ᠬᠡᠯᠬᠢᠶᠡᠰᠦᠨ ᠨᠣᠮᠧᠷ᠄ 000014348/2023-04262 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤ ᠪᠠᠶᠠᠯᠢᠭ ᠵᠦᠪᠰᠢᠶᠡᠷᠡᠯ ᠲᠤᠭᠲᠠᠭᠠᠯ ﹇2023﹈ 8 ᠳ᠋ᠤᠭᠠᠷ ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ | | ᠶᠤᠸᠠᠨ ᠪᠦᠦ ᠱᠠᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄ | ᠮᠠᠨ ᠤ ᠲᠢᠩᠬᠢᠮ ᠲᠠᠨ ᠤ ᠺᠣᠮᠫᠠᠨᠢ ᠶᠢᠨ 3 × 600 MW ᠮᠠᠰᠢᠨ ᠴᠣᠭᠴᠠᠯᠠᠪᠤᠷᠢ ᠶᠢᠨ ᠲᠥᠰᠦᠯ ᠤᠨ ᠤᠰᠤ | ᠠᠪᠬᠤ ᠵᠥᠪᠰᠢᠶᠡᠷᠡᠯ ᠤᠨ ᠭᠤᠶᠤᠴᠢᠯᠠᠯ ᠢ ᠬᠦᠯᠢᠶᠡᠨ ᠠᠪᠤᠨ᠎ᠠ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ | ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ | ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ | ᠬᠤᠶᠠᠳᠤᠭᠠᠷ ᠵᠦᠢᠯ ᠤᠨ ︵ᠨᠢᠭᠡ︶ ᠳ᠋ᠦ᠋ᠭᠡᠷ ᠵᠤᠷᠪᠤᠰ᠂ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ | ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾᠂ ︽ᠭᠠᠵᠠᠷ ᠳᠣᠣᠷᠠᠬᠢ ᠤᠰᠤᠨ ᠤ | ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠪᠬᠤ | ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ | ᠠᠷᠭ᠎ᠠ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ | ᠬᠠᠮᠠᠭᠠᠯᠠᠬᠤ ᠪᠠ ᠬᠠᠮᠢᠶᠠᠷᠬᠤ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ ᠠᠪᠬᠤ | ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃ | ᠶᠤᠸᠠᠨ ᠪᠦᠦ ᠱᠠᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 3 × 600 | MW ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠲᠤ ᠪᠠᠶᠢᠷᠢᠯᠠᠵᠤ᠂ ᠨᠢᠭᠡᠨᠲᠡ ᠪᠠᠶᠢᠭᠤᠯᠤᠭᠰᠠᠨ ᠲᠥᠷᠥᠯ | ᠵᠦᠢᠯ ᠳᠤ ᠬᠠᠷᠢᠶᠠᠯᠠᠭᠳᠠᠨ᠎ᠠ᠃ ᠶᠤᠸᠠᠨ ᠪᠦᠦ ᠱᠠᠨ ᠴᠠᠬᠢᠯᠭᠠᠨ ᠭᠠᠷᠭᠠᠬᠤ ᠦᠢᠯᠡᠳᠪᠦᠷᠢ 1978 ᠣᠨ ᠳᠤ | ᠠᠰᠢᠭᠯᠠᠯᠲᠠ ᠳᠤ ᠣᠷᠣᠵᠤ᠂ ᠡᠮᠦᠨ᠎ᠡ ᠬᠤᠶᠢᠨᠠᠬᠢ ᠭᠤᠷᠪᠠᠨ ᠬᠤᠭᠤᠴᠠᠭᠠᠨ ᠤ ᠪᠠᠷᠢᠯᠭ᠎ᠠ ᠪᠠᠷ ᠲᠡᠮᠵᠢᠠ᠂ ᠤᠷᠢᠳ | ᠬᠤᠵᠢᠳ 4 ᠰᠠᠭᠤᠷᠢ ᠮᠠᠰᠢᠨ ᠴᠣᠭᠴᠠᠯᠠᠪᠤᠷᠢ ᠪᠠᠶᠢᠭᠤᠯᠪᠠ᠂ ᠡᠭᠦᠨ ᠳᠤ 1 ᠳ᠋ᠦ᠋ᠭᠡᠷ ᠮᠠᠰᠢᠨ ᠴᠣᠭᠴᠠᠯᠠᠪᠤᠷᠢ ᠶᠢ | 2011 ᠣᠨ ᠳᠤ ᠨᠢᠭᠡᠨᠲᠡ ᠨᠤᠷᠠᠭᠠᠵᠤ᠂ 24 ᠳ᠋ᠦ᠋ᠭᠡᠷ 3 ᠮᠠᠰᠢᠨ ᠴᠣᠭᠴᠠᠯᠠᠪᠤᠷᠢ ᠨᠢ ᠤᠳᠦ ᠬᠡᠪ ᠢᠶᠠᠷ ᠠᠵᠢᠯᠯᠠᠵᠤ᠂ | ᠶᠡᠷᠦᠩᠬᠡᠢ ᠪᠠᠭᠲᠠᠭᠠᠮᠵᠢ ᠨᠢ 1800 MW ᠪᠣᠯᠤᠨ᠎ᠠ᠃ | ᠲᠥᠷᠥᠯ ᠵᠦᠢᠯ ᠳᠤ ᠶᠤᠸᠠᠨ ᠪᠦᠦ ᠱᠠᠨ ᠤ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ | ᠢᠨᠵᠧᠨᠧᠷᠢᠩ ᠤᠨ ᠳᠠᠬᠢᠯᠲᠠ ᠤᠰᠤ᠂ ᠶᠤᠸᠠᠨ ᠪᠦᠦ ᠱᠠᠨ ᠤ ᠵᠠᠳᠠᠭᠠᠶ ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠶᠢᠨ | ᠤᠰᠤ ᠪᠠ ᠭᠤᠷᠪᠠᠳᠤᠭᠠᠷ ᠤᠰᠤᠨ ᠰᠤᠷᠪᠤᠯᠵᠢ ᠶᠢᠨ ᠭᠠᠵᠠᠷ ᠤᠨ ᠭᠠᠵᠠᠷ ᠳᠤᠤᠷᠠᠬᠢ ᠤᠰᠤ ᠶᠢ ᠦᠢᠯᠡᠳᠪᠦᠷᠢᠯᠡᠯ ᠤᠨ | ᠤᠰᠤ ᠲᠠᠲᠠᠬᠤ ᠤᠰᠤᠨ ᠰᠤᠷᠪᠤᠯᠵᠢ ︵ᠳᠠᠬᠢᠯᠲᠠ ᠤᠰᠤ ᠶᠢ ᠤᠷᠢᠳᠠᠪᠠᠷ ᠬᠡᠷᠡᠭᠯᠡᠨ᠎ᠡ᠂ ᠳᠠᠷᠠᠭ᠎ᠠ ᠨᠢ ᠤᠰᠤ | ᠲᠠᠲᠠᠷᠠᠭᠤᠯᠬᠤ᠂ ᠬᠠᠮᠤᠭ ᠰᠡᠭᠦᠯ ᠳᠤ ᠭᠠᠵᠠᠷ ᠳᠤᠤᠷᠠᠬᠢ ᠤᠰᠤ ᠶᠢ ᠬᠡᠷᠡᠭᠯᠡᠨ᠎ᠡ︶ ᠪᠣᠯᠭᠠᠵᠤ᠂ ᠭᠤᠷᠪᠠᠳᠤᠭᠠᠷ ᠤᠰᠤᠨ | ᠰᠤᠷᠪᠤᠯᠵᠢ ᠶᠢᠨ ᠭᠠᠵᠠᠷ ᠤᠨ ᠭᠠᠵᠠᠷ ᠳᠤᠤᠷᠠᠬᠢ ᠤᠰᠤ ᠶᠢ ᠠᠮᠢᠳᠤᠷᠠᠯ ᠤᠨ ᠤᠰᠤ ᠲᠠᠲᠠᠬᠤ ᠤᠰᠤᠨ ᠰᠤᠷᠪᠤᠯᠵᠢ | ᠪᠣᠯᠭᠠᠬᠤ ᠶᠢ ᠵᠥᠪᠰᠢᠶᠡᠷᠡᠨ᠎ᠡ᠃ ᠤᠰᠤ ᠳᠠᠮᠵᠢᠭᠤᠯᠬᠤ ᠪᠠ ᠴᠡᠪᠡᠷᠵᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ | ᠳᠠᠷᠠᠭ᠎ᠠ᠂ ᠲᠣᠰ ᠲᠥᠷᠥᠯ ᠵᠦᠢᠯ ᠤᠨ ᠶᠡᠷᠦᠩᠬᠡᠶ ᠤᠰᠤ ᠲᠠᠲᠠᠬᠤ ᠬᠡᠮᠵᠢᠶ᠎ᠡ 2147.0 ᠲᠦᠮᠡᠨ m 3 / a ᠶᠢ | ᠬᠢᠨᠠᠨ ᠲᠣᠭᠲᠠᠭᠠᠨ᠎ᠠ᠂ ᠡᠭᠦᠨ ᠳᠤ ᠦᠢᠯᠡᠳᠪᠦᠷᠢᠯᠡᠯ ᠤᠨ ᠤᠰᠤ ᠲᠠᠲᠠᠬᠤ ᠬᠡᠮᠵᠢᠶ᠎ᠡ 2139.64 ᠲᠦᠮᠡᠨ m 3 / | a ︵ᠳᠠᠬᠢᠯᠲᠠ ᠤᠰᠤ 812.50 ᠲᠦᠮᠡᠨ m 3 / a᠂ ᠨᠡᠭᠦᠷᠡᠰᠦᠨ ᠳᠠᠪᠬᠤᠷᠭ᠎ᠠ ᠶᠢᠨ ᠤᠰᠤ 934.50 | ᠲᠦᠮᠡᠨ m 3 / a᠂ ᠭᠠᠵᠠᠷ ᠳᠤᠤᠷᠠᠬᠢ ᠤᠰᠤ 392.64 ᠲᠦᠮᠡᠨ m 3 / a︶᠂ ᠠᠮᠢᠳᠤᠷᠠᠯ ᠤᠨ ᠤᠰᠤ | ᠲᠠᠲᠠᠬᠤ ᠬᠡᠮᠵᠢᠶ᠎ᠡ 7.36 ᠲᠦᠮᠡᠨ m 3 / a᠃ ᠨᠢᠭᠡᠴᠢᠶᠢᠨ ᠴᠠᠬᠢᠯᠭᠠᠨ ᠭᠠᠷᠭᠠᠬᠤ ᠰᠢᠨ᠎ᠡ ᠤᠰᠤᠨ ᠤ ᠬᠡᠮᠵᠢᠶ᠎ᠡ | 1.88 m 3 / ︵MW h︶᠂ ᠨᠢᠭᠡᠴᠢ ᠶᠢᠨ ᠢᠯᠴᠢ ᠬᠠᠩᠭᠠᠬᠤ ᠤᠰᠤᠨ ᠤ ᠬᠤᠷᠣᠭᠳᠠᠯ ᠤᠨ ᠭᠦᠶ᠋ᠴᠡᠳᠬᠡᠯ | ᠲᠤᠭ᠎ᠠ 1.12 m 3 / GJ᠂ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠳᠤ ᠬᠡᠷᠡᠭᠯᠡᠬᠦ ᠤᠰᠤᠨ ᠤ | ᠭᠦᠢᠴᠡᠳᠭᠡᠯ ᠲᠤᠭ᠎ᠠ 91 L / ᠬᠥᠮᠦᠨ d ᠶᠢ ᠬᠢᠨᠠᠨ ᠲᠣᠭᠲᠠᠭᠠᠵᠤ᠂ ᠴᠥᠮ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ︾ ︵ | DB 15 / T 3852020︶ ᠶᠢᠨ ᠤᠰᠤ ᠬᠡᠷᠡᠭᠯᠡᠬᠦ ᠲᠣᠭᠲᠠᠭᠰᠠᠨ ᠲᠣᠭᠠᠨ ᠤ ᠥᠷᠲᠡᠭ ᠤᠨ ᠱᠠᠭᠠᠷᠳᠠᠯᠭ᠎ᠠ ᠳᠤ | ᠨᠡᠶᠢᠴᠡᠪᠡ᠃ ᠲᠥᠷᠥᠯ ᠵᠦᠢᠯ ᠤᠨ ᠲᠡᠳᠡᠨ ᠠᠪᠴᠤ ᠬᠡᠷᠡᠭᠯᠡᠬᠦ ᠤᠰᠤ ᠨᠢ ᠣᠷᠣᠨ ᠪᠦᠰᠡ ᠶᠢᠨ ᠤᠰᠤᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠵᠢᠴᠢ ︽ᠭᠤᠷᠪᠠᠨ ᠬᠤᠷᠢᠭ᠎ᠠ ᠱᠤᠭᠤᠮ︾ ᠤᠨ ᠭᠦᠢᠴᠡᠳᠭᠡᠯ ᠲᠤᠭ᠎ᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ | ᠦᠨᠳᠦᠰᠦᠨ ᠳᠡᠭᠡᠨ ᠵᠥᠪᠰᠢᠶᠡᠷᠡᠨ᠎ᠡ᠃ ᠲᠠᠨ ᠤ ᠺᠣᠮᠫᠠᠨᠢ ᠬᠠᠮᠢᠶ᠎ᠠ ᠪᠥᠬᠦᠶ ᠤᠰᠤ ᠠᠷᠪᠢᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠦᠢᠯᠡᠳᠪᠦᠷᠢᠯᠡᠯ ᠠᠵᠢᠯᠯᠠᠭᠠᠨ ᠤ ᠳᠤᠮᠳᠠ ᠤᠰᠤ ᠠᠷᠪᠢᠯᠠᠬᠤ | ᠬᠠᠮᠢᠶᠠᠷᠤᠯᠲᠠ ᠶᠢ ᠴᠢᠩᠭᠠᠳᠬᠠᠨ᠂ ᠤᠰᠤ ᠠᠷᠪᠢᠯᠠᠬᠤ ᠲᠥᠬᠦᠭᠡᠷᠦᠮᠵᠢ ᠶᠢ ᠰᠢᠨᠡᠳᠬᠡᠬᠦ ᠪᠠ ᠰᠡᠯᠪᠢᠨ ᠵᠠᠰᠠᠵᠤ | ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠤᠰᠤ ᠬᠡᠷᠡᠭᠯᠡᠬᠦ ᠨᠢᠭᠡᠴᠢ ᠬᠤᠷᠣᠭᠳᠠᠯ ᠢ ᠠᠯᠢ ᠴᠢᠳᠠᠬᠤ ᠪᠠᠷ | ᠪᠠᠭᠠᠰᠬᠠᠬᠤ ᠬᠡᠷᠡᠭᠲᠡᠶ᠃ | ᠲᠥᠷᠥᠯ ᠵᠦᠢᠯ ᠤᠨ ᠠᠮᠢᠳᠤᠷᠠᠯ ᠤᠨ ᠪᠣᠬᠢᠷ ᠤᠰᠤ᠂ ᠦᠢᠯᠡᠳᠪᠦᠷᠢᠯᠡᠯ ᠤᠨ ᠬᠠᠶᠠᠭᠳᠠᠮᠠᠯ ᠤᠰᠤ ᠶᠢ | ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠪᠠᠷ ᠰᠢᠢᠳᠪᠦᠷᠢᠯᠡᠭᠰᠡᠨ ᠤ ᠳᠠᠷᠠᠭ᠎ᠠ | ᠪᠦᠬᠦᠨ ᠢ ᠡᠭᠡᠭᠦᠯᠦᠨ ᠬᠡᠷᠡᠭᠯᠡᠨ᠎ᠡ᠃ | ᠲᠤᠰ ᠲᠥᠷᠥᠯ ᠵᠦᠢᠯ ᠨᠢ ᠨᠢᠭᠡᠨᠲᠡ ᠪᠠᠶᠢᠭᠤᠯᠤᠭᠰᠠᠨ ᠮᠥᠷᠲᠡᠭᠡᠨ ᠣᠯᠠᠨ ᠵᠢᠯ ᠠᠵᠢᠯᠯᠠᠭᠰᠠᠨ ᠤᠰᠤ ᠶᠡᠭᠡ | ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠬᠠᠷᠢᠶᠠᠯᠠᠭᠳᠠᠬᠤ ᠮᠥᠷᠲᠡᠭᠡᠨ ᠭᠠᠵᠠᠷ ᠳᠣᠣᠷᠠᠬᠢ | ᠤᠰᠤ ᠶᠢ ᠲᠠᠲᠠᠵᠤ ᠬᠡᠷᠡᠭᠯᠡᠬᠦ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ | ᠤᠰᠤ ᠶᠢ ᠬᠠᠮᠠᠭᠠᠯᠠᠬᠤ ᠪᠠ ᠬᠠᠮᠢᠶᠠᠷᠬᠤ ᠳᠦᠷᠢᠮ︾ ᠤᠨ ᠠᠷᠪᠠᠨ ᠵᠢᠷᠭᠤᠳᠤᠭᠠᠷ ᠵᠦᠢᠯ ᠢ ᠦᠨᠳᠦᠰᠦᠯᠡᠨ᠂ ᠲᠠᠨ ᠤ | ᠺᠣᠮᠫᠠᠨᠢ ᠨᠢ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ᠂ ᠤᠰᠤ ᠠᠷᠪᠢᠯᠠᠬᠤ ᠠᠷᠭ᠎ᠠ ᠬᠡᠮᠵᠢᠶ᠎ᠡ ᠪᠠ ᠤᠰᠤᠨ | ᠰᠤᠷᠪᠤᠯᠵᠢ ᠶᠢ ᠣᠷᠣᠯᠠᠭᠤᠯᠬᠤ ᠪᠠᠷ ᠳᠠᠮᠵᠢᠭᠤᠯᠤᠨ᠂ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ | ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠶ᠃ ᠲᠤᠰ ᠤᠳᠠᠭᠠᠨ ᠤ ᠤᠰᠤ ᠲᠠᠲᠠᠬᠤ ᠵᠥᠪᠰᠢᠶᠡᠷᠡᠯ ᠤᠨ | ᠬᠦᠴᠦᠨ ᠲᠠᠢ ᠬᠤᠭᠤᠴᠠᠭ᠎ᠠ ᠨᠢ 1 ᠵᠢᠯ ᠤᠨ ᠬᠤᠭᠤᠴᠠᠭ᠎ᠠ ᠪᠣᠯᠬᠤ ᠪᠥᠭᠡᠳ ᠳᠠᠷᠠᠭ᠎ᠠ ᠨᠢ ᠵᠢᠯ ᠪᠦᠷᠢ | ᠦᠷᠭᠦᠯᠵᠢᠯᠡᠭᠦᠯᠬᠦ ᠶᠢᠨ ᠬᠠᠮᠲᠤ ᠭᠠᠵᠠᠷ ᠳᠣᠣᠷᠠᠬᠢ ᠤᠰᠤᠨ ᠤ ᠵᠥᠪᠰᠢᠶᠡᠷᠡᠯ ᠤᠨ ᠬᠡᠮᠵᠢᠶ᠎ᠡ ᠶᠢ ᠵᠢᠯ ᠳᠠᠷᠠᠭᠠᠯᠠᠨ | ᠪᠠᠭᠠᠰᠬᠠᠨ᠎ᠠ᠃ | ᠲᠠᠨ ᠤ ᠺᠣᠮᠫᠠᠨᠢ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ | ᠪᠠ ︽ᠤᠰᠤ ᠲᠠᠲᠠᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB / T 28714 - | 2012︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠰᠤ ᠲᠠᠲᠠᠬᠤ ᠬᠡᠮᠵᠢᠯᠲᠡ ᠶᠢᠨ ᠪᠡᠯᠡᠳᠬᠡᠮᠵᠢ ᠪᠠ | ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ | ᠬᠡᠪ ᠤᠨ ᠠᠵᠢᠯᠯᠠᠭᠠᠨ ᠢ ᠪᠠᠲᠤᠯᠠᠵᠤ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ | ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ | ᠲᠣᠭᠲᠠᠭᠤᠨ ᠢᠶᠠᠷ ᠳᠠᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠰᠤ ᠲᠠᠲᠠᠬᠤ ᠪᠠᠷᠢᠯᠭ᠎ᠠ ᠪᠤᠶᠤ | ᠪᠡᠯᠡᠳᠬᠡᠮᠵᠢ ᠶᠢ ᠪᠠᠶᠢᠭᠤᠯᠵᠤ ᠳᠠᠭᠤᠰᠬᠠᠭᠰᠠᠨ ᠤ ᠬᠠᠮᠲᠤ ᠲᠤᠷᠰᠢᠨ ᠠᠵᠢᠯᠯᠠᠭᠤᠯᠤᠭᠠᠳ ᠪᠦᠬᠦᠯᠢ 30 ᠡᠳᠦᠷ | ᠪᠣᠯᠤᠭᠰᠠᠨ ᠤ ᠳᠠᠷᠠᠭ᠎ᠠ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠭᠡᠯ | ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ᠪᠣᠯᠤᠨ ︽ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ | ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠮᠠᠨ ᠤ ᠲᠢᠩᠬᠢᠮ ᠳᠤ ᠬᠤᠯᠪᠣᠭᠳᠠᠯ ᠪᠥᠬᠦᠶ | ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠯᠭᠠᠭᠤᠯᠬᠤ ᠪᠠᠷ ᠭᠤᠶᠤᠴᠢᠯᠠᠨ᠎ᠠ᠃ | ᠳᠠᠭᠠᠯᠳᠤᠭᠤᠯᠤᠯ᠄ ᠶᠤᠸᠠᠨ ᠪᠦᠦ ᠱᠠᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 3 | × 600 MW ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠵᠤ ᠬᠢᠨᠠᠨ | ᠪᠠᠶᠢᠴᠠᠭᠠᠭᠰᠠᠨ ᠰᠠᠨᠠᠯ .pdf | | 2023 ᠣᠨ ᠤ 8 ᠳ᠋ᠤᠭᠠᠷ ᠰᠠᠷ᠎ᠠ ᠶᠢᠨ 29 ᠤ ᠡᠳᠦᠷ | | |