ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ | ᠪᠣᠳᠠᠲᠠᠶᠢᠵᠢᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ | ᠱᠠᠭᠠᠷᠳᠠᠯᠭ᠎ᠠ ᠶᠢ ᠴᠠᠭ ᠢᠮᠠᠭᠲᠠ ᠵᠣᠭᠰᠣᠯ ᠦᠭᠡᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷ ᠤᠨ | ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠤᠬᠠᠮᠰᠠᠷ ᠪᠣᠯᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ | ᠤᠬᠠᠮᠰᠠᠷ ᠢ ᠴᠢᠩᠭᠠᠳᠬᠠᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠡᠰᠡᠷᠭᠦ ᠲᠠᠯ᠎ᠠ ᠶᠢᠨ ᠬᠡᠷᠡᠭ ᠤᠨ | ᠵᠢᠱᠢᠶ᠎ᠡ ᠠᠴᠠ ᠰᠤᠷᠭᠠᠮᠵᠢ ᠠᠪᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 10 ᠤ ᠦᠳᠡ ᠶᠢᠨ ᠡᠮᠦᠨ᠎ᠡ᠂ ᠥᠪᠥᠷ | ᠮᠣᠩᠭᠤᠯ ᠤᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ | ᠱᠦᠵᠢ᠂ ᠡᠷᠬᠢᠯᠡᠭᠴᠢ ᠵᠠᠩ ᠸᠧᠶ ᠪᠦᠯᠬᠦᠮ ᠳᠠᠭᠠᠭᠤᠯᠵᠤ᠂ ᠲᠥᠪ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ | ᠤᠳᠤᠷᠢᠳᠬᠤ ᠺᠠᠳ᠋ᠷ᠂ ᠨᠠᠮ ᠤᠨ ᠡᠭᠦᠷ ᠤᠨ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠵᠡᠷᠭᠡ 30 ᠰᠢᠬᠠᠮ | ᠬᠥᠮᠦᠨ ᠬᠥᠬᠡᠬᠤᠲᠠ ᠶᠢᠨ ᠬᠤᠶᠠᠳᠤᠭᠠᠷ ᠭᠢᠨᠳᠠᠨ ᠳᠤ ᠬᠦᠷᠴᠦ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ | ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ | ᠬᠥᠮᠦᠵᠢᠯ ᠤᠨ ᠶᠢᠰᠦᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠨᠥᠬᠦᠳ ᠤᠷᠢᠯᠭ᠎ᠠ ᠪᠠᠷ ᠣᠷᠣᠯᠴᠠᠵᠤ᠂ | ᠬᠥᠬᠡᠬᠤᠲᠠ ᠶᠢᠨ ᠬᠤᠶᠠᠳᠤᠭᠠᠷ ᠭᠢᠨᠳᠠᠨ ᠤ ᠤᠯᠤᠰ ᠲᠥᠷᠥ ᠶᠢᠨ ᠭᠡᠰᠢᠭᠦᠨ ᠷᠧᠨ ᠭᠠᠩ ᠪᠥᠬᠦ ᠶᠠᠪᠤᠴᠠ ᠳᠤ ᠪᠠᠷ᠎ᠠ | ᠪᠣᠯᠪᠠ᠃ | | | | | | ᠲᠣᠰ ᠤᠳᠠᠭᠠᠨ ᠤ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢᠨ ᠭᠤᠤᠯ ᠰᠡᠳᠦᠪ | ᠪᠣᠯ ︽ᠰᠠᠬᠢᠯᠭ᠎ᠠ ᠪᠠᠲᠤ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ ᠠᠷᠢᠭᠤᠨ ᠴᠢᠬᠡᠴᠢ ᠶᠢᠨ | ᠬᠤᠷᠢᠭ᠎ᠠ ᠱᠤᠭᠤᠮ ᠢ ᠪᠠᠲᠤ ᠰᠠᠬᠢᠵᠤ᠂ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠠᠬᠢᠭᠤᠯᠬᠤ︾ ᠪᠣᠯᠤᠨ᠎ᠠ᠃ | ᠭᠢᠨᠳᠠᠨ ᠤ ᠺᠠᠳ᠋ᠷ ᠴᠠᠭᠳᠠᠭ᠎ᠠ ᠶᠢᠨ ᠵᠢᠯᠣᠭᠤᠳᠣᠯᠭ᠎ᠠ ᠳᠤᠤᠷ᠎ᠠ᠂ ᠣᠯᠠᠨ ᠢᠶᠠᠷ ᠢᠶᠠᠨ ᠭᠢᠨᠳᠠᠨ ᠤ ᠡᠷᠡᠭᠦᠦ ᠰᠢᠢᠳᠭᠡᠯ | ᠭᠦᠢᠴᠡᠳᠭᠡᠵᠦ ᠪᠠᠶᠢᠭ᠎ᠠ ᠬᠥᠮᠦᠰ ᠤᠨ ᠠᠮᠢᠳᠤᠷᠠᠯ ᠤᠨ ᠲᠣᠭᠤᠷᠢᠭ᠂ ᠥᠭᠡᠷᠡᠴᠢᠯᠡᠯᠲᠡ ᠶᠢᠨ ᠲᠣᠭᠤᠷᠢᠭ᠂ ᠰᠤᠷᠭᠠᠨ | ᠬᠥᠮᠦᠵᠢᠯ ᠤᠨ ᠲᠣᠭᠤᠷᠢᠭ ᠢ ᠡᠮᠬᠢ ᠵᠢᠷᠤᠮ ᠲᠠᠢ ᠪᠠᠷ ᠲᠣᠭᠤᠷᠢᠨ ᠦᠵᠡᠵᠦ᠂ ᠣᠳᠣᠬᠠᠨ ᠤ ᠭᠢᠨᠳᠠᠨ ᠤ ᠠᠵᠢᠯ ᠤᠨ | ᠪᠠᠶᠢᠳᠠᠯ ᠡᠭᠦᠷᠭᠡ᠂ ᠬᠢᠨᠠᠨ ᠬᠠᠮᠢᠶᠠᠷᠴᠤ ᠥᠭᠡᠷᠡᠴᠢᠯᠡᠬᠦ ᠲᠤᠰᠢᠶᠠᠯ ᠬᠠᠷᠢᠭᠤᠴᠠᠯᠭ᠎ᠠ ᠡᠭᠦᠷᠭᠡ ᠴᠢᠳᠠᠪᠤᠷᠢ᠂ ᠭᠢᠨᠳᠠᠨ ᠤ | ᠠᠷᠠᠳ ᠤᠨ ᠴᠠᠭᠳᠠᠭ᠎ᠠ ᠶᠢᠨ ᠠᠵᠢᠯ ᠤᠨ ᠪᠠᠶᠢᠳᠠᠯ ᠪᠠ ᠡᠷᠡᠭᠦᠦ ᠰᠢᠢᠳᠭᠡᠯ ᠭᠦᠢᠴᠡᠳᠭᠡᠵᠦ ᠪᠠᠶᠢᠭ᠎ᠠ ᠬᠥᠮᠦᠰ ᠤᠨ | ᠠᠮᠢᠳᠤᠷᠠᠯ ᠵᠢᠴᠢ ᠥᠭᠡᠷᠡᠴᠢᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠰᠡᠷᠡᠮᠵᠢᠯᠡᠭᠦᠯᠬᠦ ᠬᠥᠮᠦᠵᠢᠯ ᠤᠨ | ᠰᠠᠭᠤᠷᠢᠨ ᠭᠠᠵᠠᠷ ᠲᠤ᠂ ᠰᠡᠷᠡᠮᠵᠢᠯᠡᠭᠦᠯᠬᠦ ᠬᠥᠮᠦᠵᠢᠯ ᠤᠨ ᠦᠵᠡᠭᠦᠯᠭᠡ ᠶᠢ ᠲᠣᠭᠤᠷᠢᠨ ᠦᠵᠡᠬᠦ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠹᠢᠯᠢᠮ ᠢ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠳᠤᠮᠳᠠᠳᠤ ᠤᠯᠤᠰ ᠠᠴᠠ ᠡᠪ ᠬᠠᠮᠲᠤ ᠨᠠᠮ ᠤᠨ ᠢᠯᠵᠠᠷᠠᠯ ᠢ ᠡᠰᠡᠷᠭᠦᠴᠡᠭᠰᠡᠨ ᠥᠩᠭᠡᠷᠡᠯᠲᠡ᠂ ᠲᠥᠪ ᠵᠢᠴᠢ | ᠥᠪᠡᠷᠲᠡᠭᠡᠨ ᠵᠠᠰᠠᠬᠤ ᠣᠷᠣᠨ ᠤ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠭᠰᠡᠨ ᠠᠵᠢᠯ ᠤᠨ ᠵᠣᠷᠢᠭ | ᠰᠠᠨᠠᠭ᠎ᠠ᠂ ᠬᠠᠤᠯᠢ ᠰᠠᠬᠢᠯᠭ᠎ᠠ ᠠᠴᠠ ᠵᠥᠷᠢᠴᠡᠭᠰᠡᠨ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠪᠠ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠵᠥᠪ ᠲᠠᠯ᠎ᠠ ᠶᠢᠨ ᠲᠡᠷᠢᠭᠦᠨ ᠤ ᠦᠢᠯᠡ ᠠᠵᠢᠯᠯᠠᠭ᠎ᠠ ᠵᠡᠷᠭᠡ | ᠲᠠᠯ᠎ᠠ ᠪᠠᠷ᠂ ᠪᠥᠬᠦ ᠨᠠᠮ ᠤᠨ ᠭᠡᠰᠢᠭᠦᠨ ᠺᠠᠳ᠋ᠷᠴᠤᠳ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ | ᠰᠡᠷᠡᠮᠵᠢᠯᠡᠭᠦᠯᠬᠦ ᠬᠥᠮᠦᠵᠢᠯ ᠢ ᠲᠥᠪᠯᠡᠷᠡᠭᠦᠯᠦᠨ ᠬᠦᠷᠲᠡᠭᠡᠪᠡ᠃ ᠥᠪᠡᠷ ᠤᠨ ᠪᠡᠶ᠎ᠡ ᠪᠠᠷ ᠢᠶᠠᠨ ᠬᠠᠤᠯᠢ ᠬᠡᠯᠡᠬᠦ | ᠵᠠᠩᠭᠢᠯᠠᠭ᠎ᠠ᠂ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠳᠤ ᠡᠷᠡᠭᠦᠦ ᠰᠢᠢᠳᠭᠡᠯ ᠭᠦᠢᠴᠡᠳᠬᠡᠵᠦ | ᠪᠠᠶᠢᠭ᠎ᠠ ᠬᠥᠮᠦᠰ ᠨᠢᠭᠡᠨ ᠺᠠᠳ᠋ᠷ ᠪᠠᠶᠢᠭᠰᠠᠨ ᠠᠴᠠ ᠪᠠᠨ ᠶᠠᠯᠠᠳᠠᠨ ᠪᠤᠯᠵᠤ ᠲᠤᠷᠦ᠋ᠢᠳᠠᠭᠰᠠᠨ ᠶᠠᠪᠤᠴᠠ ᠵᠢᠴᠢ | ᠡᠭᠦᠨ ᠠᠴᠠ ᠪᠤᠯᠵᠤ ᠨᠡᠶᠢᠭᠡᠮ᠂ ᠨᠢᠭᠡᠴᠢ᠂ ᠭᠡᠷ ᠪᠦᠯᠢ ᠪᠠ ᠬᠤᠪᠢ ᠬᠥᠮᠦᠨ ᠳᠤ ᠤᠴᠠᠷᠠᠭᠤᠯᠤᠭᠰᠠᠨ ᠬᠤᠣᠷ | ᠬᠥᠨᠥᠭᠡᠯ ᠵᠢᠴᠢ ᠡᠭᠡᠭᠦᠯᠵᠦ ᠪᠣᠯᠤᠰᠢ ᠦᠭᠡᠢ ᠨᠥᠯᠥᠭᠡ ᠶᠢ ᠶᠠᠷᠢᠭᠰᠠᠨ ᠪᠥᠭᠡᠳ ᠬᠦᠰᠡᠯᠡᠩ ᠢᠲᠡᠭᠡᠯ ᠵᠣᠷᠢᠭ ᠨᠢ | ᠳᠤᠲᠠᠮᠠᠭ᠂ ᠵᠢᠷᠭᠠᠵᠤ ᠴᠡᠩᠭᠡᠬᠦ ᠳᠤ ᠰᠢᠨᠤᠬᠠᠶᠢᠷᠠᠬᠤ᠂ ᠭᠤᠷᠢᠳᠠᠬᠤ ᠪᠤᠳᠤᠯ ᠣᠷᠣᠰᠢᠬᠤ ᠵᠡᠷᠭᠡ ᠬᠦᠴᠦᠨ ᠵᠦᠢᠯ ᠢ | ᠵᠠᠳᠠᠯᠤᠨ ᠰᠢᠨᠵᠢᠯᠡᠵᠦ᠂ ᠡᠷᠬᠡ ᠲᠤᠰᠢᠶᠠᠯ ᠢᠶᠠᠨ ᠠᠰᠢᠭᠯᠠᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠨ᠂ | ᠡᠴᠦᠰ ᠲᠡᠭᠡᠨ ᠶᠠᠯ᠎ᠠ ᠬᠢᠬᠦ ᠵᠠᠮ ᠢᠶᠠᠷ ᠵᠠᠮᠨᠠᠭᠰᠠᠨ ᠰᠡᠳᠬᠢᠯ ᠤᠨ ᠥᠩᠭᠡᠷᠡᠯᠲᠡ ᠶᠢ ᠨᠢ ᠵᠠᠳᠠᠯᠤᠭᠰᠠᠨ ᠪᠠᠶᠢᠨ᠎ᠠ᠃ | ᠲᠤᠰ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠰᠡᠷᠡᠮᠵᠢᠯᠡᠭᠦᠯᠦᠯ ᠤᠨ ᠬᠥᠮᠦᠵᠢᠯ ᠠᠴᠠ | ᠦᠵᠡᠪᠡᠯ᠂ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠬᠢᠴᠢᠶᠡᠩᠭᠦᠶ ᠪᠣᠯᠭᠤᠮᠵᠢᠲᠠᠶ ᠪᠠᠶᠢᠵᠤ᠂ ᠠᠷᠢᠭᠤᠨ | ᠴᠢᠬᠡᠴᠢ ᠪᠠᠷ ᠪᠡᠶ᠎ᠡ ᠪᠠᠨ ᠪᠠᠷᠢᠵᠤ᠂ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠴᠢᠳᠠᠪᠤᠷᠢ ᠪᠠᠨ | ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ︔ ᠡᠭᠦᠨ ᠤ ᠬᠠᠮᠲᠤ᠂ ᠵᠠᠰᠠᠭ ᠶᠠᠪᠤᠭᠤᠯᠬᠤ ᠶᠣᠰᠣ ᠰᠤᠷᠲᠠᠬᠤᠨ ᠢᠶᠠᠨ ᠪᠠᠶᠢᠩᠭᠤ | ᠪᠣᠯᠪᠠᠰᠤᠷᠠᠭᠤᠯᠵᠤ᠂ ᠪᠡᠶ᠎ᠡ ᠪᠠᠨ ᠪᠠᠷᠢᠬᠤ ᠪᠤᠳᠤᠯ ᠢ ᠦᠷᠭᠦᠯᠵᠢ ᠡᠪᠦᠷᠯᠡᠵᠦ᠂ ᠬᠤᠪᠳᠤᠭ ᠰᠢᠨᠤᠯ ᠤᠨ ᠬᠤᠣᠷ | ᠬᠥᠨᠥᠭᠡᠯ ᠢ ᠦᠷᠭᠦᠯᠵᠢ ᠪᠣᠳᠣᠯᠬᠢᠯᠠᠵᠤ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠰᠡᠷᠡᠮᠵᠢ ᠶᠢᠨ ᠬᠤᠩᠬᠤ ᠶᠢ | ᠪᠠᠶᠢᠩᠭᠤ ᠳᠤᠤᠭᠠᠷᠭᠠᠵᠤ᠂ ᠰᠠᠶᠢᠨ ᠰᠠᠶᠢᠬᠠᠨ ᠰᠡᠷᠡᠮᠵᠢ ᠶᠢᠨ ᠦᠷ᠎ᠡ ᠪᠦᠲᠦᠮᠵᠢ ᠤᠯᠬᠤ ᠬᠡᠷᠡᠭᠲᠡᠢ᠃ | ᠣᠯᠠᠨ ᠢᠶᠠᠷ ᠢᠶᠠᠨ ᠰᠠᠨᠠᠯ ᠨᠢᠭᠡᠲᠡᠶ ᠢᠯᠡᠷᠬᠡᠶᠢᠯᠡᠭᠰᠡᠨ ᠨᠢ᠂ ᠲᠣᠰ ᠤᠳᠠᠭᠠᠨ ᠤ ᠥᠨᠳᠥᠷ ᠬᠡᠷᠡᠮ ᠳᠣᠲᠣᠷᠠᠬᠢ ᠠᠷᠢᠭᠤᠨ | ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠥᠮᠦᠵᠢᠯ ᠤᠨ ᠠᠵᠢᠯᠯᠠᠭ᠎ᠠ ᠨᠢ ᠬᠥᠮᠦᠰ ᠢ ᠭᠦᠨ ᠰᠡᠳᠬᠢᠭᠦᠯᠵᠦ᠂ | ᠰᠦᠭ ᠰᠦᠨᠡᠰᠦ ᠶᠢ ᠭᠦᠨ ᠬᠥᠨᠳᠡᠬᠦ ᠪᠣᠯᠤᠨ᠎ᠠ᠃ ᠮᠠᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠵᠥᠪ | ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠶᠢ ᠪᠤᠢ ᠪᠣᠯᠭᠠᠵᠤ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠴᠠᠭ ᠢᠮᠠᠭᠲᠠ ᠥᠪᠡᠷ ᠢ ᠪᠠᠨ ᠰᠡᠷᠡᠮᠵᠢᠯᠡᠭᠦᠯᠵᠦ ᠥᠪᠡᠷ ᠢ ᠪᠠᠨ | ᠲᠤᠩᠭᠠᠨ᠂ ᠤᠯᠤᠰ ᠲᠦᠷᠦ ᠶᠢᠨ ᠤᠯᠠᠭᠠᠨ ᠱᠤᠭᠤᠮ᠂ ᠰᠠᠬᠢᠯᠭ᠎ᠠ ᠪᠠᠲᠤ ᠶᠢᠨ ᠥᠨᠳᠥᠷ ᠬᠦᠴᠦᠳᠡᠯᠲᠦ ᠱᠤᠭᠤᠮ ᠢ | ᠪᠠᠲᠤ ᠰᠠᠬᠢᠬᠤ᠂ ᠠᠷᠢᠭᠤᠨ ᠴᠢᠬᠡᠴᠢ ᠶᠢᠨ ᠬᠢᠵᠠᠭᠠᠷ ᠱᠤᠭᠤᠮ ᠢ ᠪᠠᠲᠤ ᠰᠠᠬᠢᠬᠤ ᠤᠯᠤᠰ ᠲᠦᠷᠦ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠶᠣᠰᠣ | ᠲᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ | ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ | ᠭᠤᠣᠯ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠲᠤᠰ ᠤᠳᠠᠭ᠎ᠠ ᠶᠢᠨ ᠴᠢᠬᠡᠴᠢ ᠵᠠᠰᠠᠭ ᠤᠨ ᠰᠡᠷᠡᠮᠵᠢᠯᠡᠭᠦᠯᠬᠦ | ᠬᠥᠮᠦᠵᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠺᠠᠳ᠋ᠷ ᠤᠨ ᠡᠩᠨᠡᠭᠡ ᠶᠢᠨ ᠴᠢᠬᠡᠴᠢ | ᠵᠠᠰᠠᠭ ᠤᠨ ᠬᠥᠮᠦᠵᠢᠯ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ | ᠨᠠᠮᠴᠢ ᠴᠢᠨᠠᠷ ᠤᠨ ᠪᠣᠯᠪᠠᠰᠤᠷᠠᠯ ᠪᠣᠯᠤᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢ ᠲᠠᠰᠤᠷᠠᠯᠳᠠ | ᠦᠭᠡᠢ ᠳᠡᠭᠡᠭᠰᠢᠯᠡᠭᠦᠯᠵᠦ᠂ ᠠᠷᠢᠭᠤᠨ ᠴᠢᠬᠡᠴᠢ ᠶᠢ ᠡᠷᠬᠢᠮᠯᠡᠬᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ | ᠤᠯᠤᠰ ᠲᠦᠷᠦ ᠶᠢᠨ ᠠᠮᠢ ᠠᠬᠤᠢ ᠪᠣᠯᠤᠨ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠤᠢ ᠪᠣᠯᠭᠠᠬᠤ ᠪᠠᠷ ᠭᠤᠣᠯᠳᠠᠯᠭ᠎ᠠ ᠪᠣᠯᠭᠠᠨ᠎ᠠ᠃ | |