ᠰᠢᠨᠬᠤᠸᠠ ᠬᠤᠷᠢᠶ᠎ᠠ᠄ 9 ᠰᠠᠯᠠᠭ᠎ᠠ ᠮᠥᠴᠢᠷ ᠬᠠᠮᠲᠤᠷᠠᠨ ᠭᠡᠷ᠎ᠡ ᠪᠠᠷ ᠤᠰᠤ ᠠᠷᠪᠢᠯᠠᠬᠤ ᠶᠢ ᠳᠡᠯᠭᠡᠷᠡᠭᠦᠯᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2023/8/14
  ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ᠰᠤᠷᠪᠤᠯᠵᠢᠯᠠᠭᠴᠢ 8 ᠤ ᠡᠳᠦᠷ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠤᠰᠤᠨ ᠠᠰᠢᠭᠯᠠᠯᠲᠠ ᠶᠢᠨ ᠶᠠᠮᠤᠨ ᠵᠡᠷᠭᠡ 9 ᠰᠠᠯᠠᠭ᠎ᠠ ᠮᠥᠴᠢᠷ ᠣᠶᠢᠷ᠎ᠠ ᠳᠤ ᠬᠠᠮᠲᠤᠷᠠᠨ ︽ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢ ᠳᠡᠯᠭᠡᠷᠡᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ᠂ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠬᠢᠬᠦ ᠵᠡᠷᠭᠡ ᠲᠠᠪᠤᠨ ᠲᠠᠯ᠎ᠠ ᠶᠢᠨ 15 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠴᠤ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢ ᠳᠡᠯᠭᠡᠷᠡᠭᠦᠯᠬᠦ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃  ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ᠠᠷᠭ᠎ᠠ ᠬᠡᠮᠵᠢᠶ᠎ᠡ ᠨᠦᠭᠦᠳ ᠲᠤ᠂ ᠤᠰᠤ ᠠᠪᠬᠤ ᠵᠥᠪᠰᠢᠶᠡᠷᠡᠯ᠂ ᠲᠥᠯᠥᠪᠯᠡᠭᠡ ᠲᠠᠢ ᠤᠰᠤ ᠬᠡᠷᠡᠭᠯᠡᠬᠦ ᠪᠠ ᠨᠣᠷᠮ᠎ᠠ ᠲᠣᠭᠲᠠᠭᠠᠨ ᠬᠠᠮᠢᠶᠠᠷᠬᠤ ᠶᠢ ᠴᠢᠩᠳᠠᠯᠠᠵᠤ᠂ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ ᠶᠢ ᠡᠷᠡᠰ ᠬᠤᠷᠢᠭᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠩᠭᠠᠬᠤ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠪᠠ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ ᠤᠰᠤᠨ ᠤ ᠦᠨ᠎ᠡ ᠬᠠᠩᠰᠢ ᠶᠢᠨ ᠵᠥᠷᠢᠶᠡᠲᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠥᠷᠨᠢᠭᠦᠯᠬᠦ ᠶᠢ ᠵᠣᠷᠢᠭᠵᠢᠭᠤᠯᠵᠤ᠂ ᠲᠠᠷᠢᠶᠠᠯᠠᠩ ᠤᠨ ᠤᠰᠤᠯᠠᠯᠲᠠ᠂ ᠭᠤᠤᠯᠳᠠᠯᠭ᠎ᠠ ᠲᠠᠢ ᠤᠰᠤ ᠬᠡᠷᠡᠭᠯᠡᠬᠦ ᠠᠵᠢᠯ ᠲᠥᠷᠥᠯ ᠵᠡᠷᠭᠡ ᠬᠦᠷᠢᠶ᠎ᠡ ᠴᠠᠷᠠᠭ᠎ᠠ ᠳᠤ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠲᠥᠷᠥᠯ ᠵᠦᠢᠯ ᠤᠨ ᠠᠷᠪᠢᠯᠠᠭᠰᠠᠨ ᠤᠰᠤᠨ ᠤ ᠬᠡᠮᠵᠢᠶ᠎ᠡ ᠶᠢ ᠬᠡᠷᠡᠭᠵᠢᠭᠦᠯᠬᠦ ᠶᠢ ᠢᠳᠡᠪᠬᠢᠲᠡᠶ ᠠᠬᠢᠭᠤᠯᠵᠤ᠂ ᠤᠰᠤ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠬᠤᠷᠢᠶᠠᠨ ᠬᠠᠳᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠷᠠᠯᠵᠢᠶᠠᠯᠠᠵᠤ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃   ᠤᠯᠠᠨ ᠠᠷᠭ᠎ᠠ ᠬᠡᠮᠵᠢᠶ᠎ᠡ ᠨᠦᠭᠦᠳ ᠲᠤ ᠲᠤᠳᠤᠷᠬᠠᠢ ᠲᠤᠭᠲᠠᠭᠠᠭᠰᠠ ᠨᠢ᠂ ᠤᠰᠤ ᠠᠷᠪᠢᠯᠠᠬᠤ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠬᠡᠮᠵᠢᠯᠲᠡ ᠶᠢ ᠬᠢᠨᠠᠨ ᠬᠡᠮᠵᠢᠬᠦ᠂ ᠮᠡᠷᠭᠡᠵᠢᠯ ᠤᠨ ᠪᠠᠷᠢᠮᠵᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠵᠡᠷᠭᠡ ᠲᠠᠯ᠎ᠠ ᠪᠠᠷ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠠᠵᠤ ᠠᠬᠤᠶᠢᠯᠠᠯ᠂ ᠤᠰᠤ ᠠᠷᠪᠢᠯᠠᠬᠤ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ᠂ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠨᠢ ᠲᠤᠰ ᠪᠡᠶ᠎ᠡ ᠶᠢᠨ ᠳᠠᠪᠠᠭᠤᠯᠢᠭ ᠢᠶᠠᠨ ᠠᠰᠢᠭᠯᠠᠨ᠂ ᠲᠤᠰᠬᠠᠶᠢᠵᠢᠭᠰᠠᠨ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ᠎ᠠ᠃ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ︽ᠲᠤᠰᠬᠠᠶ ᠨᠠᠷᠢᠯᠢᠭ ᠣᠨᠴᠠᠭᠠᠢ ᠰᠢᠨ᠎ᠡ︾ ᠳᠤᠮᠳᠠ ᠪᠠᠭ᠎ᠠ ᠠᠵᠤ ᠠᠬᠤᠶᠢᠯᠠᠯ ᠢᠶᠠᠷ ᠮᠡᠳᠡᠭᠦᠯᠬᠦ ᠶᠢ ᠳᠡᠮᠵᠢᠵᠦ᠂ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠤᠨ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃   ᠤᠯᠠᠨ ᠠᠷᠭ᠎ᠠ ᠬᠡᠮᠵᠢᠶ᠎ᠡ ᠳᠤ ᠲᠤᠳᠤᠷᠬᠠᠢ ᠴᠢᠬᠤᠯᠠᠴᠢᠯᠠᠭᠰᠠᠨ ᠨᠢ᠂ ᠤᠰᠤ ᠠᠷᠪᠢᠯᠠᠬᠤ ᠬᠠᠮᠢᠶᠠᠷᠤᠯᠲᠠ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠬᠡᠷᠡᠭᠲᠡᠶ᠃ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠲᠥᠪ ᠤᠨ ᠡᠳ᠋ ᠤᠨ ᠵᠠᠰᠠᠭ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠠᠯᠠ ᠮᠥᠩᠭᠦ ᠠᠴᠠ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠲᠥᠷᠥᠯ ᠵᠦᠢᠯ ᠳᠤ ᠵᠣᠬᠢᠬᠤ ᠳᠡᠮᠵᠢᠯᠭᠡ ᠦᠵᠡᠭᠦᠯᠦᠨ᠎ᠡ᠃ ᠡᠳ᠋ ᠤᠨ ᠵᠠᠰᠠᠭ ᠤᠨ ᠲᠥᠰᠦᠪ ᠤᠨ ᠨᠢᠭᠡᠴᠢ ᠨᠢ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠲᠥᠷᠥᠯ  ᠵᠦᠢᠯ ᠢ ᠬᠡᠷᠡᠭᠵᠢᠭᠦᠯᠵᠦ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠳᠤ ᠥᠭᠬᠦ ᠵᠠᠷᠤᠳᠠᠯ ᠢ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨ ᠵᠠᠷᠤᠳᠠᠯ ᠤᠨ ᠵᠦᠶ ᠵᠣᠬᠢᠰᠲᠠᠶ ᠵᠠᠷᠤᠯᠭ᠎ᠠ ᠪᠣᠯᠭᠠᠵᠤ ᠪᠣᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ᠂ ᠤᠰᠤ ᠠᠷᠪᠢᠯᠠᠬᠤ ᠬᠡᠯᠪᠡᠷᠢ ᠶᠢᠨ ᠤᠰᠤᠯᠠᠯᠲᠠ ᠶᠢᠨ ᠣᠷᠣᠨ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤ ᠠᠷᠪᠢᠯᠠᠬᠤ ᠬᠡᠯᠪᠡᠷᠢ ᠶᠢᠨ  ᠨᠢᠭᠡᠴᠢ᠂ ᠤᠰᠤᠨ ᠤ ᠦᠷ᠎ᠡ ᠠᠰᠢᠭ ᠤᠨ ᠳᠠᠭᠠᠭᠤᠯᠤᠭᠴᠢ ᠵᠢᠴᠢ ᠤᠰᠤ ᠠᠷᠪᠢᠯᠠᠬᠤ ᠠᠵᠤ ᠦᠢᠯᠡᠰ᠂ ᠲᠥᠷᠥᠯ ᠵᠦᠢᠯ ᠬᠢᠭᠡᠳ ᠦᠢᠡᠯᠴᠢᠯᠡᠭᠡᠨ ᠵᠡᠷᠭᠡ ᠳᠤ ᠴᠡᠪᠡᠷ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠶᠢ ᠳᠡᠮᠵᠢᠨ᠎ᠡ᠃  ᠠᠵᠢᠯ ᠲᠥᠷᠥᠯ ᠤᠨ ᠬᠥᠮᠦᠰ ᠤᠨ ᠦᠵᠡᠬᠦ ᠪᠠᠷ᠂ ᠭᠡᠷ᠎ᠡ ᠪᠠᠷ ᠤᠰᠤ ᠠᠷᠪᠢᠯᠠᠬᠤ ᠨᠢ ᠤᠰᠤ ᠠᠷᠪᠢᠯᠠᠬᠤ ᠬᠠᠮᠢᠶᠠᠷᠤᠯᠲᠠ ᠪᠣᠯ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ ᠶᠢᠨ ᠴᠢᠬᠤᠯᠠ ᠭᠠᠷᠳᠠᠴᠠ ᠮᠥᠨ᠂ ᠡᠳᠦᠶ ᠲᠡᠳᠦᠶ ᠠᠷᠭ᠎ᠠ ᠬᠡᠮᠵᠢᠶ᠎ᠡ ᠶᠢ ᠨᠡᠶᠢᠲᠡᠯᠡᠬᠦ ᠨᠢ ᠤᠰᠤ ᠠᠷᠪᠢᠯᠠᠬᠤ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠪᠠᠯᠠ ᠮᠥᠩᠭᠦᠨ ᠤ ᠬᠡᠯᠬᠢᠶ᠎ᠡ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ ᠶᠢᠨ ᠠᠭᠤᠰᠤᠯᠳᠤᠨ ᠬᠥᠭᠵᠢᠬᠦ ᠶᠢ ᠳᠥᠯᠭᠢᠨ ᠠᠬᠢᠭᠤᠯᠬᠤ ᠳᠤ ᠠᠰᠢᠭᠲᠠᠶ ᠨᠥᠬᠦᠴᠡᠯ ᠢ ᠪᠣᠶ ᠪᠣᠯᠭᠠᠵᠤ᠂ ︽ᠬᠤᠶᠠᠷ ᠲᠠᠯ᠎ᠠ ᠪᠠᠷ ᠬᠦᠴᠦᠯᠡᠬᠦ︾ ᠲᠦᠷᠭᠡᠨ ᠬᠥᠭᠵᠢᠬᠦ ᠰᠢᠨ᠎ᠡ ᠪᠠᠶᠢᠳᠠᠯ ᠢ ᠪᠣᠶ ᠪᠣᠯᠭᠠᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠪᠣᠯᠤᠨ᠎ᠠ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号