ᠥᠪᠥᠷ ᠮᠣᠩᠭᠤᠯ ᠤᠨ ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ ᠲᠥᠪ ᠬᠢᠭᠡᠳ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠬᠢᠭᠡᠳ ᠰᠢᠷᠣᠢ ᠮᠣᠳᠣᠨ ᠤ ᠪᠠᠷᠢᠯᠭ᠎ᠠ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠦᠢᠯᠡᠳᠪᠦᠷᠢᠯᠡᠬᠦ ᠵᠢᠭᠠᠬᠤ ᠰᠤᠳᠤᠯᠬᠤ ᠶᠠᠷᠢᠯᠴᠠᠭ᠎ᠠ ᠰᠣᠯᠢᠯᠴᠠᠭ᠎ᠠ ᠥᠷᠨᠢᠭᠦᠯᠬᠦ ᠶᠢᠨ ᠬᠠᠮᠲᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/8/10
  ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠰᠤᠨ ᠤ ᠰᠢᠨᠵᠢᠯᠡᠬᠦ ᠤᠬᠠᠭᠠᠨ ᠤᠰᠤᠨ ᠤ ᠡᠬᠢ ᠪᠠᠶᠠᠯᠢᠭ ᠤᠰᠤᠨ ᠤ ᠠᠮᠢ ᠠᠬᠤᠶ ᠶᠢ ᠬᠢᠨᠠᠨ ᠬᠡᠮᠵᠢᠵᠦ ᠵᠠᠳᠠᠯᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠤᠰᠤᠨ ᠤ ᠰᠢᠨᠵᠢᠯᠡᠬᠦ ᠤᠬᠠᠭᠠᠨ ᠤᠰᠤᠨ ᠤ ᠡᠬᠢ ᠪᠠᠶᠠᠯᠢᠭ ᠤᠨ ᠲᠥᠪ ᠪᠣᠯᠤᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠬᠢᠭᠡᠳ ᠰᠢᠷᠣᠶ ᠮᠣᠳᠣᠨ ᠤ ᠪᠠᠷᠢᠯᠭ᠎ᠠ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠶᠠᠷᠢᠯᠴᠠᠬᠤ ᠬᠤᠷᠠᠯ ᠬᠢᠪᠠ᠃ ᠬᠤᠷᠠᠯ ᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠪᠣᠯᠤᠨ ᠰᠢᠷᠣᠢ ᠮᠣᠳᠣᠨ ᠤ ᠪᠠᠷᠢᠯᠭ᠎ᠠ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠵᠠᠬᠢᠷᠤᠯ ᠯᠢ ᠬᠤᠤ ᠡᠷᠬᠢᠯᠡᠵᠦ᠂ ᠥᠪᠥᠷ ᠮᠣᠩᠭᠤᠯ ᠤᠨ ᠤᠰᠤᠨ ᠤ ᠡᠬᠢ ᠪᠠᠶᠠᠯᠢᠭ ᠤᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠢ ᠵᠢᠶᠦ᠋ᠨ ᠬᠤᠷᠠᠯ ᠳᠤ ᠣᠷᠣᠯᠴᠠᠵᠠᠢ᠃  ᠬᠤᠷᠠᠯ ᠳᠡᠭᠡᠷ᠎ᠡ᠂ ᠥᠪᠥᠷ ᠮᠣᠩᠭᠤᠯ ᠤᠨ ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ ᠲᠥᠪ ᠪᠣᠯᠤᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠪᠣᠯᠤᠨ ᠰᠢᠷᠣᠢ ᠮᠣᠳᠣᠨ ᠤ ᠪᠠᠷᠢᠯᠭ᠎ᠠ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠲᠤᠰ ᠲᠤᠰ ᠨᠢᠭᠡᠴᠢ ᠶᠢᠨ ᠪᠣᠳᠠᠲᠠᠢ ᠪᠠᠶᠢᠳᠠᠯ ᠪᠣᠯᠤᠨ ᠬᠥᠭᠵᠢᠯᠲᠡ ᠶᠢᠨ ᠥᠩᠭᠡᠷᠡᠯᠲᠡ ᠪᠠᠨ ᠲᠠᠨᠢᠯᠴᠠᠭᠤᠯᠪᠠ᠃ ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠭᠤᠤᠯᠳᠠᠯᠭ᠎ᠠ ᠶᠢᠨ ᠲᠣᠭᠤᠷᠢᠨ ᠳᠤ᠂ ᠬᠤᠶᠠᠷ ᠲᠠᠯ᠎ᠠ ᠪᠠᠷ ᠢᠶᠠᠨ ᠠᠵᠢᠯᠲᠠᠨ ᠡᠯᠰᠡᠬᠦ᠂ ᠲᠤᠰᠬᠠᠶ ᠮᠡᠷᠭᠡᠵᠢᠯ ᠪᠠ ᠪᠣᠳᠠᠲᠠᠶ ᠠᠵᠢᠯᠯᠠᠬᠤ ᠤᠷ᠎ᠠ ᠴᠢᠳᠠᠪᠤᠷᠢ ᠶᠢᠨ ᠪᠣᠯᠪᠠᠰᠤᠷᠠᠯ᠂ ᠤᠰᠤᠨ ᠤ ᠠᠮᠢ ᠠᠬᠤᠶ ᠶᠢᠨ ᠬᠢᠨᠠᠨ ᠬᠡᠮᠵᠢᠯᠲᠡ᠂ ᠭᠤᠤᠯ ᠨᠠᠭᠤᠷ ᠤᠨ ᠡᠷᠡᠭᠦᠯ ᠮᠡᠨᠳᠦ ᠶᠢᠨ ᠦᠨᠡᠯᠡᠯᠲᠡ᠂ ᠤᠰᠤᠨ ᠤ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
并签署战略合作框架协议.jpg
  ᠡᠴᠦᠰ ᠲᠤ᠂ ᠬᠤᠶᠠᠷ ᠲᠠᠯ᠎ᠠ ᠪᠠᠷ ᠢᠶᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠵᠤ᠂ ᠲᠠᠷᠠᠭᠠᠴᠢ ᠶᠢᠨ ᠠᠯᠬᠤᠮ ᠳᠤ ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠰᠤᠨ ᠤ ᠠᠮᠢ ᠠᠬᠤᠢ ᠶᠢᠨ ᠬᠢᠨᠠᠨ ᠬᠡᠮᠵᠢᠯᠲᠡ ᠶᠢᠨ ᠲᠥᠬᠦᠭᠡᠷᠦᠮᠵᠢ ᠶᠢ ᠬᠠᠮᠲᠤ ᠪᠠᠷ ᠡᠳ᠋ᠯᠡᠬᠦ᠂ ᠴᠢᠳᠠᠪᠤᠷᠢᠲᠠᠨ ᠤ ᠰᠣᠯᠢᠯᠴᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠠᠮᠲᠤᠷᠠᠯᠴᠠᠭ᠎ᠠ ᠥᠷᠨᠢᠭᠦᠯᠵᠦ᠂ ᠵᠢᠭᠠᠨ ᠰᠤᠷᠭᠠᠯᠲᠠ ᠪᠣᠯᠤᠨ ᠦᠢᠯᠡᠳᠪᠦᠷᠢᠯᠡᠯ ᠤᠨ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠪᠣᠯᠤᠨ ᠠᠵᠤ ᠦᠢᠯᠡᠰ ᠤᠨ ᠬᠠᠷᠢᠯᠴᠠᠨ ᠠᠬᠢᠭᠤᠯᠵᠤ᠂ ᠬᠠᠮᠲᠤ ᠪᠠᠷ ᠬᠥᠭᠵᠢᠬᠦ ᠶᠢ ᠠᠬᠢᠭᠤᠯᠤᠨ᠎ᠠ᠃  ᠥᠪᠥᠷ ᠮᠣᠩᠭᠤᠯ ᠤᠨ ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠬᠤᠯᠪᠣᠭᠳᠠᠯ ᠪᠦᠬᠦᠢ ᠭᠠᠵᠠᠷ ᠠᠯᠪᠠᠨ ᠲᠠᠰᠤᠭ ᠤᠨ ᠬᠠᠷᠢᠭᠤᠴᠠᠯᠭᠠᠲᠠᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠪᠣᠯᠤᠨ ᠰᠢᠷᠣᠢ ᠮᠣᠳᠣ ᠶᠢᠨ ᠪᠠᠷᠢᠯᠭ᠎ᠠ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠫᠷᠤᠹᠧᠰᠰᠤᠷ ᠶᠠᠷᠢᠯᠴᠠᠬᠤ ᠬᠤᠷᠠᠯ ᠳᠤ  ᠤᠷᠤᠯᠴᠠᠪᠠ᠃  ︵ᠡᠬᠡ ᠪᠢᠴᠢᠭ ᠢ ᠤᠰᠤᠨ ᠤ ᠡᠬᠢ ᠪᠠᠶᠠᠯᠢᠭ ᠤᠨ ᠲᠥᠪ ᠠᠴᠠ ᠬᠠᠩᠭᠠᠪᠠ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号