ᠠᠷᠠᠳ ᠤᠨ ᠡᠳᠦᠷ ᠤᠨ ᠰᠣᠨᠢᠨ᠄ ᠲᠥᠪ ᠤᠨ ᠡᠳ᠋ ᠤᠨ ᠵᠠᠰᠠᠭ ᠠᠴᠠ ᠤᠯᠤᠰ ᠤᠨ ᠦᠶᠡᠷ ᠬᠤᠷᠠᠭᠤᠯᠵᠤ ᠲᠣᠭᠲᠠᠭᠠᠬᠤ ᠣᠷᠣᠨ ᠢ ᠳᠡᠮᠵᠢᠬᠦ 10 ᠳ᠋ᠦᠩᠰᠢᠭᠤᠷ ᠲᠥᠭᠦᠷᠢᠭ ᠢ ᠪᠠᠴᠢᠮ ᠤᠷᠢᠳᠴᠢᠯᠠᠨ ᠪᠠᠭᠤᠯᠭᠠᠪᠠ ᠭᠠᠮᠰᠢᠭᠳᠠᠭᠰᠠᠨ ᠣᠯᠠᠨ ᠲᠦᠮᠡᠨ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢᠶᠠᠨ ᠲᠦᠷᠭᠡᠬᠡᠨ ᠰᠡᠷᠭᠦᠭᠡᠬᠦ ᠬᠡᠷᠡᠭᠲᠡᠶ
ᠨᠡᠶᠢᠲᠡᠯᠡᠭᠰᠡᠨ ᠴᠠᠭ᠄
2023/8/14
︽ᠠᠷᠠᠳ ᠤᠨ ᠡᠳᠦᠷ ᠤᠨ ᠰᠣᠨᠢᠨ︾ ︵2023 ᠣᠨ ᠤ 8 ᠳ᠋ᠤᠭᠠᠷ ᠰᠠᠷ᠎ᠠ ᠶᠢᠨ 10 ᠤ ᠡᠳᠦᠷ ᠤᠨ ᠬᠡᠪᠯᠡᠯ ᠤᠨ 04 ᠳ᠋ᠦ᠋ᠭᠡᠷ ᠨᠢᠭᠤᠷ︶  ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠴᠢᠦᠶ ᠵᠧ ᠬᠠᠨ︶ ᠣᠶᠢᠷ᠎ᠠ ᠳᠤ᠂ ᠲᠠᠶᠢᠹᠧᠩ ᠰᠠᠯᠬᠢ ︽ᠳ᠋ᠦ᠋ ᠰᠦ ᠷᠦᠢ︾ ᠶᠢᠨ ᠨᠥᠯᠥᠭᠡ ᠪᠠᠷ ᠬᠠᠶᠢᠾᠧ ᠭᠤᠤᠯ ᠤᠨ ᠰᠠᠪᠠ ᠭᠠᠵᠠᠷ ᠬᠦᠨᠳᠦ ᠨᠣᠴᠢᠲᠠᠶ ᠦᠶᠡᠷ ᠤᠰᠤᠲᠤᠯ ᠤᠨ ᠭᠠᠮᠰᠢᠭ ᠲᠤ ᠤᠴᠠᠷᠠᠪᠠ᠃ ᠲᠢᠶᠠᠨᠵᠢᠨ᠂ ᠡᠾᠧᠪᠸᠢ᠂ ᠾᠧᠨᠠᠨ ᠵᠡᠷᠭᠡ ᠭᠠᠵᠠᠷ ᠤᠷᠢᠳ ᠬᠤᠵᠢᠳ ᠬᠠᠶᠢᠾᠧ ᠭᠤᠤᠯ ᠤᠨ ᠰᠠᠪᠠ ᠭᠠᠵᠠᠷ ᠤᠨ ᠤᠯᠤᠰ ᠤᠨ ᠦᠶᠡᠷ ᠢ ᠲᠣᠭᠲᠠᠭᠠᠨ ᠬᠠᠳᠠᠭᠠᠯᠠᠬᠤ 8 ᠣᠷᠣᠨ ᠢ ᠡᠬᠢᠯᠡᠨ ᠬᠡᠷᠡᠭᠯᠡᠵᠦ᠂ ᠳᠤᠤᠷᠠᠳᠤ ᠤᠷᠤᠰᠬᠠᠯ ᠤᠨ ᠣᠷᠣᠨ ᠤ ᠦᠶᠡᠷ ᠢ ᠰᠡᠷᠭᠡᠶᠢᠯᠡᠬᠦ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠪᠡ᠃ 8 ᠳ᠋ᠤᠭᠠᠷ ᠰᠠᠷ᠎ᠠ ᠶᠢᠨ 9 ᠤ ᠡᠳᠦᠷ᠂ ᠡᠳ᠋ ᠤᠨ ᠵᠠᠰᠠᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ 10 ᠳ᠋ᠦᠩᠰᠢᠭᠤᠷ ᠲᠥᠭᠦᠷᠢᠭ ᠪᠠᠴᠢᠮ ᠪᠠᠭᠤᠯᠭᠠᠵᠤ᠂ ᠤᠯᠤᠰ ᠤᠨ ᠦᠶᠡᠷ ᠲᠣᠭᠲᠠᠭᠠᠬᠤ ᠣᠷᠣᠨ ᠤ ᠬᠡᠷᠡᠭᠯᠡᠯᠲᠡ ᠶᠢᠨ ᠬᠤᠭᠤᠴᠠᠭᠠᠨ ᠳᠠᠬᠢ ᠣᠯᠠᠨ ᠲᠦᠮᠡᠨ ᠤ ᠲᠠᠷᠢᠮᠠᠯ᠂ ᠲᠤᠰᠬᠠᠶ ᠲᠡᠵᠢᠭᠡᠪᠦᠷᠢ ᠶᠢᠨ ᠦᠢᠯᠡᠰ᠂ ᠠᠵᠤ ᠠᠬᠤᠶ ᠶᠢᠨ ᠣᠶ᠂ ᠣᠷᠣᠨ ᠰᠠᠭᠤᠴᠠ᠂ ᠬᠡᠷ ᠪᠦᠯᠢ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠮᠠᠰᠢᠨ ᠮᠧᠬᠠᠨᠢᠭ ᠵᠡᠷᠭᠡ ᠤᠰᠤᠨ ᠳᠤ ᠬᠤᠬᠢᠷᠠᠭᠰᠠᠨ ᠬᠤᠬᠢᠷᠠᠯ ᠳᠤ ᠨᠥᠬᠦᠪᠥᠷᠢ ᠥᠭᠴᠦ᠂ ᠭᠠᠮᠰᠢᠭᠳᠠᠭᠰᠠᠨ ᠣᠯᠠᠨ ᠲᠦᠮᠡᠨ ᠢ ᠬᠠᠪᠰᠤᠷᠤᠨ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠨᠢ ᠲᠦᠷᠭᠡᠬᠡᠨ ᠰᠡᠷᠭᠦᠭᠡᠪᠡ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号