331 ᠤᠯᠤᠰ ᠤᠨ ᠵᠠᠮ ᠤᠨ ᠯᠦᠸᠧ ᠭᠦ᠋ ᠡᠾᠧ ᠭᠤᠤᠯ ᠠᠴᠠ ᠡᠩᠬᠡᠬᠠᠳᠠ ᠬᠥᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/8/9
  ᠬᠡᠯᠬᠢᠶᠡᠰᠦᠨ ᠨᠣᠮᠧᠷ᠄ 000014348/2023-03662  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2023﹈ 48 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 8 ᠳ᠋ᠤᠭᠠᠷ ᠰᠠᠷ᠎ᠠ ᠶᠢᠨ 3 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠤᠯᠤᠰ ᠤᠨ ᠵᠠᠮ ᠤᠨ 331 ᠱᠤᠭᠤᠮ ᠤᠨ ᠯᠦᠸᠧ ᠬᠥ᠋ ᠾᠧ ᠭᠤᠣᠯ ᠠᠴᠠ ᠡᠩᠬᠡᠬᠠᠳᠠ ᠬᠦᠷᠬᠦ ᠬᠡᠰᠡᠭ ᠤᠨ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠄  ᠮᠠᠨ ᠤ ᠲᠢᠩᠬᠢᠮ 2023 ᠣᠨ ᠤ 6 ᠳ᠋ᠤᠭᠠᠷ ᠰᠠᠷ᠎ᠠ ᠶᠢᠨ 27 ᠤ ᠡᠳᠦᠷ ᠲᠠᠨ ᠤ ᠪᠠᠶᠢᠭᠤᠯᠭ᠎ᠠ ᠶᠢᠨ ᠳᠤᠷᠠᠳᠤᠭᠰᠠᠨ ᠤᠯᠤᠰ ᠤᠨ ᠵᠠᠮ ᠤᠨ 331 ᠱᠤᠭᠤᠮ ᠤᠨ ᠯᠦᠸᠧ ᠬᠥ᠋ ᠾᠧ ᠭᠤᠣᠯ ᠠᠴᠠ ᠡᠩᠬᠡᠬᠠᠳᠠ ᠬᠥᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠭᠠᠨ᠎ᠠ᠃  331 ᠤᠯᠤᠰ ᠤᠨ ᠵᠠᠮ ᠤᠨ ᠯᠦᠸᠧ ᠭᠦ᠋ ᠡᠾᠧ ᠭᠤᠤᠯ ᠠᠴᠠ ᠡᠩᠬᠡᠬᠠᠳᠠ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠨᠢ ᠬᠥᠯᠥᠨ ᠪᠤᠶᠢᠷ ᠬᠤᠲᠠ ᠶᠢᠨ ᠡᠷᠭᠦᠨ᠎ᠡ ᠬᠤᠲᠠ ᠶᠢᠨ ᠬᠢᠯᠢ ᠳᠤ ᠪᠠᠶᠢᠷᠢᠯᠠᠵᠤ᠂ ᠱᠤᠭᠤᠮ ᠤᠨ ᠪᠦᠬᠦ ᠣᠷᠳᠣ ᠨᠢ 15.09 ᠺᠢᠯᠣᠮᠧᠲᠷ ᠪᠣᠯᠤᠨ᠎ᠠ᠃ ᠪᠠᠷᠢᠯᠭ᠎ᠠ ᠨᠢ ᠵᠠᠮ ᠤᠨ ᠰᠠᠭᠤᠷᠢ ᠪᠠᠷᠢᠯᠭ᠎ᠠ᠂ ᠪᠠᠷᠢᠯᠭ᠎ᠠ ᠶᠢᠨ ᠭᠠᠵᠠᠷ᠂ ᠪᠠᠷᠢᠯᠭ᠎ᠠ ᠶᠢᠨ ᠳᠥᠭᠦᠮ ᠵᠠᠮ᠂ ᠴᠠᠬᠢᠯᠭᠠᠨ ᠬᠠᠩᠭᠠᠬᠤ ᠱᠤᠭᠤᠮ ᠵᠡᠷᠭᠡ ᠪᠠᠷ ᠪᠦᠷᠢᠯᠳᠦᠵᠡᠶ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠭᠰᠠᠨ ᠲᠠᠯᠠᠪᠠᠶ 33.73 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ 50.42 ᠲᠦᠮᠡᠨ ᠪᠣᠰᠤᠭ᠎ᠠ ᠳᠥᠷᠪᠡᠯᠵᠢᠨ ᠮᠧᠲᠷ᠂ ᠶᠡᠷᠦᠩᠬᠡᠶ ᠪᠠᠯᠠ ᠣᠷᠣᠭᠤᠯᠤᠯᠲᠠ 11642 ᠲᠦᠮᠡᠨ ᠲᠥᠭᠦᠷᠢᠭ ᠲᠤ ᠬᠦᠷᠴᠡᠶ᠃ ᠢᠨᠵᠧᠨᠧᠷᠢᠩ ᠢ 2023 ᠣᠨ ᠤ 8 ᠳ᠋ᠤᠭᠠᠷ ᠰᠠᠷ᠎ᠠ ᠳᠤ ᠡᠬᠢᠯᠡᠨ ᠪᠠᠶᠢᠭᠤᠯᠵᠤ᠂ 2025 ᠣᠨ ᠤ 6 ᠳ᠋ᠤᠭᠠᠷ ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠨᠢ 23 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ᠄  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢ ᠦᠨᠳᠦᠰᠦᠨ ᠳᠡᠭᠡᠨ ᠵᠥᠪᠰᠢᠶᠡᠷᠡᠭᠰᠡᠨ ᠬᠠᠷᠢᠭᠤᠴᠠᠯᠭ᠎ᠠ ᠶᠢᠨ ᠬᠡᠪᠴᠢᠶ᠎ᠡ ᠨᠢ 33.73 ᠾᠧᠺᠲ᠋ᠠᠷ ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢᠨ ᠬᠡᠮᠵᠢᠭᠳᠡᠯ ᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 97 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 1.0᠂ ᠰᠢᠭᠠᠷᠤ ᠬᠥᠷᠥᠰᠥ ᠶᠢᠨ ᠬᠠᠮᠠᠭᠠᠯᠠᠯᠲᠠ ᠶᠢᠨ ᠨᠣᠷᠮ᠎ᠠ       97 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 98 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠨᠣᠷᠮ᠎ᠠ 98 %᠂ ᠣᠶ ᠡᠪᠡᠰᠦᠨ ᠤ ᠪᠦᠷᠬᠦᠴᠡ ᠶᠢᠨ ᠨᠣᠷᠮ᠎ᠠ 27 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠥᠷᠢ ᠰᠦᠢᠳᠬᠡᠯ ᠢ 57.341 ᠲᠦᠮᠡᠨ ᠲᠥᠭᠦᠷᠢᠭ ᠵᠥᠪᠰᠢᠶᠡᠷᠡᠨ᠎ᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠦᠭᠦᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ      ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠴᠢᠩᠭᠠᠳᠬᠠᠨ᠂ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠳᠠᠷᠤᠬᠤ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠰᠢᠷᠣᠶ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠤᠨ᠎ᠠ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠤᠷ᠎ᠠ ᠮᠡᠷᠭᠡᠰᠢᠯ ᠢᠶᠠᠨ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠤᠨ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠬᠥᠯᠥᠨ ᠪᠤᠶᠢᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ︵ᠲᠠᠪᠤ︶ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠰᠦᠢᠳᠭᠡᠯ ᠢ ᠬᠠᠤᠯᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠃  ᠭᠤᠷᠪᠠ᠂ ᠲᠤᠰ ᠲᠥᠷᠥᠯ ᠵᠦᠢᠯ ᠤᠨ ᠭᠠᠵᠠᠷ᠂ ᠬᠡᠪᠴᠢᠶ᠎ᠡ ᠳᠤ ᠬᠡᠷᠪᠡ ᠴᠢᠬᠤᠯᠠ ᠶᠡᠭᠡ ᠬᠤᠪᠢᠷᠠᠯᠲᠠ ᠭᠠᠷᠬᠤ ᠪᠤᠶᠤ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠢᠶᠠᠨ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ      ᠬᠡᠷᠡᠭᠲᠡᠶ︔ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠲᠣᠭᠲᠠᠭᠠᠭᠰᠠᠨ ᠰᠢᠭᠠᠷᠤ ᠶᠢᠨ ᠲᠠᠯᠠᠪᠠᠶ ᠠᠴᠠ ᠭᠠᠳᠠᠨ᠎ᠠ ᠰᠢᠭᠠᠷᠤ ᠶᠢᠨ ᠲᠠᠯᠠᠪᠠᠶ ᠰᠢᠨ᠎ᠡ ᠪᠠᠷ ᠭᠠᠷᠭᠠᠭᠰᠠᠨ᠂ ᠡᠰᠡᠬᠦᠯ᠎ᠡ ᠰᠢᠭᠠᠷᠤ ᠶᠢᠨ ᠬᠡᠮᠵᠢᠶ᠎ᠡ ᠨᠡᠮᠡᠭᠳᠡᠭᠰᠡᠨ ᠠᠴᠠ ᠪᠣᠯᠵᠣ ᠰᠢᠭᠠᠷᠤ ᠶᠢᠨ ᠲᠠᠯᠠᠪᠠᠶ ᠶᠢᠨ ᠵᠡᠷᠭᠡ ᠳᠡᠰ ᠢ ᠳᠡᠭᠡᠭᠰᠢᠯᠡᠭᠦᠯᠦᠭᠰᠡᠨ ᠪᠣᠯ᠂ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ  ᠨᠢᠭᠡᠴᠢ ᠨᠢ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠨᠤᠲᠠᠯᠠᠯᠲᠠ ᠬᠢᠬᠦ ᠶᠢᠨ ᠬᠠᠮᠲᠤ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ ᠠᠴᠠ ᠡᠮᠦᠨ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃  ᠳᠥᠷᠪᠡ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠪᠡᠶ᠎ᠡ ᠪᠠᠨ ᠳᠠᠭᠠᠭᠠᠵᠤ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠲᠡᠭᠦᠨ ᠤ ᠠᠯᠪᠠᠨ ᠰᠦᠯᠵᠢᠶ᠎ᠡ ᠪᠤᠶᠤ ᠪᠤᠰᠤᠳ ᠣᠯᠠᠨ ᠨᠡᠶᠢᠲᠡ ᠶᠢᠨ ᠮᠡᠳᠡᠵᠦ ᠪᠠᠶᠢᠭ᠎ᠠ ᠰᠦᠯᠵᠢᠶᠡᠨ ᠳᠤ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ ᠲᠠᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠥᠬᠡᠶ ᠪᠠᠶᠢᠪᠠᠯ᠂  ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 30 ᠠᠵᠢᠯᠯᠠᠬᠤ ᠡᠳᠦᠷ ᠠᠴᠠ ᠡᠮᠦᠨ᠎ᠡ ᠮᠠᠨ ᠤ ᠲᠢᠩᠬᠢᠮ ᠳᠤ ᠳᠠᠭᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠬᠡᠷᠡᠭᠲᠡᠶ᠃ ᠲᠥᠷᠥᠯ ᠵᠦᠢᠯ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠪᠠᠰᠠ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠦᠭᠡᠶ᠂ ᠡᠰᠡᠬᠦᠯ᠎ᠡ ᠳᠠᠬᠢᠨ ᠬᠢᠨᠠᠭᠤᠯᠬᠤ ᠭᠤᠶᠤᠴᠢᠯᠠᠯ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃  ᠳᠠᠭᠠᠯᠳᠤᠭᠤᠯᠤᠯ᠄ 1 . ︽ᠤᠯᠤᠰ ᠤᠨ ᠵᠠᠮ ᠤᠨ 331 ᠱᠤᠭᠤᠮ ᠤᠨ ᠯᠦᠸᠧ ᠭᠦ᠋ ᠾᠧ ᠭᠤᠣᠯ ᠠᠴᠠ ᠡᠩᠬᠡᠬᠠᠳᠠ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠢ ᠮᠡᠷᠭᠡᠵᠢᠯ ᠤᠨ ᠬᠢᠨᠠᠨ ᠪᠠᠶᠢᠴᠠᠭᠠᠭᠰᠠᠨ ᠰᠠᠨᠠᠯ ᠢᠶᠠᠨ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ ︵ᠥᠪᠥᠷ ᠤᠰᠤᠨ ᠤ ᠲᠥᠪ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ﹇2023﹈ 121 ᠳ᠋ᠦ᠋ᠭᠡᠷ ᠲᠣᠭᠠᠲᠤ︶  2 . ᠤᠯᠤᠰ ᠤᠨ ᠵᠠᠮ ᠤᠨ 331 ᠱᠤᠭᠤᠮ ᠤᠨ ᠯᠦᠸᠧ ᠬᠥ᠋ ᠾᠧ ᠭᠤᠣᠯ  ᠠᠴᠠ ᠡᠩᠬᠡᠬᠠᠳᠠ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ            2023 ᠣᠨ ᠤ 8 ᠳ᠋ᠤᠭᠠᠷ ᠰᠠᠷ᠎ᠠ ᠶᠢᠨ 3 ᠤ ᠡᠳᠦᠷ  
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号