ᠥᠪᠥᠷ ᠮᠣᠩᠭᠤᠯ ᠤᠨ ᠬᠤᠸᠠ ᠲᠦᠩ ᠷᠦᠢ ᠱᠧᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠢᠩ ᠸᠠᠩ ᠵᠠᠳᠠᠭᠠᠶ ᠠᠭᠤᠷᠬᠠᠶ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/8/9
  ᠬᠡᠯᠬᠢᠶᠡᠰᠦᠨ ᠨᠣᠮᠧᠷ᠄ 000014348/2023-03663  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠰᠢᠷᠤᠢ ᠶᠢ ᠬᠠᠮᠠᠭᠠᠯᠠᠬᠤ ᠲᠦᠰᠦᠯ ﹇2023﹈ 49 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 8 ᠳ᠋ᠤᠭᠠᠷ ᠰᠠᠷ᠎ᠠ ᠶᠢᠨ 3 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄  ᠥᠪᠥᠷ ᠮᠣᠩᠭᠤᠯ ᠤᠨ ᠬᠤᠸᠠ ᠲᠦᠩ ᠷᠦᠢ ᠱᠧᠩ ᠡᠨᠧᠷᠭᠢ ᠶᠢᠨ ᠬᠢᠵᠠᠭᠠᠷᠲᠤ ᠺᠣᠮᠫᠠᠨᠢ ᠳᠤ᠄  ᠮᠠᠨ ᠤ ᠲᠢᠩᠬᠢᠮ 2023 ᠣᠨ ᠤ 7 ᠳ᠋ᠤᠭᠠᠷ ᠰᠠᠷ᠎ᠠ ᠶᠢᠨ 10 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠥᠪᠥᠷ ᠮᠣᠩᠭᠤᠯ ᠤᠨ ᠬᠤᠸᠠ ᠲᠦᠩ ᠷᠦᠢ ᠱᠧᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠢᠩ ᠸᠠᠩ ᠵᠠᠳᠠᠭᠠᠶ ᠠᠭᠤᠷᠬᠠᠶ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠭᠠᠨ᠎ᠠ᠃  ᠥᠪᠥᠷ ᠮᠣᠩᠭᠤᠯ ᠤᠨ ᠬᠤᠸᠠ ᠲᠦᠩ ᠷᠦᠢ ᠱᠧᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠢᠩ ᠸᠠᠩ ᠵᠠᠳᠠᠭᠠᠶ ᠠᠭᠤᠷᠬᠠᠶ ᠨᠢ ᠣᠷᠳᠣᠰ ᠬᠤᠲᠠ ᠶᠢᠨ ᠳᠠᠯᠠᠳ ᠬᠤᠰᠢᠭᠤᠨ ᠳᠤ ᠪᠠᠶᠢᠷᠢᠯᠠᠵᠤ᠂ ᠮᠡᠷᠭᠡᠵᠢᠯ ᠤᠨ ᠥᠭᠡᠷᠡᠴᠢᠯᠡᠯᠲᠡ ᠬᠢᠭᠰᠡᠨ ᠤ ᠳᠠᠷᠠᠭᠠᠬᠢ ᠦᠢᠯᠡᠳᠪᠦᠷᠢᠯᠡᠯ ᠤᠨ ᠬᠡᠪᠴᠢᠶ᠎ᠡ ᠨᠢ 300 ᠲᠦᠮᠡᠨ ᠲᠣᠨ / ᠵᠢᠯ ᠪᠣᠯᠤᠨ᠎ᠠ᠃ ᠲᠥᠷᠥᠯ ᠵᠦᠢᠯ ᠨᠢ ᠮᠠᠯᠲᠠᠬᠤ ᠲᠠᠯᠠᠪᠠᠶ᠂ ᠭᠠᠳᠠᠨ᠎ᠠ ᠠᠴᠠ ᠰᠢᠷᠣᠶ ᠭᠠᠷᠭᠠᠬᠤ ᠲᠠᠯᠠᠪᠠᠶ᠂ ᠠᠵᠤ ᠦᠢᠯᠡᠳᠪᠦᠷᠢ ᠶᠢᠨ ᠲᠠᠯᠠᠪᠤᠷ᠂ ᠠᠭᠤᠷᠬᠠᠶ ᠶᠢᠨ ᠲᠣᠭᠤᠷᠢᠭ ᠤᠨ ᠵᠠᠮ᠂ ᠤᠰᠤ ᠬᠠᠩᠭᠠᠬᠤ ᠤᠰᠤ ᠵᠠᠯᠠᠬᠤ ᠬᠤᠭᠤᠯᠠᠶ ᠱᠤᠭᠤᠮ᠂ ᠴᠠᠬᠢᠯᠭᠠᠨ ᠬᠠᠩᠭᠠᠬᠤ ᠱᠤᠭᠤᠮ ᠵᠡᠷᠭᠡ ᠪᠠᠷ ᠪᠦᠷᠢᠯᠳᠦᠵᠦ᠂ ᠶᠡᠷᠦᠩᠬᠡᠶ ᠲᠠᠲᠠᠪᠤᠷᠢᠯᠠᠭᠰᠠᠨ ᠲᠠᠯᠠᠪᠠᠶ ᠨᠢ 291.38 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ 756.74 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠡᠶ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 42477.91 ᠲᠦᠮᠡᠨ ᠲᠥᠭᠦᠷᠢᠭ᠂ ᠪᠠᠷᠢᠯᠭ᠎ᠠ ᠶᠢᠨ ᠠᠵᠢᠯ ᠢ 2023 ᠣᠨ ᠤ 8 ᠳ᠋ᠤᠭᠠᠷ ᠰᠠᠷ᠎ᠠ ᠳᠤ ᠡᠬᠢᠯᠡᠭᠦᠯᠵᠦ᠂ 2025 ᠣᠨ ᠤ 4 ᠳ᠋ᠦ᠋ᠭᠡᠷ ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠨᠢ 21 ᠰᠠᠷ᠎ᠠ ᠪᠣᠯᠤᠨ᠎ᠠ᠃  ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢ ᠦᠨᠳᠦᠰᠦᠨ ᠳᠡᠭᠡᠨ ᠵᠥᠪᠰᠢᠶᠡᠷᠡᠭᠰᠡᠨ ᠬᠠᠷᠢᠭᠤᠴᠠᠯᠭ᠎ᠠ ᠶᠢᠨ ᠬᠡᠪᠴᠢᠶ᠎ᠡ ᠨᠢ 291.38 ᠾᠧᠺᠲ᠋ᠠᠷ ᠪᠣᠯᠤᠨ᠎ᠠ᠃  ︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠪᠠᠷᠠᠭᠤᠨ ᠬᠤᠶᠢᠲᠤ ᠶᠢᠨ ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠄ ᠤᠰᠤ ᠰᠢᠷᠤᠢ ᠶᠢᠨ ᠢᠳᠡᠭᠳᠡᠯ ᠢ ᠵᠠᠰᠠᠭᠰᠠᠨ ᠬᠡᠮᠵᠢᠶ᠎ᠡ ᠨᠢ 93 %᠂ ᠤᠰᠤ ᠰᠢᠷᠤᠢ ᠶᠢᠨ ᠢᠳᠡᠭᠳᠡᠯ ᠢ ᠬᠢᠵᠠᠭᠠᠷᠯᠠᠭᠰᠠᠨ ᠬᠠᠷᠢᠴᠠᠯ ᠨᠢ 0.8᠂ ᠰᠢᠭᠠᠷᠤ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ ᠨᠢ        92 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ ᠨᠢ 90 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠭᠰᠡᠨ ᠨᠣᠷᠮ᠎ᠠ ᠨᠢ 95 %᠂ ᠣᠶ ᠡᠪᠡᠰᠦᠨ ᠤ ᠪᠦᠷᠬᠦᠴᠡ ᠶᠢᠨ ᠨᠣᠷᠮ᠎ᠠ ᠨᠢ 14 % ᠪᠣᠯᠤᠨ᠎ᠠ᠃  ︵ᠳᠥᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠣᠷᠣᠨ ᠬᠤᠪᠢᠶᠠᠬᠤ ᠶᠢᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠰᠢᠭᠠᠷᠤ ᠬᠠᠶᠠᠬᠤ ᠲᠠᠯᠠᠪᠤᠷ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠨ᠎ᠡ᠃ ᠵᠠᠯᠭᠠᠮᠵᠢ ᠵᠢᠷᠤᠭ ᠲᠥᠯᠥᠪᠯᠡᠭᠡᠨ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠣᠪᠣᠭᠠᠯᠠᠭᠰᠠᠨ ᠰᠢᠭᠠᠷᠤ ᠶᠢᠨ ᠪᠠᠭᠲᠠᠭᠠᠮᠵᠢ ᠶᠢ ᠳᠠᠬᠢᠨ ᠬᠢᠨᠠᠵᠤ᠂ ᠤᠰᠤ ᠭᠠᠵᠠᠷ ᠰᠢᠨᠵᠢᠯᠡᠭᠡᠨ ᠤ ᠨᠥᠬᠦᠴᠡᠯ ᠢ ᠪᠠᠶᠢᠴᠠᠭᠠᠨ ᠲᠣᠳᠣᠯᠠᠵᠤ᠂ ᠰᠢᠭᠠᠷᠤ ᠬᠠᠶᠠᠬᠤ ᠲᠠᠯᠠᠪᠤᠷ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠂ ᠰᠢᠭᠠᠷᠤ ᠬᠠᠶᠠᠬᠤ ᠲᠠᠯᠠᠪᠤᠷ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠰᠢᠭᠠᠷᠤ ᠬᠠᠶᠠᠬᠤ ᠲᠠᠯᠠᠪᠤᠷ ᠶᠢᠨ ᠪᠠᠷᠢᠯᠭ᠎ᠠ ᠶᠢᠨ ᠠᠶᠤᠯ ᠦᠭᠡᠶ ᠪᠠᠶᠢᠬᠤ ᠶᠢ ᠦᠨᠡᠨ ᠬᠦ ᠪᠠᠲᠤᠯᠠᠨ᠂ ᠤᠰᠤ ᠰᠢᠷᠤᠢ ᠶᠢᠨ ᠢᠳᠡᠭᠳᠡᠯ ᠤᠨ ᠰᠢᠨ᠎ᠡ ᠬᠤᠣᠷ ᠬᠥᠨᠥᠭᠡᠯ ᠭᠠᠷᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃  ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠤᠰᠤ ᠰᠢᠷᠤᠢ ᠶᠢ ᠬᠠᠮᠠᠭᠠᠯᠠᠬᠤ ᠨᠥᠬᠦᠪᠥᠷᠢ 495.346 ᠲᠦᠮᠡᠨ ᠲᠥᠭᠦᠷᠢᠭ ᠢ ᠦᠨᠳᠦᠰᠦᠨ ᠳᠡᠭᠡᠨ ᠵᠥᠪᠰᠢᠶᠡᠷᠡᠪᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠦᠭᠦᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ       ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠴᠢᠩᠭᠠᠳᠬᠠᠨ᠂ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠳᠠᠷᠤᠬᠤ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠰᠢᠷᠣᠶ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠤᠨ᠎ᠠ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠭᠠᠵᠠᠷ ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠤᠷ᠎ᠠ ᠮᠡᠷᠭᠡᠰᠢᠯ ᠢᠶᠠᠨ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠤᠨ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠰᠢᠷᠤᠢ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠰᠢᠷᠤᠢ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠰᠢᠷᠤᠢ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠬᠤ ᠬᠡᠷᠡᠭᠲᠡᠶ᠃  ︵ᠳᠥᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ︵ᠲᠠᠪᠤ︶ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠰᠦᠢᠳᠭᠡᠯ ᠢ ᠬᠠᠤᠯᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠃  ᠭᠤᠷᠪᠠ᠂ ᠲᠤᠰ ᠲᠥᠷᠥᠯ ᠵᠦᠢᠯ ᠤᠨ ᠭᠠᠵᠠᠷ᠂ ᠬᠡᠪᠴᠢᠶ᠎ᠡ ᠳᠤ ᠬᠡᠷᠪᠡ ᠴᠢᠬᠤᠯᠠ ᠶᠡᠭᠡ ᠬᠤᠪᠢᠷᠠᠯᠲᠠ ᠭᠠᠷᠬᠤ ᠪᠤᠶᠤ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠰᠢᠷᠤᠢ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠢᠶᠠᠨ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ︔ ᠤᠰᠤ ᠰᠢᠷᠤᠢ ᠶᠢ ᠬᠠᠮᠠᠭᠠᠯᠠᠬᠤ ᠲᠥᠰᠦᠯ ᠳᠤ ᠲᠣᠭᠲᠠᠭᠠᠭᠰᠠᠨ ᠰᠢᠭᠠᠷᠤ ᠶᠢᠨ ᠲᠠᠯᠠᠪᠤᠷ ᠠᠴᠠ ᠭᠠᠳᠠᠨ᠎ᠠ ᠰᠢᠭᠠᠷᠤ ᠶᠢᠨ ᠲᠠᠯᠠᠪᠤᠷ ᠰᠢᠨ᠎ᠡ ᠪᠠᠷ ᠭᠠᠷᠭᠠᠭᠰᠠᠨ᠂ ᠡᠰᠡᠬᠦᠯ᠎ᠡ ᠰᠢᠭᠠᠷᠤ ᠶᠢᠨ ᠬᠡᠮᠵᠢᠶ᠎ᠡ ᠨᠡᠮᠡᠭᠳᠡᠭᠰᠡᠨ ᠠᠴᠠ ᠪᠣᠯᠵᠣ ᠰᠢᠭᠠᠷᠤ ᠶᠢᠨ ᠲᠠᠯᠠᠪᠤᠷ ᠶᠢᠨ ᠵᠡᠷᠭᠡ ᠳᠡᠰ ᠢ ᠳᠡᠭᠡᠭᠰᠢᠯᠡᠭᠦᠯᠦᠭᠰᠡᠨ ᠪᠣᠯ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠨᠤᠲᠠᠯᠠᠯᠲᠠ ᠬᠢᠬᠦ ᠶᠢᠨ ᠬᠠᠮᠲᠤ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ ᠠᠴᠠ ᠡᠮᠦᠨ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃  ᠳᠥᠷᠪᠡ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠪᠡᠶ᠎ᠡ ᠪᠠᠨ ᠳᠠᠭᠠᠭᠠᠵᠤ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠲᠡᠭᠦᠨ ᠤ ᠠᠯᠪᠠᠨ ᠰᠦᠯᠵᠢᠶ᠎ᠡ ᠪᠤᠶᠤ ᠪᠤᠰᠤᠳ ᠣᠯᠠᠨ ᠨᠡᠶᠢᠲᠡ ᠶᠢᠨ ᠮᠡᠳᠡᠵᠦ ᠪᠠᠶᠢᠭ᠎ᠠ ᠰᠦᠯᠵᠢᠶᠡᠨ ᠳᠤ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠰᠢᠷᠤᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ ᠲᠠᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠥᠬᠡᠶ ᠪᠠᠶᠢᠪᠠᠯ᠂ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 30 ᠠᠵᠢᠯᠯᠠᠬᠤ ᠡᠳᠦᠷ ᠠᠴᠠ ᠡᠮᠦᠨ᠎ᠡ ᠮᠠᠨ ᠤ ᠲᠢᠩᠬᠢᠮ ᠳᠤ ᠳᠠᠭᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠬᠡᠷᠡᠭᠲᠡᠶ᠃ ᠲᠥᠷᠥᠯ ᠵᠦᠢᠯ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠪᠠᠰᠠ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠦᠭᠡᠶ᠂ ᠡᠰᠡᠬᠦᠯ᠎ᠡ ᠳᠠᠬᠢᠨ ᠬᠢᠨᠠᠭᠤᠯᠬᠤ ᠭᠤᠶᠤᠴᠢᠯᠠᠯ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃  ᠳᠠᠭᠠᠯᠳᠤᠭᠤᠯᠤᠯ᠄ 1 . ︽ᠥᠪᠥᠷ ᠮᠣᠩᠭᠤᠯ ᠤᠨ ᠬᠤᠸᠠ ᠲᠦᠩ ᠷᠦᠢ ᠱᠧᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠢᠩ ᠸᠠᠩ ᠵᠠᠳᠠᠭᠠᠶ ᠠᠭᠤᠷᠬᠠᠶ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠢ ᠮᠡᠳᠡᠭᠦᠯᠦᠨ ᠬᠦᠷᠭᠡᠬᠦ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠤᠨ ᠲᠤᠬᠠᠶ ᠮᠡᠳᠡᠭᠦᠯᠦᠯᠲᠡ ︵ᠥᠪᠥᠷ ᠤᠰᠤᠨ ᠤ ᠲᠥᠪ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ﹇ 2023﹈119 ᠳ᠋ᠦ᠋ᠭᠡᠷ ᠲᠣᠭᠠᠲᠤ︶   2 . ᠥᠪᠥᠷ ᠮᠣᠩᠭᠤᠯ ᠤᠨ ᠬᠤᠸᠠ ᠲᠦᠩ ᠷᠦᠢ ᠱᠧᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠢᠩ ᠸᠠᠩ ᠵᠠᠳᠠᠭᠠᠶ ᠠᠭᠤᠷᠬᠠᠶ ᠶᠢᠨ ᠮᠡᠷᠭᠡᠵᠢᠯ ᠤᠨ ᠥᠭᠡᠷᠡᠴᠢᠯᠡᠯᠲᠡ — ᠮᠡᠳᠡᠭᠦᠯᠦᠯᠲᠡ ᠶᠢᠨ ᠭᠤᠣᠯ ᠵᠤᠬᠢᠶᠠᠯ ︵ᠪᠠᠷᠤᠭᠴᠠᠭᠠᠯᠠᠬᠤ ᠶᠢ ᠪᠠᠭᠲᠠᠭᠠᠨ᠎ᠠ︶                         2023 ᠣᠨ ᠤ 8 ᠳ᠋ᠤᠭᠠᠷ ᠰᠠᠷ᠎ᠠ ᠶᠢᠨ 3 ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号