠭᠠᠮᠰᠢᠭ ᠠᠴᠠ ᠪᠤᠯᠵᠤ 15 ᠬᠥᠮᠦᠨ ᠠᠳᠡᠵᠦ᠂ 4 ᠬᠥᠮᠦᠨ ᠪᠠᠷ᠎ᠠ ᠰᠤᠷᠠᠭ ᠦᠭᠡᠢ ᠪᠤᠯᠵᠤ᠂ ᠲᠤᠬᠠᠢ ᠶᠢᠨ ᠭᠠᠵᠠᠷ ᠲᠤ 11578 ᠬᠥᠮᠦᠨ ᠢ ᠪᠠᠴᠢᠮ ᠰᠢᠯᠵᠢᠭᠦᠯᠵᠦ᠂ 779 ᠬᠥᠮᠦᠨ ᠢ ᠪᠠᠴᠢᠮ ᠰᠢᠯᠵᠢᠭᠦᠯᠦᠨ ᠲᠥᠪᠬᠢᠨᠡᠭᠦᠯᠪᠡ᠃ ᠭᠠᠮᠰᠢᠭ ᠤᠨ ᠳᠠᠷᠠᠭ᠎ᠠ᠂ ᠴᠦᠩᠴᠢᠩ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠬᠠᠶ ᠠᠪᠤᠷᠠᠨ ᠲᠤᠰᠠᠯᠠᠬᠤ ᠶᠡᠷᠦᠩᠬᠡᠶ ᠠᠩᠭᠢ ᠴᠦᠩᠴᠢᠩ ᠤᠨ ᠵᠡᠭᠦᠨ ᠬᠤᠶᠢᠲᠤ ᠣᠷᠣᠨ ᠤ ᠰᠠᠯᠪᠤᠷᠢ ᠠᠩᠭᠢ ᠳᠤ ᠲᠣᠬᠢᠷᠠᠭᠤᠯᠤᠯᠲᠠ ᠬᠢᠵᠦ᠂ 160 ᠢᠵᠢ ᠲᠣᠨᠤᠭ ᠲᠥᠬᠦᠭᠡᠷᠦᠮᠵᠢ ᠭᠠᠷᠭᠠᠨ ᠠᠳᠡᠯ ᠤᠨ ᠲᠤᠬᠠᠶ ᠶᠢᠨ ᠲᠠᠯᠠᠪᠠᠶ ᠳᠤ ᠬᠦᠷᠴᠦ ᠠᠪᠤᠷᠠᠨ ᠲᠤᠰᠠᠯᠠᠪᠠ᠃   ᠭᠦᠢᠯᠡᠰᠦᠨ ᠪᠤᠷᠤᠭᠠᠨ ᠤ ᠤᠯᠠᠷᠢᠯ ᠪᠣᠯᠬᠤ ᠳᠤ ᠭᠤᠷᠪᠠᠨ ᠡᠭᠡᠯᠵᠢ ᠶᠢᠨ ᠰᠢᠷᠦᠭᠦᠨ ᠪᠣᠷᠣᠭᠠᠨ ᠳᠤ ᠴᠢᠭᠯᠡᠭᠦᠯᠦᠨ᠂ ᠬᠤᠪᠸᠢ ᠮᠤᠵᠢ ᠦᠶᠡᠷ ᠢ ᠰᠡᠷᠭᠡᠶᠢᠯᠡᠬᠦ IV ᠲᠡᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠵᠦ᠂ ᠠᠵᠢᠯᠯᠠᠬᠤ ᠳᠤᠭᠤᠶᠢᠯᠠᠩ ᠲᠣᠮᠢᠯᠠᠨ ᠬᠤᠸᠠᠩᠭᠠᠩ᠂ ᠬᠤᠸᠠᠩ ᠱᠢ᠂ ᠰᠢᠶᠠᠨᠨᠢᠩ᠂ ᠦᠬᠠᠨ ᠵᠡᠷᠭᠡ ᠭᠠᠵᠠᠷ ᠲᠤ ᠬᠦᠷᠴᠦ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠪᠠ ᠤᠰᠤᠨ ᠤ ᠢᠨᠵᠧᠨᠧᠷᠢᠩ ᠤᠨ ᠲᠤᠬᠢᠷᠠᠭᠤᠯᠤᠯᠳᠠ ᠶᠢ ᠪᠠᠶᠢᠴᠠᠭᠠᠨ ᠵᠢᠯᠣᠭᠤᠳᠴᠤ᠂ ᠠᠭᠤᠯᠠᠨ ᠦᠶᠡᠷ ᠤᠨ ᠰᠡᠷᠡᠮᠵᠢ ᠶᠢᠨ ᠲᠤᠬᠢᠶ᠎ᠠ 1015 ᠤᠳᠠᠭ᠎ᠠ ᠨᠡᠶᠢᠲᠡᠯᠡᠵᠦ᠂ 14 ᠲᠦᠮᠡᠨ ᠵᠤᠷᠪᠤᠰ ᠤᠷᠢᠳᠴᠢᠯᠠᠨ ᠰᠡᠷᠡᠮᠵᠢᠯᠡᠭᠦᠯᠬᠦ ᠣᠬᠤᠷ ᠴᠢᠮᠡᠭᠡ ᠶᠠᠪᠤᠭᠤᠯᠵᠤ᠂ 3300 ᠭᠠᠷᠤᠢ ᠬᠥᠮᠦᠨ ᠢ ᠰᠢᠯᠵᠢᠭᠦᠯᠪᠡ᠃   ᠭᠦᠢᠵᠸᠤ ᠮᠤᠵᠢ ᠶᠢᠨ ᠮᠡᠳᠡᠭᠡ ᠶᠢ ᠦᠨᠳᠦᠰᠦᠯᠡᠪᠡᠯ᠂ 3 ᠤ ᠡᠳᠦᠷ ᠤᠨ 14 ᠴᠠᠭ ᠲᠤ ᠭᠦᠢᠵᠸᠤ ᠮᠤᠵᠢ ᠶᠢᠨ ᠬᠢᠨ ᠦᠶᠡᠷ ᠢ ᠰᠡᠷᠭᠡᠶᠢᠯᠡᠬᠦ IV ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠪᠡ᠃  ︵ᠲᠤᠰ ᠰᠣᠨᠢᠨ ᠤ ᠰᠤᠷᠪᠤᠯᠵᠢᠯᠠᠭᠴᠢ ᠯᠢ ᠬᠤᠩ ᠮᠧᠢ᠂ ᠸᠠᠩ ᠬᠤᠤ᠂ ᠴᠢᠦᠢ ᠵᠧ ᠬᠠᠨ᠂ ᠯᠢᠦ ᠸᠧᠨ ᠰᠢᠨ᠂ ᠴᠠᠩ ᠴᠢᠨ᠂ ᠯᠢᠦ ᠰᠢᠨ ᠦ᠋᠂ ᠴᠢᠶᠠᠩ ᠢᠦᠢ ᠸᠧᠨ᠂ ᠰᠦ ᠪᠢᠨ ᠶᠡᠷᠦᠩᠬᠡᠶᠢᠯᠡᠨ ᠮᠡᠳᠡᠭᠡᠯᠡᠪᠡ︶ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号