ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠬᠢᠩᠭᠠᠨ ᠠᠶᠢᠮᠠᠭ ᠤᠨ ᠴᠠᠷᠠᠰᠤᠨ ᠤᠰᠤᠨ ᠴᠥᠭᠦᠷᠥᠮ ᠤᠨ ᠳᠣᠤᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠬᠢᠭᠡᠳ ᠤᠰᠤ ᠠᠷᠪᠢᠯᠠᠬᠤ ᠥᠭᠡᠷᠡᠴᠢᠯᠡᠯᠲᠡ ᠶᠢᠨ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡ︾ ᠶᠢᠨ ᠢᠨᠵᠧᠨᠧᠷᠢᠩ ᠤᠨ ᠠᠵᠢᠯ ᠳᠠᠭᠤᠰᠤᠭᠰᠠᠨ ᠢ ᠰᠢᠯᠭᠠᠨ ᠠᠪᠴᠤ ᠬᠢᠨᠠᠨ ᠲᠣᠭᠲᠠᠭᠠᠬᠤ ᠪᠢᠴᠢᠭ ᠢ ᠳᠠᠷᠤᠮᠠᠯᠯᠠᠨ ᠶᠠᠪᠤᠭᠤᠯᠬᠤ ᠲᠤᠬᠠᠶ ᠤᠨ ᠮᠡᠳᠡᠭᠳᠡᠯ
ᠨᠡᠶᠢᠲᠡᠯᠡᠭᠰᠡᠨ ᠴᠠᠭ᠄
2023/8/22
  ᠬᠡᠯᠬᠢᠶᠡᠰᠦᠨ ᠨᠣᠮᠧᠷ᠄ 000014348/2023-03969  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤᠨ ᠲᠠᠷᠢᠶᠠᠯᠠᠩ ﹇2023﹈ 89 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 8 ᠳ᠋ᠤᠭᠠᠷ ᠰᠠᠷ᠎ᠠ ᠶᠢᠨ 19 ᠤ ᠡᠳᠦᠷ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠄  2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ 4 ᠤ ᠡᠳᠦᠷ ᠪᠣᠯᠲᠠᠯ᠎ᠠ᠂ ᠮᠠᠨ ᠤ ᠲᠢᠩᠬᠢᠮ ᠬᠤᠯᠪᠣᠭᠳᠠᠯ ᠪᠥᠬᠦᠶ ᠨᠢᠭᠡᠴᠢ ᠶᠢ ᠵᠣᠬᠢᠶᠠᠨ ᠪᠠᠶᠢᠭᠤᠯᠵᠤ ᠪᠠᠶᠢᠭᠠᠳ ᠬᠢᠩᠭᠠᠨ ᠠᠶᠢᠮᠠᠭ ᠤᠨ ᠴᠠᠷᠠᠰᠤᠨ ᠤᠰᠤᠨ ᠴᠥᠭᠦᠷᠥᠮ ᠤᠨ ᠳᠤᠤᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠬᠢᠭᠡᠳ ᠤᠰᠤ ᠠᠷᠪᠢᠯᠠᠬᠤ ᠥᠭᠡᠷᠡᠴᠢᠯᠡᠯᠲᠡ ᠶᠢᠨ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡ︾ ᠶᠢᠨ ᠢᠨᠵᠧᠨᠧᠷᠢᠩ ᠢ ᠠᠵᠢᠯ ᠳᠠᠭᠤᠰᠬᠠᠵᠤ ᠰᠢᠯᠭᠠᠨ ᠠᠪᠴᠤ᠂ ᠰᠢᠯᠭᠠᠨ ᠠᠪᠬᠤ ᠺᠣᠮᠢᠰ ᠠᠴᠠ ᠰᠢᠯᠭᠠᠨ ᠠᠪᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠲᠥᠷᠥᠯ  ᠵᠦᠢᠯ ᠤᠨ ᠬᠠᠤᠯᠢ ᠶᠢᠨ ᠡᠷᠬᠡᠲᠡᠨ ᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ 2023 ᠣᠨ ᠤ 8 ᠳ᠋ᠤᠭᠠᠷ ᠰᠠᠷ᠎ᠠ ᠳᠤ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠴᠡᠭᠴᠡᠯᠡᠨ ᠰᠠᠶᠢᠵᠢᠷᠠᠭᠤᠯᠬᠤ ᠮᠠᠲ᠋ᠧᠷᠢᠶᠠᠯ ᠢᠶᠠᠨ ᠲᠤᠰᠢᠶᠠᠵᠤ᠂ ᠳᠠᠬᠢᠨ ᠬᠢᠨᠠᠭᠤᠯᠬᠤ ᠪᠠᠷ ᠳᠡᠮᠵᠢᠨ᠂ ᠪᠠᠷᠢᠯᠭ᠎ᠠ ᠶᠢᠨ ᠶᠠᠰᠤ ᠴᠢᠨᠠᠷ ᠤᠨ ᠵᠡᠷᠭᠡ ᠳᠡᠰ ᠢ ᠬᠢᠷᠢ ᠲᠡᠩᠴᠡᠭᠰᠡᠨ ᠢᠶᠠᠷ ᠬᠢᠨᠠᠨ ᠲᠣᠭᠲᠠᠭᠠᠵᠤ᠂ ᠰᠢᠯᠭᠠᠨ ᠬᠤᠷᠢᠶᠠᠬᠤ ᠶᠢ ᠵᠥᠪᠰᠢᠶᠡᠷᠡᠪᠡ᠃ ᠲᠠᠨ ᠤ ᠨᠢᠭᠡᠴᠢ ︽ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠬᠢᠨᠠᠨ ᠲᠣᠭᠲᠠᠭᠠᠭᠰᠠᠨ ᠪᠢᠴᠢᠭ︾ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠨᠢᠭᠡᠴᠢ ᠳᠤ ᠶᠠᠪᠤᠭᠤᠯᠵᠤ ᠥᠭᠬᠦ ᠶᠢᠨ ᠬᠠᠮᠲᠤ᠂ ᠬᠢᠨᠠᠨ ᠲᠣᠭᠲᠠᠭᠠᠭᠰᠠᠨ ᠪᠢᠴᠢᠭ ᠲᠤ ᠳᠤᠷᠠᠳᠤᠭᠰᠠᠨ ᠰᠠᠨᠠᠯ ᠪᠠ ᠰᠠᠨᠠᠭᠤᠯᠭ᠎ᠠ ᠪᠠᠨ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠭᠡᠷᠡᠢ᠃  ᠪᠠᠷᠢᠯᠭ᠎ᠠ ᠶᠢ ᠲᠤᠰᠢᠶᠠᠨ ᠥᠭᠴᠦ ᠬᠡᠷᠡᠭᠯᠡᠭᠦᠯᠦᠭᠰᠡᠨ ᠤ ᠳᠠᠷᠠᠭ᠎ᠠ᠂ ᠬᠠᠮᠢᠶᠠᠷᠤᠯᠲᠠ ᠶᠢᠨ ᠨᠢᠭᠡᠴᠢ ᠨᠢ ᠬᠠᠮᠢᠶᠠᠷᠴᠤ ᠬᠠᠮᠠᠭᠠᠯᠠᠬᠤ ᠠᠵᠢᠯ ᠢᠶᠠᠨ ᠴᠢᠩᠭᠠᠳᠬᠠᠨ᠂ ᠪᠠᠷᠢᠯᠭ᠎ᠠ ᠶᠢᠨ ᠠᠶᠤᠯ ᠦᠭᠡᠶ ᠠᠵᠢᠯᠯᠠᠬᠤ ᠶᠢ ᠪᠠᠲᠤᠯᠠᠵᠤ᠂ ᠦᠷ᠎ᠡ ᠠᠰᠢᠭ ᠢ ᠨᠢ ᠭᠦᠢᠴᠡᠳ ᠪᠠᠳᠠᠷᠠᠭᠤᠯᠬᠤ ᠬᠡᠷᠡᠭᠲᠡᠶ᠃                 2023 ᠣᠨ ᠤ 8 ᠳ᠋ᠤᠭᠠᠷ ᠰᠠᠷ᠎ᠠ ᠶᠢᠨ 19 ᠤ ᠡᠳᠦᠷ   
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号