ᠬᠡᠯᠬᠢᠶᠡᠰᠦᠨ ᠨᠣᠮᠧᠷ᠄ 000014348/2023-04977 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠤᠰᠤᠨ ᠤ ᠪᠦᠲᠦᠭᠡᠨ ᠪᠠᠶᠢᠭᠤᠯᠤᠯᠲᠠ ﹇2023﹈ 254 ᠳ᠋ᠦ᠋ᠭᠡᠷ ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2023-09-01 | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠢᠩᠬᠢᠮ ︵ᠲᠣᠪᠴᠢᠶ᠎ᠠ︶᠂ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ᠶᠢᠨ | ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄ | ︽︿ᠶᠠᠰᠤ ᠴᠢᠨᠠᠷ ᠢᠶᠠᠷ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ﹀ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠰᠠᠨᠠᠯ︾ ᠢ ᠨᠢᠭᠡᠨᠲᠡ ᠶᠠᠮᠤᠨ ᠤ | ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ | ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | | ᠤᠰᠤᠨ ᠠᠰᠢᠭᠯᠠᠯᠲᠠ ᠶᠢᠨ ᠶᠠᠮᠤᠨ | 2023 ᠣᠨ ᠤ 8 ᠳ᠋ᠤᠭᠠᠷ ᠰᠠᠷ᠎ᠠ ᠶᠢᠨ 30 ᠤ ᠡᠳᠦᠷ | | | | ︽ᠶᠠᠰᠤ ᠴᠢᠨᠠᠷ ᠢᠶᠠᠷ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ︾ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠰᠠᠨᠠᠯ | ᠮᠢᠩᠭᠠᠨ ᠣᠨ ᠤ ᠶᠡᠭᠡ ᠪᠣᠳᠣᠯᠭ᠎ᠠ ᠳᠤ ᠶᠠᠰᠤ ᠴᠢᠨᠠᠷ ᠢ ᠲᠡᠷᠢᠭᠦᠨ ᠳᠤ ᠲᠠᠯᠪᠢᠨ᠎ᠠ᠃ ᠤᠰᠤᠨ | ᠠᠰᠢᠭᠯᠠᠯᠲᠠ ᠶᠢᠨ ᠢᠨᠵᠧᠨᠧᠷᠢᠩ ᠨᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠴᠢᠬᠤᠯᠠ ᠰᠠᠭᠤᠷᠢ ᠲᠥᠬᠦᠭᠡᠷᠦᠮᠵᠢ ᠪᠣᠯᠤᠭᠰᠠᠨ ᠤ ᠬᠤᠪᠢ ᠳᠤ᠂ ᠶᠠᠰᠤ ᠴᠢᠨᠠᠷ ᠨᠢ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠥᠨᠢᠳᠡ ᠶᠢᠨ ᠭᠤᠣᠯ ᠰᠡᠳᠦᠪ ᠪᠠ ᠭᠤᠣᠯᠳᠠᠯᠭ᠎ᠠ ᠪᠣᠯᠣᠨ᠎ᠠ᠃ | ᠨᠠᠮ ᠤᠨᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠠᠰᠤ ᠴᠢᠨᠠᠷ ᠢᠶᠠᠷ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ | ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠭᠢᠮᠵᠢ ᠪᠠ ᠤᠰᠤ ᠵᠠᠰᠠᠬᠤ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ | ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠰᠢᠵᠦ᠂ ᠶᠠᠰᠤ ᠴᠢᠨᠠᠷ ᠢᠶᠠᠷ ᠬᠦᠴᠦᠷᠬᠡᠭ ᠤᠯᠤᠰ ᠤᠨ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠪᠠᠶᠢᠭᠤᠯᠤᠯ ᠤᠨ | ᠵᠣᠬᠢᠴᠠᠮᠵᠢ ᠶᠢᠨ ᠬᠠᠤᠯᠢ ᠪᠠᠷ ᠵᠠᠰᠠᠬᠤ ᠶᠢ ᠲᠡᠭᠦᠯᠳᠡᠷᠵᠢᠭᠦᠯᠦᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠤᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ | ᠪᠦᠬᠦ ᠲᠠᠯ᠎ᠠ ᠪᠠᠷ ᠳᠦᠯᠬᠢᠨ ᠠᠬᠢᠭᠤᠯᠬᠤ ᠳᠤ ᠤᠰᠤᠨ ᠠᠰᠢᠭᠯᠠᠯᠲᠠ ᠶᠢᠨ ᠬᠤᠪᠢ ᠨᠡᠮᠡᠷᠢ ᠪᠠᠨ ᠦᠵᠡᠭᠦᠯᠦᠨ᠎ᠡ᠃ | ︵ᠬᠤᠶᠠᠷ︶ ᠠᠵᠢᠯ ᠤᠨ ᠬᠠᠷᠠᠯᠲᠠ | 2025 ᠣᠨ ᠪᠣᠯᠬᠤ ᠳᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠤᠬᠠᠮᠰᠠᠷ ᠢ ᠨᠠᠩ ᠪᠠᠲᠤ ᠪᠠᠬᠢ | ᠪᠣᠯᠭᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠦᠨ᠂ ᠶᠠᠰᠤ ᠴᠢᠨᠠᠷ ᠤᠨ | ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ | ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠢᠨᠵᠧᠨᠧᠷᠢᠩ ᠤᠨ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | - ᠶᠠᠰᠤ ᠴᠢᠨᠠᠷ ᠢ ᠲᠡᠷᠢᠭᠦᠨ ᠳᠤ ᠲᠠᠯᠪᠢᠬᠤ ᠦᠵᠡᠯ ᠤᠬᠠᠮᠰᠠᠷ ᠢ ᠨᠡᠩ ᠪᠠᠲᠤᠳᠬᠠᠨ᠎ᠠ᠃ ᠤᠰᠤᠨ | ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠷᠦᠩᠬᠡᠢ ᠰᠡᠳᠭᠢᠮᠵᠢ ᠪᠠ ᠬᠠᠷᠠᠯᠲᠠ ᠪᠠᠷ | ᠶᠡᠷᠦᠩᠬᠡᠶᠢᠯᠡᠨ ᠵᠢᠯᠣᠭᠤᠳᠤᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ ᠤᠨ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠶᠠᠰᠤ ᠴᠢᠨᠠᠷ ᠤᠨ | ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠠᠲᠤᠳᠬᠠᠨ᠎ᠠ᠃ | - ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ᠃ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ | ᠪᠠᠶᠢᠭᠤᠯᠤᠯ ᠤᠨ ᠵᠣᠬᠢᠴᠠᠮᠵᠢ᠂ ᠬᠠᠤᠯᠢ ᠲᠣᠭᠲᠠᠭᠠᠯ ᠳᠦᠷᠢᠮ ᠲᠣᠭᠲᠠᠭᠠᠯ ᠪᠠ ᠪᠠᠷᠢᠮᠵᠢᠶ᠎ᠠ ᠶᠢᠨ ᠰᠢᠰᠲ᠋ᠧᠮᠵᠢ ᠶᠢ ᠨᠠᠩ | ᠪᠦᠷᠢᠨᠰᠢᠭᠦᠯᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠲᠠᠢ | ᠬᠠᠷᠢᠯᠴᠠᠨ ᠵᠣᠬᠢᠴᠠᠯᠳᠤᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠦᠨᠳᠦᠰᠦᠨ ᠳᠤ ᠪᠠᠨ | ᠪᠦᠷᠢᠯᠳᠦᠭᠦᠯᠦᠨ᠎ᠡ᠃ | - ᠶᠠᠰᠤ ᠴᠢᠨᠠᠷ ᠤᠨ ᠲᠠᠯ᠎ᠠ ᠪᠠᠷ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠰᠢᠨ᠎ᠡ ᠶᠢ ᠡᠭᠦᠳᠬᠦ ᠵᠠᠰᠠᠭ᠂ | ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠯᠲᠡ ᠶᠢᠨ ᠰᠢᠰᠲ᠋ᠧᠮᠵᠢ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠ ᠪᠣᠭᠤᠮᠲᠠ | ᠰᠢᠪᠲᠤᠯᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠴᠢᠬᠤᠯᠠ ᠭᠤᠭᠴᠤᠭ᠎ᠠ ᠪᠠ ᠵᠠᠩᠭᠢᠯᠠᠭ᠎ᠠ ᠶᠢᠨ ᠬᠦᠷᠢᠶ᠎ᠡ | ᠴᠠᠷᠠᠭ᠎ᠠ ᠶᠢᠨ ᠪᠡᠶ᠎ᠡ ᠪᠠᠨ ᠳᠠᠭᠠᠭᠠᠭᠰᠠᠨ ᠥᠷᠢᠰᠦᠯᠳᠦᠬᠦ ᠬᠦᠴᠦᠨ ᠢ ᠢᠯᠡᠳᠲᠡ ᠳᠡᠭᠡᠭᠰᠢᠯᠡᠭᠦᠯᠦᠨ᠎ᠡ᠃ | - ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠶᠢ ᠮᠡᠳᠡᠭᠳᠡᠬᠦᠶᠢᠴᠡ ᠳᠡᠭᠡᠭᠰᠢᠯᠡᠭᠦᠯᠦᠨ᠎ᠡ᠃ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠡᠷᠭᠢᠯᠡᠬᠦ ᠨᠢᠭᠡᠴᠢ ᠪᠠ ᠠᠵᠢᠯ | ᠡᠷᠬᠢᠯᠡᠭᠰᠡᠳ ᠤᠨ ᠶᠠᠰᠤ ᠴᠢᠨᠠᠷ ᠤᠨ ᠬᠠᠮᠢᠶᠠᠷᠤᠨ ᠡᠵᠡᠮᠳᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢ ᠢᠯᠡᠳᠲᠡ | ᠴᠢᠩᠭᠠᠳᠬᠠᠨ᠂ ᠲᠣᠭᠠᠵᠢᠭᠤᠯᠬᠤ᠂ ᠰᠦᠯᠵᠢᠶᠡᠵᠢᠭᠦᠯᠬᠦ᠂ ᠤᠶᠤᠨᠵᠢᠭᠤᠯᠬᠤ ᠠᠷᠭ᠎ᠠ ᠪᠠᠷᠢᠯ ᠢ ᠥᠷᠭᠡᠨ ᠢᠶᠠᠷ | ᠬᠡᠷᠡᠭᠯᠡᠨ᠎ᠡ᠃ | - ᠢᠨᠵᠧᠨᠧᠷᠢᠩ ᠤᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ᠃ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠪᠦᠬᠦᠯᠢ ᠴᠣᠭᠴᠠ ᠶᠢᠨ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠢᠨᠵᠧᠨᠧᠷᠢᠩ ᠤᠨ ᠨᠠᠶᠢᠳᠠᠪᠤᠷᠢᠲᠤ ᠴᠢᠨᠠᠷ᠂ ᠳᠠᠭᠠᠭᠠᠮᠠᠭᠠᠢ | ᠴᠢᠨᠠᠷ᠂ ᠬᠡᠷᠡᠭᠯᠡᠭᠡᠨ ᠤ ᠴᠢᠨᠠᠷ ᠪᠠ ᠲᠡᠷᠢᠭᠦᠨ ᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠨ᠂ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠢ ᠨᠠᠩ ᠵᠣᠬᠢᠴᠠᠩᠭᠤᠢ ᠪᠣᠯᠭᠠᠵᠤ᠂ | ᠠᠷᠠᠳ ᠣᠯᠠᠨ ᠤ ᠤᠰᠤᠨ ᠠᠰᠢᠭᠯᠠᠯᠲᠠ ᠶᠢᠨ ᠢᠨᠵᠧᠨᠧᠷᠢᠩ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ ᠢᠯᠡᠳᠲᠡ | ᠳᠡᠭᠡᠭᠰᠢᠯᠡᠬᠦᠯᠦᠨ᠎ᠡ᠃ | 2035 ᠣᠨ ᠪᠣᠯᠬᠤ ᠳᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠢᠯᠡᠳᠲᠡ | ᠳᠡᠭᠡᠭᠰᠢᠯᠡᠭᠦᠯᠵᠦ᠂ ᠢᠨᠵᠧᠨᠧᠷᠢᠩ ᠤᠨ ᠦᠷ᠎ᠡ ᠠᠰᠢᠭ ᠢ ᠢᠯᠡᠳᠲᠡ ᠨᠡᠮᠡᠭᠳᠡᠭᠦᠯᠦᠨ᠂ ᠲᠡᠷᠢᠭᠦᠨ ᠤ ᠶᠠᠰᠤ ᠴᠢᠨᠠᠷ ᠤᠨ | ᠰᠣᠶᠣᠯ ᠢ ᠠᠶᠠᠨᠳᠠᠭᠠᠨ ᠤ ᠬᠡᠪ ᠵᠠᠩᠰᠢᠯ ᠪᠣᠯᠭᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ | ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠡᠩᠨᠡᠭᠡ ᠶᠢ ᠪᠥᠬᠦ ᠲᠠᠯ᠎ᠠ ᠪᠠᠷ ᠪᠠᠶᠢᠭᠤᠯᠵᠤ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠪᠠ ᠬᠠᠮᠢᠶᠠᠷᠤᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ | ᠬᠤᠶᠠᠷ᠂ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ | ︵ᠭᠤᠷᠪᠠ︶ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ | ᠤᠰᠤᠨ ᠠᠰᠢᠭᠯᠠᠯᠲᠠ ᠶᠢᠨ ᠢᠨᠵᠧᠨᠧᠷᠢᠩ ᠢ ᠪᠠᠶᠢᠭᠤᠯᠬᠤ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ | ᠢᠨᠵᠧᠨᠧᠷᠢᠩ ᠤᠨ ᠶᠠᠰᠤ ᠴᠢᠨᠠᠷ ᠲᠤ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠥᠷᠥᠯ ᠵᠦᠢᠯ ᠤᠨ ᠬᠠᠤᠯᠢ ᠶᠢᠨ | ᠡᠷᠬᠡᠲᠡᠨ ᠨᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠲᠡᠷᠢᠭᠦᠨ ᠴᠢᠬᠤᠯᠠ | ᠬᠠᠷᠢᠭᠤᠴᠠᠯᠭ᠎ᠠ ᠶᠢ ᠡᠭᠦᠷᠭᠡᠯᠡᠵᠦ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ | ᠬᠠᠮᠢᠶᠠᠷᠬᠤ ᠨᠢᠭᠡᠴᠢ ᠠᠴᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ᠪᠠᠶᠢᠴᠠᠭᠠᠨ ᠬᠡᠮᠵᠢᠬᠦ᠂ ᠬᠢᠨᠠᠨ ᠬᠡᠮᠵᠢᠬᠦ ᠨᠢᠭᠡᠴᠢ ᠵᠢᠴᠢ ᠲᠦᠭᠦᠬᠡᠢ ᠮᠠᠲ᠋ᠧᠷᠢᠶᠠᠯ᠂ | ᠵᠠᠪᠰᠠᠷ ᠤᠨ ᠪᠦᠲᠦᠭᠡᠭᠳᠡᠬᠦᠨ᠂ ᠲᠥᠬᠦᠭᠡᠷᠦᠮᠵᠢ ᠬᠠᠩᠭᠠᠬᠤ ᠬᠤᠳᠠᠯᠳᠤᠭᠠᠴᠢᠨ ᠵᠡᠷᠭᠡ ᠨᠢᠭᠡᠴᠢ ᠨᠦᠭᠦᠳ ᠬᠤᠯᠪᠣᠭᠳᠠᠯ | ᠪᠦᠬᠦᠢ ᠲᠣᠭᠲᠠᠭᠠᠯ ᠪᠣᠯᠣᠨ ᠭᠡᠷ᠎ᠡ ᠶᠢ ᠦᠨᠳᠦᠰᠦᠯᠡᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ | ᠴᠢᠨᠠᠷ ᠲᠤ ᠲᠤᠰ ᠲᠤᠰ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠱᠠᠲᠤᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠶᠠᠰᠤ | ᠴᠢᠨᠠᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠶᠣᠰᠤ ᠪᠠᠷ ᠭᠦᠢᠴᠡᠳᠭᠡᠨ᠎ᠡ᠃ | ︵ᠳᠥᠷᠪᠡ︶ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠶᠠᠰᠤ ᠴᠢᠨᠠᠷ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ | ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠤᠨ ᠲᠡᠷᠢᠭᠦᠨ ᠴᠢᠬᠤᠯᠠ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠶᠠᠰᠤ | ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠶᠠᠰᠤ ᠴᠢᠨᠠᠷ ᠢ ᠡᠵᠡᠮᠳᠡᠬᠦ ᠪᠠᠷᠢᠮᠵᠢᠶ᠎ᠠ ᠶᠢ | ᠲᠣᠳᠣᠷᠬᠠᠶᠢᠯᠠᠵᠤ᠂ ᠵᠦᠢ ᠵᠣᠬᠢᠰᠲᠠᠢ ᠪᠠᠷᠢᠯᠭ᠎ᠠ ᠶᠢᠨ ᠬᠤᠭᠤᠴᠠᠭ᠎ᠠ᠂ ᠬᠠᠩᠰᠢᠯᠠᠬᠤ ᠦᠨ᠎ᠡ ᠶᠢ ᠪᠠᠲᠤᠯᠠᠨ᠎ᠠ᠃ ᠬᠠᠤᠯᠢ | ᠲᠣᠭᠲᠠᠭᠠᠯ ᠶᠣᠰᠣᠭᠠᠷ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ | ᠠᠰᠠᠭᠤᠨ ᠯᠠᠪᠯᠠᠬᠤ᠂ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠭᠤᠣᠯ ᠲᠥᠬᠦᠭᠡᠷᠦᠮᠵᠢ ᠵᠢᠴᠢ ᠮᠠᠲ᠋ᠧᠷᠢᠶᠠᠯ ᠬᠠᠩᠭᠠᠬᠤ | ᠬᠤᠳᠠᠯᠳᠤᠭᠠᠴᠢᠨ ᠵᠡᠷᠭᠡ ᠨᠢᠭᠡᠴᠢ ᠶᠢ ᠰᠣᠩᠭᠤᠵᠤ᠂ ᠶᠠᠰᠤ ᠴᠢᠨᠠᠷ ᠤᠨ ᠬᠠᠷᠢᠭᠤᠴᠠᠯᠭ᠎ᠠ ᠪᠠ ᠡᠭᠦᠷᠭᠡ ᠶᠢ ᠪᠣᠯᠵᠣᠨ | ᠲᠣᠭᠲᠠᠵᠤ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠶᠢᠨ ᠭᠡᠷ᠎ᠡ ᠭᠦᠢᠴᠡᠳᠬᠡᠬᠦ ᠬᠠᠮᠢᠶᠠᠷᠤᠯᠲᠠ ᠶᠢ | ᠴᠢᠩᠭᠠᠳᠬᠠᠨ᠂ ᠵᠢᠷᠤᠭ ᠲᠥᠯᠥᠪᠯᠡᠭᠡ ᠶᠢ ᠬᠤᠪᠢᠷᠠᠭᠤᠯᠬᠤ ᠲᠠᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠮᠠᠲ᠋ᠧᠷᠢᠶᠠᠯ | ᠪᠠ ᠪᠦᠲᠦᠭᠡᠭᠳᠡᠬᠦᠨ ᠤ ᠣᠷᠣᠬᠤ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ | ᠪᠠᠶᠢᠴᠠᠭᠠᠬᠤ ᠪᠠ ᠰᠢᠯᠭᠠᠨ ᠠᠪᠬᠤ ᠶᠢ ᠴᠢᠩᠭᠠᠷᠠᠭᠤᠯᠤᠨ᠂ ᠢᠨᠵᠧᠨᠧᠷᠢᠩ ᠤᠨ ᠪᠣᠳᠠᠲᠤ ᠴᠣᠭᠴᠠ ᠶᠢᠨ ᠶᠠᠰᠤ | ᠴᠢᠨᠠᠷ ᠤᠨ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠲᠣᠭᠠᠴᠠᠯᠠᠭᠰᠠᠨ ᠬᠤᠶᠠᠷ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠡᠷᠢᠭᠦᠨ ᠤ | ᠮᠠᠲ᠋ᠧᠷᠢᠶᠠᠯ᠂ ᠲᠥᠬᠦᠭᠡᠷᠦᠮᠵᠢ ᠪᠠ ᠤᠷᠠᠯᠠᠯ ᠢ ᠲᠥᠪᠯᠡᠷᠡᠭᠦᠯᠦᠨ ᠬᠡᠷᠡᠭᠯᠡᠬᠦ ᠶᠢ ᠢᠳᠡᠪᠬᠢᠲᠡᠢ ᠥᠷᠨᠢᠭᠦᠯᠦᠨ᠎ᠡ᠃ | ᠣᠷᠣᠯᠠᠨ ᠪᠠᠶᠢᠭᠤᠯᠬᠤ᠂ ᠲᠦᠷᠦᠯ ᠵᠦᠢᠯ ᠤᠨ ᠬᠠᠮᠢᠶᠠᠷᠤᠯᠲᠠ ᠶᠢ ᠶᠡᠷᠦᠩᠬᠡᠶᠢᠯᠡᠨ ᠳᠠᠭᠠᠭᠠᠴᠢᠯᠠᠭᠤᠯᠬᠤ᠂ ᠪᠦᠬᠦ | ᠶᠠᠪᠤᠴᠠ ᠳᠤ ᠵᠥᠪᠯᠡᠯᠭᠡ ᠥᠭᠬᠦ ᠵᠡᠷᠭᠡ ᠲᠦᠷᠦᠯ ᠵᠦᠢᠯ ᠤᠨ ᠬᠠᠮᠢᠶᠠᠷᠤᠯᠲᠠ ᠶᠢᠨ ᠵᠠᠭᠪᠤᠷ ᠢ ᠵᠢᠷᠤᠮᠵᠢᠭᠤᠯᠵᠤ᠂ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠲᠠᠪᠤ︶ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠠᠰᠤ ᠴᠢᠨᠠᠷ ᠤᠨ ᠬᠠᠮᠢᠶᠠᠷᠤᠯᠲᠠ ᠶᠢ | ᠴᠢᠩᠭᠠᠷᠠᠭᠤᠯᠤᠨ᠎ᠠ | ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠨᠢᠭᠡᠴᠢ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠶᠠᠰᠤ | ᠴᠢᠨᠠᠷ ᠢ ᠪᠠᠲᠤᠯᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠶᠢᠨ ᠪᠠᠶᠢᠴᠠᠭᠠᠵᠤ ᠵᠢᠷᠤᠭᠯᠠᠨ | ᠲᠥᠯᠥᠪᠯᠡᠬᠦ ᠮᠡᠷᠭᠡᠵᠢᠯ ᠤᠨ ᠬᠢᠷᠢ ᠬᠡᠮᠵᠢᠶ᠎ᠡ ᠪᠣᠯᠣᠨ ᠴᠢᠳᠠᠪᠤᠷᠢ ᠶᠢ ᠳᠡᠭᠡᠭᠰᠢᠯᠡᠭᠦᠯᠦᠨ᠂ ᠵᠢᠷᠤᠭᠯᠠᠨ ᠲᠥᠯᠥᠪᠯᠡᠭᠰᠡᠨ | ᠪᠢᠴᠢᠭ ᠮᠠᠲ᠋ᠧᠷᠢᠶᠠᠯ ᠤᠨ ᠬᠢᠨᠠᠨ ᠬᠠᠷᠭᠤᠭᠤᠯᠬᠤ᠂ ᠬᠠᠮᠲᠤᠷᠠᠨ ᠭᠠᠷ ᠤᠨ ᠥᠰᠥᠭ ᠵᠢᠷᠤᠬᠤ ᠳᠦᠷᠢᠮ ᠢ | ᠵᠢᠷᠤᠮᠵᠢᠭᠤᠯᠤᠨ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ ᠶᠠᠪᠤᠴᠠ ᠳᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠶᠠᠰᠤ ᠴᠢᠨᠠᠷ ᠤᠨ ᠡᠵᠡᠮᠳᠡᠯ ᠢ | ᠴᠢᠩᠭᠠᠳᠬᠠᠨ᠂ ᠬᠠᠶᠢᠨ ᠪᠠᠶᠢᠴᠠᠭᠠᠭᠰᠠᠨ ᠦᠷ᠎ᠡ ᠪᠦᠲᠦᠭᠡᠯ ᠤᠨ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ | ᠪᠠᠶᠢᠬᠤ ᠶᠢ ᠦᠨᠡᠨ ᠬᠦ ᠪᠠᠲᠤᠯᠠᠵᠤ᠂ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠨᠢ ᠬᠤᠯᠪᠣᠭᠳᠠᠯ ᠪᠦᠬᠦᠢ | ᠲᠣᠭᠲᠠᠭᠠᠯ ᠤᠨ ᠭᠦᠨᠵᠡᠭᠡᠢ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠲᠤᠬᠠᠢ ᠶᠢᠨ ᠲᠠᠯᠠᠪᠠᠢ ᠳᠤ | ᠦᠢᠯᠡᠴᠢᠯᠡᠬᠦ ᠮᠡᠷᠭᠡᠵᠢᠯ ᠤᠨ ᠦᠨᠳᠦᠰᠦᠨ ᠵᠦᠢᠯ ᠢ ᠲᠤᠰᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨ᠎ᠡ | ᠮᠡᠷᠭᠡᠵᠢᠯ᠂ ᠰᠢᠨ᠎ᠡ ᠤᠷᠠᠨ ᠳᠠᠷᠬ᠎ᠠ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠶᠢ ᠢᠳᠡᠪᠬᠢᠲᠡᠢ ᠬᠡᠷᠡᠭᠯᠡᠵᠦ᠂ | ᠭᠠᠵᠠᠷ ᠣᠷᠣᠨ ᠤ ᠣᠨᠴᠠᠯᠢᠭ ᠰᠢᠨᠵᠢ᠂ ᠴᠠᠭ ᠦᠶ᠎ᠡ ᠶᠢᠨ ᠳᠦᠷᠰᠦ ᠪᠠᠶᠢᠳᠠᠯ ᠢ ᠭᠦᠢᠴᠡᠳ ᠪᠣᠳᠣᠯᠬᠢᠯᠠᠨ᠂ | ᠢᠨᠵᠧᠨᠧᠷᠢᠩ ᠤᠨ ᠶᠠᠰᠤ ᠴᠢᠨᠠᠷ ᠢᠶᠠᠷ ᠰᠢᠯᠢᠳᠡᠭ ᠰᠠᠶᠢᠨ᠂ ᠠᠮᠤᠷ ᠲᠦᠪᠰᠢᠨ ᠳᠠᠭᠠᠭᠠᠮᠠᠭᠠᠢ᠂ ᠣᠷᠴᠢᠨ ᠲᠣᠭᠤᠷᠢᠨ | ᠨᠢ ᠵᠣᠬᠢᠴᠠᠩᠭᠤᠢ᠂ ᠨᠡᠶᠢᠭᠡᠮ ᠳᠤ ᠮᠡᠳᠡᠷᠡᠭᠳᠡᠭᠰᠡᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠭᠰᠡᠨ ᠦᠷ᠎ᠡ | ᠪᠦᠲᠦᠭᠡᠯ ᠢ ᠬᠠᠩᠭᠠᠬᠤ ᠬᠡᠷᠡᠭᠲᠡᠢ᠃ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠨᠢᠭᠡᠴᠢ ᠨᠦᠭᠦᠳ ᠴᠢᠩᠭ᠎ᠠ ᠬᠢᠨᠠᠨ | ᠪᠠᠶᠢᠴᠠᠭᠠᠵᠤ᠂ ᠶᠠᠰᠤ ᠴᠢᠨᠠᠷ ᠪᠠ ᠠᠮᠤᠷ ᠲᠦᠪᠰᠢᠨ ᠤ ᠪᠣᠭᠤᠮᠲᠠ ᠶᠢ ᠡᠬᠢ ᠡᠭᠦᠰᠦᠯ ᠠᠴᠠ ᠨᠢ ᠰᠠᠶᠢᠲᠤᠷ | ᠠᠳᠬᠤᠵᠤ᠂ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠭᠰᠡᠨ ᠦᠷ᠎ᠡ ᠪᠦᠲᠦᠭᠡᠯ ᠤᠨ | ᠭᠦᠨᠴᠡ ᠶᠢᠨ ᠱᠠᠭᠠᠷᠳᠠᠯᠭ᠎ᠠ ᠶᠢ ᠬᠠᠩᠭᠠᠬᠤ ᠶᠢ ᠦᠨᠡᠨ ᠬᠦ ᠪᠠᠲᠤᠯᠠᠨ᠎ᠠ᠃ | ︵ᠵᠢᠷᠭᠤᠭ᠎ᠠ︶ ᠪᠠᠷᠢᠯᠭ᠎ᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠪᠠᠷᠢᠯᠭ᠎ᠠ ᠪᠠᠷᠢᠬᠤ ᠨᠢᠭᠡᠴᠢ ᠨᠦᠭᠦᠳ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠭᠤᠣᠯ ᠪᠣᠯᠬᠤ ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ ᠠᠵᠢᠯ ᠤᠨ ᠳᠠᠷᠠᠭᠠᠯᠠᠯ᠂ | ᠵᠠᠩᠭᠢᠯᠠᠭ᠎ᠠ ᠶᠢᠨ ᠣᠷᠣᠨ ᠪᠠᠶᠢᠷᠢ ᠪᠣᠯᠣᠨ ᠴᠢᠬᠤᠯᠠ ᠲᠠᠯᠳᠠ ᠨᠢᠭᠡᠴᠢ ᠶᠢᠨ ᠢᠨᠵᠧᠨᠧᠷᠢᠩ ᠤᠨ ᠶᠠᠰᠤ ᠴᠢᠨᠠᠷ ᠢ | ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠢ᠃ ᠲᠤᠬᠠᠢ ᠶᠢᠨ ᠲᠠᠯᠠᠪᠠᠶ ᠶᠢᠨ ᠵᠢᠱᠢᠶ᠎ᠡ ᠦᠵᠡᠭᠦᠯᠬᠦ ᠠᠵᠢᠯᠯᠠᠭ᠎ᠠ᠂ ᠸᠢᠳᠢᠤ᠋ | ᠬᠡᠯᠪᠡᠷᠢ ᠶᠢᠨ ᠵᠢᠷᠤᠭ ᠳᠦᠷᠰᠦ᠂ ᠪᠣᠳᠠᠲᠤ ᠪᠣᠳᠠᠰ ᠤᠨ ᠦᠵᠡᠭᠦᠯᠦᠯᠭᠡ ᠵᠡᠷᠭᠡ ᠬᠡᠯᠪᠡᠷᠢ ᠪᠠᠷ ᠢᠨᠵᠧᠨᠧᠷᠢᠩ ᠤᠨ ᠶᠠᠰᠤ | ᠴᠢᠨᠠᠷ ᠢ ᠦᠯᠢᠭᠡᠷ ᠳᠠᠭᠤᠷᠢᠶᠠᠯ ᠲᠠᠢ ᠪᠣᠯᠭᠠᠬᠤ ᠶᠢ ᠠᠬᠢᠭᠤᠯᠵᠤ᠂ ᠪᠠᠷᠢᠯᠭ᠎ᠠ ᠶᠢᠨ ᠠᠵᠢᠯᠲᠠᠨ ᠢ ᠬᠥᠲᠥᠯᠥᠨ | ᠵᠢᠯᠤᠭᠤᠳᠴᠤ ᠪᠠᠶᠢᠭᠠᠳ ᠶᠠᠰᠤ ᠴᠢᠨᠠᠷ ᠤᠨ ᠪᠠᠷᠢᠮᠵᠢᠶ᠎ᠠ ᠪᠠ ᠪᠣᠳᠠᠲᠠᠢ ᠤᠷᠠᠯᠠᠯ ᠢ ᠪᠣᠯᠪᠠᠰᠤᠷᠠᠩᠭᠤᠢ ᠡᠵᠡᠮᠰᠢᠭᠦᠯᠵᠦ᠂ | ᠢᠨᠵᠧᠨᠧᠷᠢᠩ ᠤᠨ ᠶᠠᠰᠤ ᠴᠢᠨᠠᠷ ᠤᠨ ᠦᠶᠯᠡ ᠠᠵᠢᠯᠯᠠᠭ᠎ᠠ ᠶᠢ ᠵᠢᠷᠤᠮᠵᠢᠭᠤᠯᠬᠤ᠂ ᠶᠠᠰᠤ ᠴᠢᠨᠠᠷ ᠤᠨ | ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠤᠨ᠂ ᠲᠡᠷᠢᠭᠦᠨ ᠤ ᠶᠠᠰᠤ ᠴᠢᠨᠠᠷ ᠢ ᠬᠠᠮᠢᠶᠠᠷᠤᠨ ᠡᠵᠡᠮᠳᠡᠬᠦ | ᠵᠠᠭᠪᠤᠷ ᠪᠠ ᠠᠷᠭ᠎ᠠ ᠶᠢ ᠥᠨᠳᠥᠷ ᠬᠢᠷᠢ ᠬᠡᠮᠵᠢᠶ᠎ᠡ ᠲᠠᠢ ᠬᠡᠷᠡᠭᠯᠡᠬᠦ ᠶᠢ ᠴᠢᠩᠭᠠᠳᠬᠠᠵᠤ᠂ ᠲᠡᠷᠢᠭᠦᠨ ᠤ ᠲᠥᠬᠦᠭᠡᠷᠦᠮᠵᠢ | ᠪᠠ ᠣᠶᠤᠨᠴᠢ ᠪᠠᠷ ᠪᠠᠶᠢᠭᠤᠯᠬᠤ ᠠᠷᠭ᠎ᠠ ᠮᠠᠶ᠋ᠢᠭ ᠢ ᠳᠡᠯᠭᠡᠷᠡᠭᠦᠯᠦᠨ᠂ ᠶᠠᠰᠤ ᠴᠢᠨᠠᠷ ᠢ ᠰᠦᠯᠵᠢᠶᠡᠨ ᠳᠡᠭᠡᠷ᠎ᠡ ᠬᠢᠨᠠᠨ | ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠪᠠ ᠠᠮᠤᠷ | ᠲᠦᠪᠰᠢᠨ ᠤ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠳᠣᠯᠤᠭ᠎ᠠ︶ ᠬᠢᠨᠠᠨ ᠬᠠᠮᠢᠶᠠᠷᠬᠤ ᠶᠠᠰᠤ ᠴᠢᠨᠠᠷ ᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ | ᠬᠢᠨᠠᠨ ᠬᠠᠮᠢᠶᠠᠷᠬᠤ ᠨᠢᠭᠡᠴᠢ ᠨᠦᠭᠦᠳ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠬᠠᠵᠠᠭᠤ ᠶᠢᠨ ᠥᠷᠲᠡᠭᠡ᠂ ᠲᠣᠭᠤᠷᠢᠨ ᠪᠠᠶᠢᠴᠠᠭᠠᠬᠤ᠂ ᠵᠡᠷᠭᠡ ᠪᠠᠷ ᠰᠢᠯᠭᠠᠨ ᠪᠠᠶᠢᠴᠠᠭᠠᠬᠤ ᠪᠠ | ᠭᠡᠷᠡᠴᠢᠯᠡᠨ ᠥᠯᠢᠭᠡᠷ ᠠᠪᠬᠤ ᠵᠡᠷᠭᠡ ᠠᠵᠢᠯ ᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠨᠢᠭᠡᠴᠢ ᠶᠢᠨ ᠪᠠᠷᠢᠯᠭ᠎ᠠ ᠪᠠᠷᠢᠬᠤ | ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ᠂ ᠪᠠᠷᠢᠯᠭ᠎ᠠ ᠪᠠᠷᠢᠬᠤ ᠶᠢ ᠵᠣᠬᠢᠶᠠᠨ ᠪᠠᠶᠢᠭᠤᠯᠵᠤ ᠵᠢᠷᠤᠭᠯᠠᠨ | ᠲᠥᠯᠥᠪᠯᠡᠬᠦ᠂ ᠪᠠᠷᠢᠯᠭ᠎ᠠ ᠪᠠᠷᠢᠬᠤ ᠲᠤᠰᠬᠠᠢ ᠲᠥᠰᠥᠯ ᠵᠡᠷᠭᠡ ᠪᠢᠴᠢᠭ ᠮᠠᠲ᠋ᠧᠷᠢᠶᠠᠯ ᠢ ᠴᠢᠩᠭ᠎ᠠ ᠬᠢᠨᠠᠨ ᠪᠠᠶᠢᠴᠠᠭᠠᠵᠤ᠂ | ᠪᠠᠷᠢᠯᠭ᠎ᠠ ᠪᠠᠷᠢᠬᠤ ᠬᠠᠵᠠᠭᠤ ᠶᠢᠨ ᠥᠷᠲᠡᠭᠡ ᠶᠢᠨ ᠬᠢᠨᠠᠨ ᠬᠠᠮᠢᠶᠠᠷᠤᠯᠲᠠ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ | ᠰᠢᠯᠭᠠᠨ ᠬᠤᠷᠢᠶᠠᠵᠤ ᠬᠠᠮᠢᠶᠠᠷᠬᠤ ᠵᠡᠷᠭᠡ ᠠᠵᠢᠯ ᠢ ᠴᠢᠩᠭᠠᠳᠬᠠᠨ᠂ ᠪᠠᠷᠢᠯᠭ᠎ᠠ ᠪᠠᠷᠢᠬᠤ ᠶᠠᠰᠤ ᠴᠢᠨᠠᠷ ᠤᠨ | ᠶᠠᠪᠤᠴᠠ ᠶᠢᠨ ᠡᠵᠡᠮᠳᠡᠯ ᠢ ᠴᠢᠩᠭᠠᠷᠠᠭᠤᠯᠬᠤ ᠬᠡᠷᠡᠭᠲᠡᠢ᠃ ᠪᠠᠷᠢᠯᠭ᠎ᠠ ᠶᠢᠨ ᠬᠢᠨᠠᠨ ᠬᠠᠮᠢᠶᠠᠷᠤᠯᠲᠠ ᠳᠠᠬᠢ ᠮᠡᠳᠡᠭᠡ | ᠵᠠᠩᠭᠢ ᠶᠢᠨ ᠮᠡᠷᠭᠡᠵᠢᠯ ᠪᠣᠯᠣᠨ ᠲᠡᠷᠢᠭᠦᠨ ᠤ ᠲᠥᠬᠦᠭᠡᠷᠦᠮᠵᠢ ᠶᠢᠨ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠵᠤ᠂ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠤᠯᠲᠠ ᠶᠢᠨ | ᠮᠡᠷᠭᠡᠵᠢᠯ ᠤᠨ ᠴᠢᠳᠠᠪᠤᠷᠢ ᠪᠣᠯᠣᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠨᠠᠢᠮᠠ︶ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢ ᠴᠢᠩᠭᠠᠳᠬᠠᠨ᠎ᠠ | ᠪᠠᠷᠢᠯᠭ᠎ᠠ ᠶᠢᠨ ᠠᠵᠢᠯ ᠢ ᠥᠪᠡᠷᠳᠡᠭᠡᠨ ᠪᠠᠶᠢᠴᠠᠭᠠᠬᠤ᠂ ᠬᠢᠨᠠᠨ ᠬᠠᠮᠢᠶᠠᠷᠬᠤ ᠶᠢ ᠵᠡᠷᠭᠡ ᠪᠡᠷᠰᠢᠯᠭᠠᠨ | ᠪᠠᠶᠢᠴᠠᠭᠠᠬᠤ᠂ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠴᠢᠩᠭᠠᠷᠠᠭᠤᠯᠵᠤ᠂ | ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠪᠥᠬᠦ ᠶᠠᠪᠤᠴᠠ ᠶᠢ ᠪᠠᠶᠢᠴᠠᠭᠠᠨ ᠬᠡᠮᠵᠢᠬᠦ ᠶᠢ ᠵᠣᠷᠢᠭᠵᠢᠭᠤᠯᠤᠨ | ᠥᠷᠨᠢᠭᠦᠯᠵᠦ᠂ ᠵᠢᠷᠤᠭᠯᠠᠨ ᠲᠥᠯᠥᠪᠯᠡᠬᠦ ᠮᠡᠷᠭᠡᠵᠢᠯ ᠤᠨ ᠭᠦᠢᠴᠡᠳᠬᠡᠯ ᠲᠤᠭ᠎ᠠ᠂ ᠤᠷᠠᠯᠠᠯ ᠤᠨ ᠲᠤᠷᠰᠢᠯᠲᠠ ᠶᠢᠨ | ᠪᠣᠯᠵᠣᠯᠲᠤ ᠲᠤᠭ᠎ᠠ᠂ ᠥᠯᠢᠭᠡᠷ ᠬᠡᠪ ᠶᠠᠰᠤ ᠴᠢᠨᠠᠷ ᠤᠨ ᠭᠦᠢᠴᠡᠳᠬᠡᠯ ᠲᠤᠭ᠎ᠠ᠂ ᠶᠠᠰᠤ ᠴᠢᠨᠠᠷ ᠢ ᠰᠢᠯᠭᠠᠨ | ᠪᠠᠶᠢᠴᠠᠭᠠᠬᠤ ᠪᠠᠷᠢᠮᠵᠢᠶ᠎ᠠ ᠪᠠᠷ ᠭᠤᠣᠯ ᠪᠣᠯᠭᠠᠭᠰᠠᠨ ᠶᠠᠰᠤ ᠴᠢᠨᠠᠷ ᠢ ᠰᠢᠯᠭᠠᠨ ᠪᠠᠶᠢᠴᠠᠭᠠᠬᠤ ᠭᠦᠢᠴᠡᠳᠬᠡᠯ ᠲᠤᠭ᠎ᠠ ᠶᠢᠨ | ᠰᠢᠰᠲ᠋ᠧᠮᠵᠢ ᠶᠢ ᠪᠠᠶᠢᠭᠤᠯᠤᠨ᠎ᠠ᠃ ᠪᠠᠶᠢᠴᠠᠭᠠᠨ ᠰᠢᠯᠭᠠᠬᠤ ᠨᠢᠭᠡᠴᠢ ᠨᠢ ᠳᠦᠷᠢᠮ ᠲᠣᠭᠲᠠᠭᠠᠯ᠂ ᠵᠢᠷᠤᠮᠵᠢᠯ ᠪᠠ | ᠭᠡᠷ᠎ᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠠᠶᠢᠴᠠᠭᠠᠨ ᠰᠢᠯᠭᠠᠵᠤ᠂ ᠪᠠᠶᠢᠴᠠᠭᠠᠨ ᠰᠢᠯᠭᠠᠭᠰᠠᠨ ᠲᠤᠭ᠎ᠠ | ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠲᠤ ᠬᠠᠷᠢᠭᠤᠴᠠᠵᠤ᠂ ᠪᠠᠶᠢᠴᠠᠭᠠᠨ ᠰᠢᠯᠭᠠᠭᠰᠠᠨ | ᠮᠡᠳᠡᠭᠦᠯᠦᠯᠲᠡ ᠨᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠵᠢᠷᠤᠭ ᠲᠥᠯᠥᠪᠯᠡᠭᠡ ᠪᠠ ᠵᠢᠷᠤᠮᠵᠢᠯ ᠤᠨ | ᠱᠠᠭᠠᠷᠳᠠᠯᠭ᠎ᠠ ᠳᠤ ᠨᠡᠶᠢᠴᠡᠬᠦ ᠡᠰᠡᠬᠦ ᠳᠤ ᠲᠣᠳᠣᠷᠬᠠᠢ ᠳ᠋ᠦᠩᠨᠡᠯᠲᠡ ᠭᠠᠷᠭᠠᠬᠤ ᠬᠡᠷᠡᠭᠲᠡᠢ᠃ ᠲᠤᠷᠰᠢᠯᠲᠠ ᠶᠢᠨ | ᠲᠠᠰᠤᠭ ᠤᠨ ᠳᠣᠲᠣᠭᠠᠳᠤ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠵᠢᠴᠢ ᠪᠠᠷᠢᠯᠭ᠎ᠠ ᠶᠢᠨ ᠲᠤᠬᠠᠢ ᠶᠢᠨ | ᠲᠠᠯᠠᠪᠠᠶ ᠶᠢᠨ ᠪᠠᠶᠢᠴᠠᠭᠠᠨ ᠰᠢᠨᠵᠢᠬᠦ ᠬᠠᠮᠢᠶᠠᠷᠤᠯᠲᠠ ᠶᠢ ᠴᠢᠩᠭᠠᠳᠬᠠᠵᠤ᠂ ᠪᠠᠶᠢᠴᠠᠭᠠᠨ ᠰᠢᠨᠵᠢᠬᠦ ᠲᠤᠭ᠎ᠠ ᠪᠠᠷᠢᠮᠲᠠ ᠶᠢᠨ | ᠡᠬᠢ ᠰᠤᠷᠪᠤᠯᠵᠢ ᠶᠢ ᠡᠷᠢᠬᠦ ᠬᠠᠮᠢᠶᠠᠷᠤᠯᠲᠠ ᠶᠢ ᠪᠡᠶᠡᠯᠡᠭᠦᠯᠦᠨ᠂ ᠲᠡᠷᠢᠭᠦᠨ ᠤ ᠪᠠᠶᠢᠴᠠᠭᠠᠨ ᠰᠢᠨᠵᠢᠬᠦ ᠮᠡᠷᠭᠡᠵᠢᠯ ᠢ | ᠢᠳᠡᠪᠬᠢᠲᠡᠢ ᠬᠡᠷᠡᠭᠯᠡᠵᠦ᠂ ᠣᠶᠤᠨᠴᠢ ᠪᠠᠷ ᠪᠠᠶᠢᠴᠠᠭᠠᠨ ᠰᠢᠨᠵᠢᠬᠦ ᠪᠠ ᠲᠤᠭ᠎ᠠ ᠪᠠᠷᠢᠮᠲᠠ ᠶᠢ ᠠᠦ᠋ᠲ᠋ᠣ᠋ ᠴᠤᠭᠯᠠᠭᠤᠯᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠶᠢᠰᠦ︶ ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ ᠲᠤᠨᠤᠭ ᠲᠥᠬᠦᠭᠡᠷᠦᠮᠵᠢ ᠶᠢᠨ ᠶᠠᠰᠤ | ᠴᠢᠨᠠᠷ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ | ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ ᠲᠥᠬᠦᠭᠡᠷᠦᠮᠵᠢ ᠦᠢᠯᠡᠳᠪᠦᠷᠢᠯᠡᠬᠦ ᠪᠠ ᠬᠠᠩᠭᠠᠬᠤ | ᠨᠢᠭᠡᠴᠢ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠬᠦᠴᠦᠯᠡᠴᠡ ᠲᠠᠢ | ᠪᠥᠭᠡᠳ ᠳᠠᠭᠠᠭᠠᠮᠠᠭᠠᠢ᠂ ᠡᠷᠭᠢᠯᠳᠦᠭᠦᠯᠦᠨ ᠠᠰᠢᠭᠯᠠᠵᠤ ᠪᠣᠯᠬᠤ᠂ ᠪᠣᠬᠢᠷᠲᠤᠯ ᠦᠭᠡᠢ ᠣᠷᠴᠢᠨ ᠲᠣᠭᠤᠷᠢᠨ ᠢ | ᠬᠠᠮᠠᠭᠠᠯᠠᠬᠤ ᠵᠡᠷᠭᠡ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ | ᠲᠦᠷᠭᠡᠳᠬᠡᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠴᠡ ᠶᠢᠨ ᠬᠦᠴᠦᠯᠡᠴᠡ ᠪᠠ ᠠᠶᠤᠯᠭᠦᠢ | ᠴᠢᠨᠠᠷ᠂ ᠳᠠᠭᠠᠭᠠᠮᠠᠭᠠᠢ ᠴᠢᠨᠠᠷ ᠢ ᠨᠥᠯᠥᠭᠡᠯᠡᠬᠦ ᠵᠠᠩᠭᠢᠯᠠᠭ᠎ᠠ ᠶᠢᠨ ᠲᠦᠭᠦᠬᠡᠢ ᠮᠠᠲ᠋ᠧᠷᠢᠶᠠᠯ᠂ ᠵᠠᠪᠰᠠᠷ ᠤᠨ | ᠪᠦᠲᠦᠭᠡᠭᠳᠡᠬᠦᠨ᠂ ᠲᠥᠬᠦᠭᠡᠷᠦᠮᠵᠢ ᠶᠢᠨ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠎ᠠ᠃ | ᠰᠢᠷᠣᠢ ᠶᠢᠨ ᠮᠠᠲ᠋ᠧᠷᠢᠶᠠᠯ᠂ ᠱᠦᠢᠨᠢ᠂ ᠬᠠᠶᠢᠷ ᠴᠢᠯᠠᠭᠤᠨ ᠤ ᠮᠠᠲ᠋ᠧᠷᠢᠶᠠᠯ᠂ ᠪᠣᠯᠣᠳ ᠰᠢᠷᠪᠦᠰᠦ᠂ ᠪᠧᠲ᠋ᠣᠨ᠂ ᠮᠠᠰᠢᠨ | ᠴᠠᠬᠢᠯᠭᠠᠨ ᠤ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ | ᠲᠥᠬᠦᠭᠡᠷᠦᠮᠵᠢ ᠶᠢᠨ ᠪᠦᠲᠦᠭᠡᠭᠳᠡᠬᠦᠨ ᠤ ᠶᠠᠰᠤ ᠴᠢᠨᠠᠷ ᠢ ᠰᠤᠭᠤᠴᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ | ᠳᠤᠲᠠᠭᠳᠠᠯ ᠲᠠᠢ ᠲᠠᠯ᠎ᠠ ᠶᠢ ᠳᠠᠭᠠᠵᠤ ᠰᠢᠢᠳᠪᠦᠷᠢᠯᠡᠬᠦ ᠪᠠ ᠶᠠᠰᠤ ᠴᠢᠨᠠᠷ ᠢ ᠮᠥᠷᠳᠡᠬᠦ ᠶᠢ ᠬᠡᠷᠡᠭᠵᠢᠭᠦᠯᠦᠨ᠎ᠡ᠃ ᠲᠤᠰᠬᠠᠢ | ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠦᠢᠯᠡᠳᠪᠦᠷᠢᠯᠡᠯ ᠠᠴᠠ ᠪᠠᠷᠢᠯᠭ᠎ᠠ ᠪᠠᠷᠢᠬᠤ ᠬᠦᠷᠲᠡᠯᠡᠬᠢ | ᠪᠥᠬᠦ ᠶᠠᠪᠤᠴᠠ ᠶᠢᠨ ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ ᠲᠥᠬᠦᠭᠡᠷᠦᠮᠵᠢ ᠶᠢᠨ ᠠᠵᠢᠯ | ᠲᠥᠷᠥᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ | ︵ᠠᠷᠪᠠ︶ ᠶᠠᠰᠤ ᠴᠢᠨᠠᠷ ᠤᠨ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠰᠤ ᠴᠢᠨᠠᠷ ᠤᠨ | ᠬᠠᠮᠢᠶᠠᠷᠤᠯᠲᠠ ᠡᠵᠡᠮᠳᠡᠯ ᠢ ᠲᠤᠰᠬᠠᠶᠢᠵᠢᠭᠤᠯᠬᠤ᠂ ᠣᠯᠠᠨ ᠡᠰᠢᠵᠢᠭᠦᠯᠬᠦ ᠳᠠᠰᠢ ᠤᠷᠲᠤᠳᠬᠠᠬᠤ ᠶᠢ ᠠᠬᠢᠭᠤᠯᠤᠨ᠎ᠠ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠴᠢᠯᠡᠭᠡᠨ ᠤ ᠶᠠᠰᠤ ᠴᠢᠨᠠᠷ ᠢᠶᠠᠷ ᠢᠨᠵᠧᠨᠧᠷᠢᠩ ᠤᠨ ᠶᠠᠰᠤ ᠴᠢᠨᠠᠷ ᠢ | ᠳᠡᠭᠡᠭᠰᠢᠯᠡᠭᠦᠯᠬᠦ ᠡᠵᠡᠩᠨᠡᠯᠲᠡ ᠶᠢᠨ ᠣᠶᠢᠯᠠᠭᠠᠭᠳᠠᠬᠤᠨ ᠢ ᠪᠤᠶ ᠪᠣᠯᠭᠠᠨ᠂ ᠶᠠᠰᠤ ᠴᠢᠨᠠᠷ ᠤᠨ ᠬᠠᠮᠢᠶᠠᠷᠤᠯᠲᠠ ᠶᠢᠨ | ᠣᠨᠣᠯᠵᠢᠬᠤᠨ᠂ ᠠᠷᠭ᠎ᠠ᠂ ᠪᠠᠭᠠᠵᠢ ᠶᠢᠨ ᠰᠢᠨ᠎ᠡ ᠶᠢ ᠡᠭᠦᠳᠴᠦ᠂ ᠪᠥᠬᠦ ᠠᠵᠢᠯᠲᠠᠨ᠂ ᠪᠥᠬᠦ ᠬᠦᠴᠦᠨ ᠵᠦᠢᠯ᠂ ᠪᠥᠬᠦ | ᠶᠠᠪᠤᠴᠠ ᠶᠢᠨ ᠦᠵᠡᠭᠳᠡᠬᠦᠶᠢᠴᠡ᠂ ᠲᠣᠭᠠᠵᠢᠭᠤᠯᠬᠤ᠂ ᠣᠶᠤᠨᠴᠢᠯᠠᠭᠰᠠᠨ ᠰᠢᠨ᠎ᠡ ᠬᠡᠯᠪᠡᠷᠢ ᠶᠢᠨ ᠶᠠᠰᠤ ᠴᠢᠨᠠᠷ ᠢ | ᠬᠠᠮᠢᠶᠠᠷᠤᠨ ᠡᠵᠡᠮᠳᠡᠬᠦ ᠬᠡᠷᠡᠭᠯᠡᠯᠲᠡ ᠶᠢ ᠠᠬᠢᠭᠤᠯᠤᠨ᠂ ᠨᠢᠭᠡ ᠪᠦᠯᠦᠭ ᠶᠠᠰᠤ ᠴᠢᠨᠠᠷ ᠢ ᠬᠠᠮᠢᠶᠠᠷᠤᠨ ᠡᠵᠡᠮᠳᠡᠬᠦ ᠡᠬᠢ | ᠪᠠᠶᠠᠯᠢᠭ ᠢ ᠬᠠᠮᠲᠤ ᠪᠠᠷ ᠭᠥᠷᠳᠡᠬᠦ᠂ ᠶᠠᠰᠤ ᠴᠢᠨᠠᠷ ᠤᠨ ᠥᠷᠢᠰᠦᠯᠳᠦᠭᠡᠨ ᠤ ᠳᠠᠪᠠᠭᠤᠯᠢᠭ ᠨᠢ ᠲᠣᠪᠣᠶᠢᠮ᠎ᠠ᠂ | ᠵᠠᠩᠭᠢᠯᠠᠭ᠎ᠠ ᠶᠢᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠣᠶ ᠪᠣᠯᠭᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠢ ᠨᠡᠮᠡᠷᠢᠯᠡᠨ᠎ᠡ᠃ | ︵ᠠᠷᠪᠠᠨ ᠨᠢᠭᠡ︶ ᠶᠠᠰᠤ ᠴᠢᠨᠠᠷ ᠤᠨ ᠨᠠᠰᠤᠨ ᠲᠤᠷᠰᠢᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠬᠡᠷᠡᠭᠵᠢᠭᠦᠯᠦᠨ᠎ᠡ | ᠪᠠᠶᠢᠭᠤᠯᠬᠤ ᠳᠤ ᠣᠷᠣᠯᠴᠠᠭᠰᠠᠨ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠲᠥᠷᠥᠯ | ᠵᠦᠢᠯ ᠤᠨ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭᠠᠲᠠᠨ ᠤ ᠶᠠᠰᠤ ᠴᠢᠨᠠᠷ ᠤᠨ ᠨᠠᠰᠤᠨ ᠲᠤᠷᠰᠢᠲᠠ ᠶᠢᠨ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ | ᠢᠨᠵᠧᠨᠧᠷᠢᠩ ᠤᠨ ᠶᠠᠰᠤ ᠴᠢᠨᠠᠷ ᠤᠨ ᠨᠠᠰᠤᠨ ᠲᠤᠷᠰᠢᠲᠠ ᠶᠢᠨ ᠬᠠᠷᠢᠭᠤᠴᠠᠯᠭ᠎ᠠ ᠶᠢᠨ ᠪᠢᠴᠢᠭᠯᠡᠭᠰᠡᠨ ᠠᠮᠠᠯᠠᠯᠲᠠ ᠶᠢᠨ | ᠳᠦᠷᠢᠮ᠂ ᠢᠯᠭᠠᠬᠤ ᠲᠡᠮᠳᠡᠭ ︵ᠫᠠᠶᠢᠰᠠ︶ ᠤᠨ ᠳᠦᠷᠢᠮ ᠢ ᠦᠨᠡᠨ ᠬᠦ ᠭᠦᠢᠴᠡᠳᠬᠡᠵᠦ᠂ ᠪᠠᠷᠢᠯᠭ᠎ᠠ ᠶᠢᠨ ᠶᠠᠰᠤ | ᠴᠢᠨᠠᠷ ᠤᠨ ᠨᠠᠰᠤᠨ ᠲᠤᠷᠰᠢᠲᠠ ᠶᠢᠨ ᠬᠠᠷᠢᠭᠤᠴᠠᠯᠭ᠎ᠠ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠬᠤ | ᠬᠡᠷᠡᠭᠲᠡᠢ᠃ ᠲᠥᠷᠥᠯ ᠵᠦᠢᠯ ᠤᠨ ᠬᠠᠤᠯᠢ ᠶᠢᠨ ᠡᠷᠬᠡᠲᠡᠨ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ | ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠵᠢᠴᠢ | ᠲᠥᠷᠥᠯ ᠵᠦᠢᠯ ᠤᠨ ᠬᠠᠷᠢᠭᠤᠴᠠᠯᠭᠠᠲᠠᠨ᠂ ᠰᠢᠭᠤᠳ ᠬᠠᠷᠢᠭᠤᠴᠠᠯᠭᠠᠲᠠᠨ ᠨᠢ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠶᠢᠭᠤᠯᠬᠤ ᠳᠤ ᠣᠷᠣᠯᠴᠠᠭᠰᠠᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠠᠰᠤ ᠴᠢᠨᠠᠷ ᠲᠤ ᠨᠠᠰᠤᠨ ᠲᠤᠷᠰᠢᠲᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠠᠷᠪᠠᠨ ᠬᠤᠶᠠᠷ︶ ᠶᠠᠰᠤ ᠴᠢᠨᠠᠷ ᠤᠨ ᠬᠠᠷᠢᠭᠤᠴᠠᠯᠭ᠎ᠠ ᠶᠢᠨ ᠨᠡᠬᠡᠮᠵᠢᠯᠡᠯ ᠢ ᠴᠢᠩᠭᠠᠷᠠᠭᠤᠯᠤᠨ᠎ᠠ | ᠪᠠᠷᠢᠯᠭ᠎ᠠ ᠳᠤ ᠣᠷᠣᠯᠴᠠᠭᠰᠠᠨ ᠨᠢᠭᠡᠴᠢ ᠨᠦᠭᠦᠳ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠪᠠᠷᠢᠯᠭ᠎ᠠ ᠶᠢᠨ | ᠲᠥᠷᠥᠯ ᠵᠦᠢᠯ ᠵᠢᠴᠢ ᠵᠠᠩᠭᠢᠯᠠᠭ᠎ᠠ ᠶᠢᠨ ᠬᠡᠰᠡᠭ᠂ ᠵᠠᠩᠭᠢᠯᠠᠭ᠎ᠠ ᠶᠢᠨ ᠭᠤᠭᠴᠤᠭ᠎ᠠ ᠶᠢᠨ ᠶᠠᠰᠤ ᠴᠢᠨᠠᠷ ᠤᠨ | ᠬᠠᠷᠢᠭᠤᠴᠠᠯᠭ᠎ᠠ ᠶᠢ ᠲᠣᠳᠣᠷᠬᠠᠶᠢᠯᠠᠨ᠂ ᠪᠠᠷᠢᠯᠭ᠎ᠠ ᠶᠢᠨ ᠠᠵᠢᠯ ᠤᠨ ᠲᠡᠮᠳᠡᠭᠯᠡᠯ ᠪᠠ ᠰᠢᠯᠭᠠᠨ ᠠᠪᠬᠤ ᠮᠠᠲ᠋ᠧᠷᠢᠶᠠᠯ ᠤᠨ | ᠬᠠᠮᠢᠶᠠᠷᠤᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠬᠡᠰᠡᠭ ᠪᠠ ᠴᠢᠬᠤᠯᠠ ᠳᠠᠯᠳᠠ ᠬᠡᠰᠡᠭ ᠤᠨ ᠢᠨᠵᠧᠨᠧᠷᠢᠩ ᠤᠨ | ᠬᠡᠷᠡᠯ ᠵᠢᠷᠤᠭ ᠤᠨ ᠮᠠᠲ᠋ᠧᠷᠢᠶᠠᠯ ᠢ ᠴᠤᠭᠯᠠᠭᠤᠯᠬᠤ ᠪᠠ ᠦᠯᠡᠳᠡᠭᠡᠨ ᠬᠠᠳᠠᠭᠠᠯᠠᠬᠤ ᠶᠢ ᠴᠢᠬᠤᠯᠠᠴᠢᠯᠠᠵᠤ᠂ | ᠢᠨᠵᠧᠨᠧᠷᠢᠩ ᠤᠨ ᠶᠠᠰᠤ ᠴᠢᠨᠠᠷ ᠤᠨ ᠨᠡᠬᠡᠮᠵᠢᠯᠡᠵᠦ ᠪᠣᠯᠬᠤᠶᠢᠴᠠ ᠴᠢᠨᠠᠷ ᠢ ᠪᠠᠲᠤᠯᠠᠬᠤ ᠬᠡᠷᠡᠭᠲᠡᠢ᠃ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢᠨ ᠬᠠᠷᠢᠭᠤᠴᠠᠯᠭᠠᠲᠤ ᠨᠢᠭᠡᠴᠢ ᠪᠣᠯᠣᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠤᠯᠪᠣᠭᠳᠠᠯ ᠪᠦᠬᠦᠢ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠶᠣᠰᠣᠭᠠᠷ ᠴᠢᠩᠭ᠎ᠠ ᠬᠠᠷᠢᠭᠤᠴᠠᠯᠭ᠎ᠠ | ᠨᠡᠬᠡᠮᠵᠢᠯᠡᠬᠦ ᠶᠢᠨ ᠬᠠᠮᠲᠤ ᠢᠲᠡᠭᠡᠮᠵᠢ ᠶᠢᠨ ᠲᠡᠮᠳᠡᠭᠯᠡᠯ ᠳᠤ ᠨᠢ ᠲᠡᠮᠳᠡᠭᠯᠡᠨ ᠣᠷᠣᠭᠤᠯᠤᠨ᠎ᠠ᠃ | ᠭᠤᠷᠪᠠ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ | ︵ᠠᠷᠪᠠᠨ ᠭᠤᠷᠪᠠ︶ ᠴᠢᠨᠠᠷ ᠰᠠᠶᠢᠲᠠᠢ ᠬᠥᠭᠵᠢᠯᠲᠡ ᠶᠢᠨ ᠦᠵᠡᠯ ᠤᠬᠠᠮᠰᠠᠷ ᠢ ᠴᠢᠩᠭᠠᠳᠬᠠᠨ᠎ᠠ | ᠴᠢᠨᠠᠷ ᠰᠠᠶᠢᠲᠠᠢ ᠬᠦᠭᠵᠢᠯᠲᠡ ᠶᠢ ᠪᠠᠷᠢᠮᠲᠠᠯᠠᠨ᠂ ᠶᠠᠰᠤ ᠴᠢᠨᠠᠷ ᠢᠶᠠᠷ ᠣᠷᠣᠶᠢᠯᠠᠵᠤ᠂ ᠤᠯᠤᠰ ᠤᠨ ᠶᠠᠰᠤ | ᠴᠢᠨᠠᠷ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ︽ᠤᠷᠠᠨ ᠳᠠᠷᠬᠠᠨ ᠤ | ᠵᠣᠷᠢᠭ ᠰᠠᠨᠠᠭ᠎ᠠ︾ ᠶᠢ ᠪᠠᠳᠠᠷᠠᠭᠤᠯᠤᠨ᠂ ᠶᠠᠰᠤ ᠴᠢᠨᠠᠷ ᠤᠨ ᠰᠣᠶᠣᠯ ᠢ ᠪᠣᠶᠢᠵᠢᠭᠤᠯᠵᠤ᠂ ᠰᠣᠨᠢᠨ ᠮᠡᠳᠡᠭᠡᠨ ᠤ | ᠵᠠᠭᠤᠴᠢᠯᠠᠭᠤᠷ ᠤᠨ ᠤᠬᠠᠭᠤᠯᠵᠤ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠂ ᠲᠡᠷᠢᠭᠦᠨ ᠤ ᠶᠠᠰᠤ | ᠴᠢᠨᠠᠷ ᠤᠨ ᠣᠨᠣᠯᠵᠢᠬᠤᠨ ᠢ ᠤᠯᠠᠮᠵᠢᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠢᠯᠡᠴᠢᠯᠡᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠶᠠᠰᠤ ᠴᠢᠨᠠᠷ ᠤᠨ ᠰᠣᠶᠣᠯ ᠤᠨ | ᠪᠠᠶᠢᠭᠤᠯᠤᠯᠲᠠ ᠳᠤ ᠣᠷᠣᠯᠴᠠᠭᠤᠯᠤᠨ᠎ᠠ᠃ ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ ᠶᠠᠰᠤ ᠴᠢᠨᠠᠷ ᠢ | ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠵᠣᠬᠢᠴᠠᠮᠵᠢ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠦᠨ᠎ᠡ | ᠬᠠᠩᠰᠢ ᠶᠢ ᠡᠷᠬᠢᠮᠯᠡᠨ ᠰᠠᠨᠠᠭᠠᠴᠢᠯᠠᠵᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠭᠤᠣᠯ ᠴᠣᠭᠴᠠ ᠪᠠ ᠠᠵᠢᠯ ᠡᠷᠬᠢᠯᠡᠭᠰᠡᠳ ᠤᠨ ᠶᠠᠰᠤ ᠴᠢᠨᠠᠷ ᠤᠨ ᠥᠷᠢᠰᠦᠯᠳᠦᠭᠡᠨ ᠤ ᠦᠵᠡᠯ | ᠤᠬᠠᠮᠰᠠᠷ᠂ ᠦᠨᠡᠨᠴᠢ ᠢᠲᠡᠭᠡᠮᠵᠢᠲᠡᠢ ᠪᠠᠷ ᠥᠪᠡᠷ ᠢ ᠪᠠᠨ ᠱᠠᠭᠠᠷᠳᠠᠬᠤ ᠦᠵᠡᠯ ᠤᠬᠠᠮᠰᠠᠷ ᠢ ᠴᠢᠩᠭᠠᠳᠬᠠᠨ᠂ ᠠᠵᠢᠯ | ᠲᠥᠷᠥᠯ ᠤᠨ ᠶᠠᠰᠤ ᠴᠢᠨᠠᠷ ᠢ ᠡᠷᠬᠢᠮᠯᠡᠬᠦ᠂ ᠠᠵᠤ ᠠᠬᠤᠶᠢᠯᠠᠯ ᠤᠨ ᠶᠠᠰᠤ ᠴᠢᠨᠠᠷ ᠢ ᠬᠥᠭᠡᠭᠡᠴᠡᠯᠳᠦᠬᠦ᠂ ᠬᠥᠮᠥᠨ | ᠪᠦᠬᠦᠨ ᠶᠠᠰᠤ ᠴᠢᠨᠠᠷ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ | ᠲᠦᠯᠬᠢᠨ ᠠᠬᠢᠭᠤᠯᠵᠤ᠂ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃ | ︵ᠠᠷᠪᠠᠨ ᠳᠥᠷᠪᠡ︶ ᠶᠠᠰᠤ ᠴᠢᠨᠠᠷ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠠᠬᠢᠭᠤᠯᠤᠨ᠎ᠠ | ᠵᠠᠰᠠᠭ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠯᠲᠡ ᠶᠢ | ᠭᠦᠨᠵᠡᠭᠡᠢ ᠠᠭᠤᠰᠤᠯᠴᠠᠭᠤᠯᠤᠭᠰᠠᠨ ᠶᠠᠰᠤ ᠴᠢᠨᠠᠷ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠵᠤ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ᠂ ᠬᠠᠮᠢᠶᠠᠷᠤᠯᠲᠠ᠂ ᠳᠦᠷᠢᠮ ᠤᠨ | ᠰᠢᠨ᠎ᠡ ᠶᠢ ᠡᠭᠦᠳᠬᠦ ᠶᠢ ᠬᠠᠮᠵᠢᠯᠴᠠᠨ ᠥᠷᠨᠢᠭᠦᠯᠵᠦ᠂ ᠢᠨᠵᠧᠨᠧᠷᠢᠩ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠰᠠᠭᠤᠷᠢ | ᠰᠢᠨᠵᠢᠯᠡᠬᠦ ᠤᠬᠠᠭᠠᠨ ᠬᠢᠭᠡᠳ ᠬᠡᠷᠡᠭᠯᠡᠭᠡᠨ ᠤ ᠰᠤᠳᠤᠯᠭᠠᠨ ᠢ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ ᠪᠣᠯᠣᠨ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠷᠭᠡᠵᠢᠯ ᠤᠨ | ᠰᠢᠨ᠎ᠡ ᠶᠢ ᠡᠭᠦᠳᠬᠦ ᠵᠢᠴᠢ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠣᠯᠠᠨ | ᠲᠠᠯ᠎ᠠ ᠶᠢᠨ ᠬᠢᠨ ᠤ ᠬᠤᠯᠪᠤᠭᠠᠯᠠᠨ ᠵᠠᠩᠭᠢᠯᠠᠭ᠎ᠠ ᠶᠢᠨ ᠴᠢᠨᠠᠷᠲᠠᠢ᠂ ᠪᠠᠷᠠᠭᠠᠯᠬᠢᠯᠠᠯ ᠤᠨ ᠴᠢᠨᠠᠷᠲᠠᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠶᠠᠰᠤ ᠴᠢᠨᠠᠷ ᠤᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠬᠦ ᠶᠢ ᠳᠡᠮᠵᠢᠵᠦ᠂ | ᠣᠯᠠᠨ ᠤᠯᠤᠰ ᠤᠨ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠬᠦᠯᠬᠦ ᠶᠢ ᠳᠡᠮᠵᠢᠨ᠎ᠡ᠃ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠪᠥᠬᠦ ᠬᠡᠯᠬᠢᠶ᠎ᠡ ᠶᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ | ᠲᠥᠬᠦᠭᠡᠷᠦᠮᠵᠢ ᠶᠢᠨ ᠰᠠᠭᠤᠷᠢ ᠴᠢᠨᠠᠷᠲᠠᠢ᠂ ᠠᠩᠬᠠᠨ ᠤ ᠡᠭᠦᠳᠦᠯᠲᠡ ᠶᠢᠨ ᠴᠢᠨᠠᠷᠲᠠᠢ ᠰᠤᠳᠤᠯᠭᠠᠨ ᠢ ᠴᠢᠩᠭᠠᠳᠬᠠᠵᠤ᠂ | ᠬᠠᠨᠳᠤᠯᠭᠠᠲᠤ ᠴᠢᠨᠠᠷᠲᠠᠢ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠪᠣᠶ ᠪᠣᠯᠭᠠᠵᠤ᠂ ᠴᠢᠬᠤᠯᠠ ᠭᠤᠭᠴᠤᠭ᠎ᠠ ᠪᠠ ᠵᠠᠩᠭᠢᠯᠠᠭ᠎ᠠ ᠶᠢᠨ ᠬᠦᠷᠢᠶᠡᠨ ᠳᠠᠬᠢ ᠪᠡᠶ᠎ᠡ ᠪᠠᠨ ᠳᠠᠭᠠᠭᠠᠭᠰᠠᠨ | ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃ | ︵ᠠᠷᠪᠠᠨ ᠲᠠᠪᠤ︶ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠠᠴᠠᠯᠠᠨ ᠡᠨᠧᠷᠭᠢ ᠣᠯᠭᠤᠬᠤ ᠶᠢ | ᠴᠢᠩᠭᠠᠷᠠᠭᠤᠯᠤᠨ᠎ᠠ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠲᠣᠭᠠᠴᠠᠯᠠᠭᠰᠠᠨ | ᠬᠡᠷᠡᠭᠯᠡᠭᠡᠨ ᠤ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ BIM+ ᠮᠡᠷᠭᠡᠵᠢᠯ ᠢ ᠢᠨᠵᠧᠨᠧᠷᠢᠩ ᠤᠨ ᠬᠠᠶᠢᠨ | ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠠᠵᠢᠯᠯᠠᠭᠠᠨ ᠤ ᠪᠠᠲᠤᠯᠠᠭ᠎ᠠ ᠶᠢᠨ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠳᠤ ᠲᠥᠪᠯᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠯᠧᠺᠲᠷᠣᠨ ᠭᠠᠷ ᠤᠨ ᠥᠰᠥᠭ ᠲᠠᠮᠠᠭ᠎ᠠ | ᠬᠡᠷᠡᠭᠯᠡᠬᠦ ᠶᠢ ᠰᠦᠪᠡᠭᠴᠢᠯᠡᠨ ᠥᠷᠨᠢᠭᠦᠯᠦᠨ᠎ᠡ᠃ ᠨᠥᠬᠦᠴᠡᠯ ᠪᠦᠷᠢᠳᠦᠭᠰᠡᠨ ᠢᠨᠵᠧᠨᠧᠷᠢᠩ ᠬᠠᠶᠢᠨ ᠪᠠᠶᠢᠴᠠᠭᠠᠵᠤ | ᠵᠢᠷᠤᠵᠤ ᠲᠥᠯᠥᠪᠯᠡᠬᠦ ᠳᠤ ᠪᠠᠨ BIM ᠮᠡᠷᠭᠡᠵᠢᠯ ᠢ ᠥᠷᠨᠢᠭᠦᠯᠬᠦ ᠲᠥᠰᠥᠯ ᠢ ᠬᠠᠷᠢᠴᠠᠭᠤᠯᠤᠨ ᠰᠣᠩᠭᠤᠬᠤ᠂ | ᠪᠤᠳᠤᠵᠤ ᠵᠠᠳᠠᠯᠬᠤ ᠳᠠᠭᠤᠷᠢᠶᠠᠯ ᠳᠤ ᠰᠠᠭᠤᠷᠢᠯᠠᠵᠤ᠂ BIM᠂ GIS᠂ ᠪᠠᠷᠠᠭᠠᠨ ᠤ ᠮᠡᠳᠡᠭᠡ ᠵᠠᠩᠭᠢ ᠶᠢᠨ | ᠰᠦᠯᠵᠢᠶ᠎ᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠡᠵᠡᠮᠰᠢᠯ ᠵᠡᠷᠭᠡ ᠮᠡᠷᠭᠡᠵᠢᠯ ᠳᠤ ᠲᠦᠰᠢᠭᠯᠡᠨ ᠪᠠᠷᠢᠯᠭ᠎ᠠ ᠶᠢᠨ | ᠠᠵᠢᠯ ᠤᠨ ᠵᠣᠬᠢᠶᠠᠨ ᠪᠠᠶᠢᠭᠤᠯᠤᠯᠲᠠ ᠶᠢ ᠥᠷᠨᠢᠭᠦᠯᠵᠦ᠂ ᠲᠣᠭᠠᠨ ᠤ ᠬᠤᠣᠰ ᠢᠨᠵᠧᠨᠧᠷᠢᠩ ᠤᠨ ᠦᠵᠡᠭᠳᠡᠯ ᠢ | ᠪᠠᠶᠢᠭᠤᠯᠵᠤ᠂ ᠣᠶᠤᠨᠴᠢ ᠪᠠᠷ ᠪᠠᠶᠢᠭᠤᠯᠬᠤ᠂ ᠠᠦ᠋ᠲ᠋ᠣ᠋ ᠬᠢᠨᠠᠨ ᠡᠵᠡᠮᠳᠡᠬᠦ ᠵᠡᠷᠭᠡ ᠲᠤᠭ᠎ᠠ ᠪᠠᠷᠢᠮᠲᠠ ᠶᠢᠨ ᠮᠡᠳᠡᠭᠡ | ᠵᠠᠩᠭᠢ ᠶᠢᠨ ᠠᠭᠤᠰᠤᠯᠴᠠᠯ ᠢ ᠠᠬᠢᠭᠤᠯᠵᠤ᠂ ᠪᠠᠷᠢᠯᠭ᠎ᠠ ᠪᠠᠷᠢᠬᠤ ᠶᠠᠪᠤᠴᠠ ᠳᠤ ᠪᠦᠷᠢᠨ ᠵᠠᠩᠭᠢ ᠶᠢᠨ ᠬᠡᠷᠡᠯ ᠵᠢᠷᠤᠭ ᠤᠨ | ᠲᠡᠮᠳᠡᠭᠯᠡᠯ ᠬᠢᠵᠦ᠂ ᠲᠣᠭᠠᠴᠠᠯᠠᠭᠰᠠᠨ ᠲᠠᠩᠰᠠ ᠡᠪᠬᠡᠮᠡᠯ ᠢ ᠪᠦᠷᠢᠯᠳᠦᠭᠦᠯᠦᠨ᠂ ᠶᠠᠰᠤ ᠴᠢᠨᠠᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ ᠮᠡᠳᠡᠭᠡ ᠵᠠᠩᠭᠢ ᠶᠢ ᠰᠡᠷᠡᠵᠦ ᠮᠡᠳᠡᠬᠦ᠂ ᠬᠢᠨᠠᠨ ᠰᠢᠨᠵᠢᠬᠦ᠂ | ᠵᠠᠳᠠᠯᠬᠤ᠂ ᠡᠮᠬᠢᠯᠡᠨ ᠨᠡᠶᠢᠯᠡᠭᠦᠯᠬᠦ ᠪᠠ ᠤᠷᠢᠳᠴᠢᠯᠠᠨ ᠰᠡᠷᠡᠮᠵᠢᠯᠡᠭᠦᠯᠬᠦ ᠶᠢᠨ ᠬᠠᠮᠲᠤ ᠤᠬᠠᠭᠠᠯᠢᠭ ᠢᠶᠠᠷ ᠳᠠᠭᠠᠵᠤ᠂ | ᠪᠣᠳᠠᠲᠤ ᠴᠣᠭᠴᠠ ᠶᠢᠨ ᠢᠨᠵᠧᠨᠧᠷᠢᠩ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠶᠢᠨ ᠬᠠᠮᠲᠤ ᠲᠣᠭᠠᠴᠠᠯᠠᠭᠰᠠᠨ | ᠬᠤᠣᠰ ᠤᠰᠤᠨ ᠠᠰᠢᠭᠯᠠᠯᠲᠠ ᠶᠢᠨ ᠢᠨᠵᠧᠨᠧᠷᠢᠩ ᠢ ᠲᠤᠰᠢᠶᠠᠨ᠎ᠠ᠃ | ︵ᠠᠷᠪᠠᠨ ᠵᠢᠷᠭᠤᠭ᠎ᠠ︶ ᠢᠨᠵᠧᠨᠧᠷᠢᠩ ᠤᠨ ᠮᠡᠷᠭᠡᠵᠢᠯ ᠢ ᠰᠠᠶᠢᠵᠢᠷᠠᠭᠤᠯᠤᠨ ᠲᠠᠰ ᠳᠡᠪᠰᠢᠭᠦᠯᠬᠦ ᠶᠢ | ᠲᠦᠷᠭᠡᠳᠬᠡᠨ᠎ᠡ | ᠣᠳᠣ ᠶᠢᠨ ᠪᠠᠶᠢᠭ᠎ᠠ ᠢᠨᠵᠧᠨᠧᠷᠢᠩ ᠤᠨ ᠮᠡᠷᠭᠡᠵᠢᠯ ᠪᠣᠯᠣᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠮᠡᠷᠭᠡᠵᠢᠯ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠵᠤ᠂ ᠮᠡᠷᠭᠡᠵᠢᠯ ᠤᠨ ᠲᠠᠰ ᠳᠡᠪᠰᠢᠬᠦ᠂ ᠵᠠᠭᠪᠤᠷ ᠤᠨ | ᠰᠢᠨ᠎ᠡ ᠶᠢ ᠡᠭᠦᠳᠬᠦ ᠪᠠᠷ ᠶᠠᠰᠤ ᠴᠢᠨᠠᠷ ᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠰᠠᠶᠢᠵᠢᠷᠠᠭᠤᠯᠬᠤ ᠶᠢ ᠲᠦᠯᠬᠢᠨ | ᠠᠬᠢᠭᠤᠯᠵᠤ᠂ ᠶᠠᠰᠤ ᠴᠢᠨᠠᠷ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠠᠷᠭ᠎ᠠ | ᠵᠠᠮ ᠢ ᠨᠠᠪᠲᠠᠷᠡᠭᠦᠯᠵᠦ᠂ ᠬᠤᠴᠤᠷᠤᠩᠭᠤᠢ ᠤᠷᠠᠨ ᠳᠠᠷᠬ᠎ᠠ ᠪᠠ ᠮᠠᠲ᠋ᠧᠷᠢᠶᠠᠯ ᠢ ᠰᠢᠭᠰᠢᠭᠳᠡᠭᠦᠯᠦᠨ᠂ ᠲᠡᠷᠢᠭᠦᠨ ᠤ | ᠢᠨᠵᠧᠨᠧᠷᠢᠩ ᠤᠨ ᠮᠡᠷᠭᠡᠵᠢᠯ᠂ ᠪᠦᠲᠦᠭᠡᠨ ᠪᠠᠶᠢᠭᠤᠯᠬᠤ ᠲᠥᠬᠦᠭᠡᠷᠦᠮᠵᠢ᠂ ᠪᠠᠷᠢᠯᠭ᠎ᠠ ᠶᠢᠨ ᠮᠠᠲ᠋ᠧᠷᠢᠶᠠᠯ ᠪᠠ | ᠬᠠᠮᠢᠶᠠᠷᠤᠯᠲᠠ ᠶᠢᠨ ᠵᠠᠭᠪᠤᠷ ᠢ ᠥᠨᠳᠥᠷ ᠬᠢᠷᠢ ᠲᠦᠪᠰᠢᠨ ᠲᠠᠢ ᠪᠠᠷ ᠬᠡᠷᠡᠭᠯᠡᠬᠦ ᠶᠢ ᠴᠢᠩᠭᠠᠳᠬᠠᠵᠤ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠨᠠᠶᠢᠳᠠᠪᠤᠷᠢᠲᠤ ᠴᠢᠨᠠᠷ᠂ ᠳᠠᠭᠠᠭᠠᠮᠠᠭᠠᠢ ᠴᠢᠨᠠᠷ᠂ ᠬᠡᠷᠡᠭᠯᠡᠭᠡᠨ ᠤ ᠴᠢᠨᠠᠷ ᠪᠠ | ᠲᠡᠷᠢᠭᠦᠨ ᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠪᠣᠬᠢᠷᠲᠤᠯ ᠦᠭᠡᠢ ᠤᠳᠤᠷᠢᠳᠤᠮᠵᠢ ᠶᠢ ᠪᠣᠶ ᠪᠣᠯᠭᠠᠵᠤ᠂ ᠣᠷᠴᠢᠨ ᠠᠬᠤᠢ ᠶᠢ ᠬᠠᠮᠠᠭᠠᠯᠠᠬᠤ | ᠡᠨᠧᠷᠭᠢ ᠠᠷᠪᠢᠯᠠᠬᠤ ᠮᠠᠲ᠋ᠧᠷᠢᠶᠠᠯ᠂ ᠮᠡᠷᠭᠡᠵᠢᠯ᠂ ᠤᠷᠠᠯᠠᠯ᠂ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢ ᠶᠡᠭᠡ ᠪᠠᠷ | ᠲᠦᠯᠬᠢᠨ ᠠᠬᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠣᠬᠢᠷᠲᠤᠯ ᠦᠭᠡᠢ ᠪᠦᠲᠦᠭᠡᠨ | ᠪᠠᠶᠢᠭᠤᠯᠤᠯᠲᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ | ︵ᠠᠷᠪᠠᠨ ᠳᠣᠯᠤᠭ᠎ᠠ︶ ᠶᠠᠰᠤ ᠴᠢᠨᠠᠷ ᠢ ᠬᠠᠮᠢᠶᠠᠷᠤᠨ ᠡᠵᠡᠮᠳᠡᠬᠦ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠎ᠠ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ | ᠠᠵᠢᠯᠲᠠᠨ ᠤ ᠬᠥᠮᠦᠵᠢᠯ ᠪᠣᠯᠪᠠᠰᠤᠷᠠᠯ ᠪᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠡᠷᠬᠢᠯᠡᠭᠰᠡᠳ ᠤᠨ ᠠᠵᠢᠯ ᠤᠨ | ᠪᠠᠶᠢᠷᠢ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠤᠨ | ᠲᠦᠷᠦᠭᠦᠸ ᠲᠤᠰᠢᠶᠠᠯᠲᠠᠨ ᠤ ᠳᠦᠷᠢᠮ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠴᠢᠳᠠᠪᠤᠷᠢ ᠶᠢ | ᠦᠨᠡᠯᠡᠬᠦ ᠰᠢᠰᠲ᠋ᠧᠮᠵᠢ ᠶᠢ ᠠᠬᠢᠭᠤᠯᠤᠨ᠎ᠠ᠃ ᠪᠠᠷᠢᠯᠭ᠎ᠠ ᠶᠢᠨ ᠠᠵᠢᠯᠲᠠᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ | ᠴᠢᠩᠭᠠᠳᠬᠠᠵᠤ᠂ ᠶᠠᠰᠤ ᠴᠢᠨᠠᠷ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠬᠤᠯᠠᠴᠢᠯᠠᠨ᠂ | ᠬᠥᠳᠡᠯᠮᠦᠷᠢ ᠶᠢᠨ ᠤᠷᠤᠯᠳᠤᠭᠠᠨ ᠪᠠ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠥᠷᠨᠢᠭᠦᠯᠬᠦ ᠶᠢ ᠵᠣᠷᠢᠭᠵᠢᠭᠤᠯᠵᠤ᠂ | ᠰᠢᠯᠢᠳᠡᠭ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠱᠠᠩᠨᠠᠬᠤ ᠳᠦᠷᠢᠮ ᠢ ᠲᠡᠭᠦᠯᠳᠡᠷᠵᠢᠭᠦᠯᠦᠨ᠎ᠡ᠃ ᠤᠰᠤᠨ | ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠵᠣᠬᠢᠶᠠᠨ ᠪᠠᠶᠢᠭᠤᠯᠤᠨ | ᠪᠠᠷᠢᠯᠭ᠎ᠠ ᠶᠢᠨ ᠶᠠᠰᠤ ᠴᠢᠨᠠᠷ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠥᠮᠥᠵᠢᠭᠦᠯᠬᠦ ᠵᠣᠬᠢᠴᠠᠮᠵᠢ ᠶᠢ | ᠪᠠᠶᠢᠭᠤᠯᠵᠤ᠂ ᠳᠡᠭᠡᠳᠦ ᠰᠤᠷᠭᠠᠭᠤᠯᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ | ᠪᠠᠶᠢᠭᠠᠳ ᠴᠢᠳᠠᠪᠤᠷᠢᠲᠠᠨ ᠬᠥᠮᠥᠵᠢᠭᠦᠯᠬᠦ ᠪᠠ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠬᠠᠮᠲᠤᠷᠠᠨ ᠥᠷᠨᠢᠭᠦᠯᠵᠦ᠂ ᠶᠠᠰᠤ ᠴᠢᠨᠠᠷ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ | ᠬᠡᠯᠪᠡᠷᠢ ᠶᠢᠨ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢᠲᠠᠨ᠂ ᠬᠠᠮᠢᠶᠠᠷᠤᠯᠲᠠ ᠶᠢᠨ | ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠡᠷᠬᠢᠯᠡᠭᠰᠡᠳ ᠤᠨ ᠬᠡᠪ ᠴᠢᠨᠠᠷ ᠢ ᠪᠦᠬᠦᠯᠢ ᠴᠣᠭᠴᠠ ᠪᠠᠷ | ᠳᠡᠭᠡᠭᠰᠢᠯᠡᠭᠦᠯᠬᠦ ᠶᠢ ᠠᠬᠢᠭᠤᠯᠤᠨ᠎ᠠ᠃ | ︵ᠠᠷᠪᠠᠨ ᠨᠠᠢᠮᠠ︶ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ | ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢ ᠪᠠᠷᠢᠮᠵᠢᠶᠠᠵᠢᠭᠤᠯᠬᠤ ᠲᠥᠷᠦ ᠶᠢᠨ ᠪᠤᠳᠤᠯᠭ᠎ᠠ ᠶᠢᠨ ᠵᠢᠯᠤᠭᠤᠳᠤᠮᠵᠢ ᠶᠢ ᠴᠢᠩᠭᠠᠳᠬᠠᠵᠤ᠂ | ᠪᠠᠷᠢᠮᠵᠢᠶᠠᠵᠢᠭᠤᠯᠬᠤ ᠵᠣᠬᠢᠴᠠᠮᠵᠢ ᠶᠢᠨ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠤ ᠶᠠᠰᠤ | ᠴᠢᠨᠠᠷ ᠤᠨ ᠠᠵᠢᠯᠯᠠᠭ᠎ᠠ ᠪᠠ ᠢᠨᠵᠧᠨᠧᠷᠢᠩ ᠤᠨ ᠶᠠᠰᠤ ᠴᠢᠨᠠᠷ ᠤᠨ ᠡᠵᠡᠮᠳᠡᠯ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢ | ᠲᠦᠷᠭᠡᠳᠬᠡᠨ ᠠᠬᠢᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠭᠠᠵᠠᠷ ᠣᠷᠣᠨ᠂ ᠨᠡᠶᠢᠲᠡᠯᠢᠭ | ᠢᠨᠵᠧᠨᠧᠷᠢᠩ ᠪᠠ ᠬᠡᠪ ᠳᠠᠭᠤᠷᠢᠶᠠᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠰᠤ ᠴᠢᠨᠠᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ | ᠬᠠᠮᠵᠢᠯᠴᠠᠨ ᠠᠬᠢᠭᠤᠯᠵᠤ᠂ ᠨᠢᠭᠡ ᠪᠦᠯᠦᠭ ᠶᠠᠰᠤ ᠴᠢᠨᠠᠷ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠦᠷ᠎ᠡ | ᠪᠦᠲᠦᠭᠡᠯ ᠢ ᠪᠣᠶ ᠪᠣᠯᠭᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ ᠶᠢᠨ ᠦᠨᠡᠯᠡᠯᠲᠡ ᠶᠢᠨ | ᠰᠢᠰᠲ᠋ᠧᠮᠵᠢ ᠶᠢ ᠪᠠᠶᠢᠭᠤᠯᠤᠨ᠂ ᠪᠠᠶᠢᠭᠤᠯᠬᠤ ᠳᠤ ᠣᠷᠣᠯᠴᠠᠭᠰᠠᠨ ᠡᠯ᠎ᠡ ᠲᠠᠯ᠎ᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠪᠠᠶᠢᠳᠠᠯ ᠳᠤ ᠦᠨᠡᠯᠡᠯᠲᠡ ᠬᠢᠨ᠎ᠡ᠃ ᠣᠷᠣᠨ ᠪᠦᠰᠡ ᠶᠢᠨ ᠬᠤᠭᠤᠷᠣᠨᠳᠤ᠂ ᠲᠥᠷᠥᠯ ᠵᠦᠢᠯ ᠤᠨ | ᠬᠤᠭᠤᠷᠣᠨᠳᠤ᠂ ᠠᠵᠤ ᠠᠬᠤᠶᠢᠯᠠᠯ ᠤᠨ ᠬᠤᠭᠤᠷᠣᠨᠳᠣᠬᠢ ᠶᠠᠰᠤ ᠴᠢᠨᠠᠷ ᠤᠨ ᠪᠠᠷᠢᠮᠵᠢᠶᠠᠵᠢᠭᠤᠯᠤᠯᠲᠠ ᠶᠢᠨ | ᠬᠠᠮᠲᠤᠷᠠᠯᠴᠠᠨ ᠬᠤᠷᠰᠢᠯᠴᠠᠬᠤ ᠶᠢ ᠵᠣᠷᠢᠭᠵᠢᠭᠤᠯᠵᠤ᠂ ᠳᠡᠯᠭᠡᠷᠡᠭᠦᠯᠬᠦ ᠦᠨ᠎ᠡ ᠥᠷᠲᠡᠭ ᠲᠠᠢ ᠶᠠᠰᠤ ᠴᠢᠨᠠᠷ ᠤᠨ | ᠬᠠᠮᠢᠶᠠᠷᠤᠯᠲᠠ ᠶᠢᠨ ᠪᠠᠷᠢᠮᠵᠢᠶᠠᠵᠢᠭᠤᠯᠤᠭᠰᠠᠨ ᠦᠷ᠎ᠡ ᠪᠦᠲᠦᠭᠡᠯ ᠢ ᠴᠠᠭ ᠲᠤᠬᠠᠢ ᠳᠤ ᠨᠢ ᠳ᠋ᠦᠩᠨᠡᠨ᠎ᠡ᠃ | ︵ᠠᠷᠪᠠ ᠶᠢᠰᠦ︶ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ | ᠰᠢᠯᠢᠳᠡᠭ ᠢ ᠡᠭᠦᠳᠴᠦ ᠲᠡᠷᠢᠭᠦᠨ ᠳᠤ ᠣᠷᠣᠬᠤ ᠪᠠᠷ ᠴᠢᠷᠮᠠᠶᠢᠨ᠎ᠠ | ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠤᠷᠮᠠᠰᠢᠭᠤᠯᠬᠤ ᠵᠣᠬᠢᠴᠠᠮᠵᠢ ᠶᠢ ᠲᠡᠭᠦᠯᠳᠡᠷᠵᠢᠭᠦᠯᠵᠦ᠂ ᠣᠷᠣᠨ | ᠨᠤᠲᠤᠭ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ᠂ | ᠠᠮᠵᠢᠯᠲᠠ ᠪᠦᠲᠦᠮᠵᠢ ᠪᠠᠷ ᠢᠯᠡᠳᠲᠡ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠢ ᠱᠠᠩᠨᠠᠨ ᠬᠥᠬᠢᠭᠦᠯᠬᠦ ᠶᠢ | ᠵᠣᠷᠢᠭᠵᠢᠭᠤᠯᠤᠨ᠎ᠠ᠃ ᠶᠠᠰᠤ ᠴᠢᠨᠠᠷ ᠢᠶᠠᠷ ᠰᠢᠯᠢᠳᠡᠭ ᠢ ᠡᠭᠦᠳᠴᠦ ᠲᠡᠷᠢᠭᠦᠨ ᠳᠤ ᠣᠷᠣᠬᠤ ᠪᠠᠷ ᠴᠢᠷᠮᠠᠶᠢᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠬᠢᠭᠡᠳ ᠬᠠᠶᠢᠨ | ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠢ᠂ | ᠢᠨᠵᠧᠨᠧᠷᠢᠩ ᠤᠨ ᠰᠢᠯᠢᠳᠡᠭ ᠢ ᠡᠭᠦᠳᠴᠦ ᠠᠮᠵᠢᠯᠲᠠ ᠣᠯᠬᠤ ᠬᠠᠷᠠᠯᠲᠠ ᠶᠢ ᠭᠡᠷ᠎ᠡ ᠳᠤ ᠣᠷᠣᠭᠤᠯᠬᠤ ᠶᠢ | ᠵᠣᠷᠢᠭᠵᠢᠭᠤᠯᠤᠨ᠂ ᠪᠠᠷᠢᠯᠭ᠎ᠠ ᠳᠤ ᠣᠷᠣᠯᠴᠠᠬᠤ ᠨᠢᠭᠡᠴᠢ ᠶᠢ ᠴᠢᠨᠠᠷ ᠰᠠᠶᠢᠲᠠᠢ ᠢᠨᠵᠧᠨᠧᠷᠢᠩ ᠤᠨ ᠱᠠᠩᠨᠠᠯ ᠤᠨ | ᠵᠦᠢᠯ ᠤᠨ ᠰᠢᠯᠭᠠᠷᠠᠭᠤᠯᠤᠯᠲᠠ ᠳᠤ ᠢᠳᠡᠪᠬᠢᠲᠡᠢ ᠪᠠᠷ ᠮᠡᠳᠡᠭᠦᠯᠬᠦ ᠶᠢ ᠬᠦᠲᠦᠯᠦᠨ ᠵᠢᠯᠤᠭᠤᠳᠤᠨ᠎ᠠ᠃ ᠦᠨᠡᠯᠡᠬᠦ | ᠰᠢᠰᠲ᠋ᠧᠮᠵᠢ ᠶᠢ ᠪᠦᠷᠢᠨᠰᠢᠭᠦᠯᠵᠦ᠂ ᠨᠠᠩ ᠣᠯᠠᠨ ᠰᠣᠳᠣᠨ ᠢᠨᠵᠧᠨᠧᠷᠢᠩ ᠢ ᠪᠣᠶᠢᠵᠢᠭᠤᠯᠤᠨ᠂ ᠴᠢᠨᠠᠷ ᠰᠠᠶᠢᠲᠠᠢ | ᠢᠨᠵᠧᠨᠧᠷᠢᠩ ᠤᠨ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠱᠤᠭᠤᠵᠤ᠂ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠰᠢᠯᠢᠳᠡᠭ ᠢ | ᠡᠭᠦᠳᠦᠨ ᠲᠡᠷᠢᠭᠦᠨ ᠳᠤ ᠣᠷᠣᠬᠤ ᠪᠠᠷ ᠴᠢᠷᠮᠠᠶᠢᠬᠤ ᠢᠳᠡᠪᠬᠢᠵᠢᠯ ᠢ ᠬᠥᠭᠵᠢᠭᠡᠨ᠎ᠡ᠃ | ︵ᠬᠤᠷᠢ︶ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠶᠠᠰᠤ ᠴᠢᠨᠠᠷ ᠤᠨ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠤᠨ᠂ ᠶᠠᠰᠤ ᠴᠢᠨᠠᠷ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠂ ᠶᠠᠰᠤ ᠴᠢᠨᠠᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠶᠠᠰᠤ ᠴᠢᠨᠠᠷ ᠤᠨ ᠰᠣᠶᠣᠯ ᠤᠨ ᠠᠭᠤᠷ | ᠠᠮᠢᠰᠬᠤᠯ ᠢ ᠪᠤᠢ ᠪᠣᠯᠭᠠᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠬᠠᠷᠠᠯᠲᠠ ᠶᠢ ᠲᠣᠭᠤᠷᠢᠨ ᠂ ᠬᠢᠨᠠᠯᠲᠠ | ᠲᠠᠯᠪᠢᠵᠤ ᠪᠠᠶᠢᠴᠠᠭᠠᠬᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠂ ᠳᠦᠷᠢᠮ ᠢ ᠪᠦᠷᠢᠨᠰᠢᠭᠦᠯᠬᠦ᠂ ᠵᠣᠬᠢᠴᠠᠮᠵᠢ ᠶᠢ | ᠲᠡᠭᠦᠯᠳᠡᠷᠵᠢᠭᠦᠯᠬᠦ ᠵᠡᠷᠭᠡ ᠠᠵᠢᠯ ᠢ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠰᠣᠯᠢᠯᠴᠠᠭᠠᠨ ᠤ ᠠᠵᠢᠯᠯᠠᠭ᠎ᠠ ᠶᠢ ᠠᠬᠢᠭᠤᠯᠵᠤ᠂ ᠬᠠᠷᠢᠯᠴᠠᠨ ᠲᠣᠯᠢᠯᠠᠵᠤ | ᠬᠠᠷᠢᠯᠴᠠᠨ ᠰᠤᠷᠤᠯᠴᠠᠬᠤ ᠳᠤᠮᠳᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠬᠠᠮᠲᠤ ᠪᠠᠷ | ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠯᠠᠪᠳᠠᠭᠤᠨ ᠪᠠᠲᠤᠳᠠᠢ ᠪᠠᠷ ᠳᠡᠭᠡᠭᠰᠢᠯᠡᠬᠦᠯᠦᠨ᠎ᠡ᠃ | ᠳᠥᠷᠪᠡ᠂ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ | ︵ᠬᠤᠷᠢᠨ ᠨᠢᠭᠡ︶ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠎ᠡ | ᠣᠳᠣ ᠶᠢᠨ ᠬᠡᠷᠡᠭᠵᠢᠭᠦᠯᠵᠦ ᠪᠠᠶᠢᠭ᠎ᠠ ᠳᠦᠷᠢᠮ ᠪᠣᠯᠣᠨ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠪᠣᠳᠠᠲᠠᠢ ᠵᠣᠬᠢᠴᠠᠩᠭᠤᠢ ᠪᠤᠰᠤ ᠪᠠᠶᠢᠬᠤ ᠠᠰᠠᠭᠤᠳᠠᠯ ᠢ ᠴᠠᠭ ᠲᠤᠬᠠᠢ ᠳᠤ ᠨᠢ | ᠡᠮᠬᠢᠯᠡᠨ ᠳᠢᠭᠯᠡᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠬᠠᠮᠢᠶᠠᠷᠤᠯᠲᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ᠂ ᠶᠠᠰᠤ ᠴᠢᠨᠠᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ᠂ | ᠬᠠᠩᠰᠢᠯᠠᠭᠰᠠᠨ ᠦᠨ᠎ᠡ ᠶᠢᠨ ᠬᠠᠮᠢᠶᠠᠷᠤᠯᠲᠠ᠂ ᠢᠨᠵᠧᠨᠧᠷᠢᠩ ᠢ ᠰᠢᠯᠭᠠᠨ ᠠᠪᠬᠤ᠂ ᠴᠢᠨᠠᠷ ᠰᠠᠶᠢᠲᠠᠢ | ᠢᠨ᠋ᠧᠵᠧᠨᠧᠷᠢᠩ ᠢ ᠰᠢᠯᠭᠠᠷᠠᠭᠤᠯᠤᠨ ᠰᠣᠩᠭᠤᠬᠤ᠂ ᠰᠢᠨ᠎ᠡ ᠬᠡᠯᠪᠡᠷᠢ ᠶᠢᠨ ᠪᠠᠶᠢᠭᠤᠯᠵᠤ ᠬᠠᠮᠢᠶᠠᠷᠬᠤ ᠵᠠᠭᠪᠤᠷ ᠵᠡᠷᠭᠡ ᠶᠢ | ᠬᠠᠮᠤᠷᠤᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠤᠨ ᠰᠢᠰᠲ᠋ᠧᠮᠵᠢ ᠶᠢ ᠪᠦᠷᠢᠯᠳᠦᠭᠦᠯᠦᠨ᠎ᠡ᠃ | ᠡᠯ᠎ᠡ ᠮᠤᠵᠢ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠢᠨ᠋ᠧᠵᠧᠨ᠋ᠧᠷᠢᠩ ᠤᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ | ᠪᠦᠷᠢᠨᠰᠢᠭᠦᠯᠦᠨ᠎ᠡ᠃ | ︵ᠬᠤᠷᠢᠨ ᠬᠤᠶᠠᠷ︶ ᠢᠨᠵᠧᠨᠧᠷᠢᠩ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠰᠢᠰᠲ᠋ᠧᠮᠵᠢ ᠶᠢ | ᠲᠡᠭᠦᠯᠳᠡᠷᠵᠢᠬᠦᠯᠦᠨ᠎ᠡ | ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠶᠢ | ᠦᠨᠳᠦᠰᠦᠯᠡᠨ᠂ ᠣᠷᠣᠨ ᠪᠦᠰᠡ ᠶᠢᠨ ᠠᠮᠤᠷ ᠲᠦᠪᠰᠢᠨ᠂ ᠢᠨᠵᠧᠨᠧᠷᠢᠩ ᠤᠨ ᠠᠮᠤᠷ ᠲᠦᠪᠰᠢᠨ ᠢ ᠭᠦᠢᠴᠡᠳ | ᠪᠣᠳᠣᠯᠬᠢᠯᠠᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠪᠠᠷ | ᠳᠡᠭᠡᠭᠰᠢᠯᠡᠭᠦᠯᠵᠦ᠂ ᠳᠡᠯᠭᠡᠷᠡᠭᠦᠯᠬᠦ ᠦᠨ᠎ᠡ ᠥᠷᠲᠡᠭ ᠲᠠᠢ ᠶᠠᠰᠤ ᠴᠢᠨᠠᠷ ᠤᠨ ᠡᠵᠡᠮᠳᠡᠯ ᠤᠨ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠢ ᠴᠠᠭ ᠲᠤᠬᠠᠢ ᠳᠤ ᠨᠢ ᠪᠣᠯᠪᠠᠰᠤᠷᠠᠭᠤᠯᠵᠤ᠂ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ | ᠪᠦᠷᠢᠨᠰᠢᠭᠦᠯᠦᠨ᠂ ᠪᠠᠷᠢᠮᠵᠢᠶ᠎ᠠ ᠶᠢᠨ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠶᠢᠨ | ᠶᠠᠰᠤ ᠴᠢᠨᠠᠷ ᠢ ᠡᠵᠡᠮᠳᠡᠬᠦ᠂ ᠪᠣᠳᠠᠲᠤ ᠴᠣᠭᠴᠠ ᠶᠢᠨ ᠶᠠᠰᠤ ᠴᠢᠨᠠᠷ ᠪᠠ ᠢᠨᠵᠧᠨᠧᠷᠢᠩ ᠢ ᠰᠢᠯᠭᠠᠨ ᠠᠪᠬᠤ ᠵᠡᠷᠭᠡ | ᠲᠠᠯ᠎ᠠ ᠶᠢᠨ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ᠬᠤᠯᠪᠣᠭᠳᠠᠯ ᠪᠦᠬᠦᠢ ᠨᠢᠭᠡᠴᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠦᠯᠬᠦᠮ᠂ ᠠᠵᠤ ᠠᠬᠤᠶᠢᠯᠠᠯ᠂ | ᠣᠷᠣᠨ ᠨᠤᠲᠤᠭ ᠤᠨ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠯᠡᠬᠦ ᠶᠢ ᠵᠣᠷᠢᠭᠵᠢᠭᠤᠯᠵᠤ᠂ ᠵᠠᠰᠠᠭ ᠤᠨ | ᠣᠷᠳᠣᠨ ᠤ ᠨᠡᠶᠢᠲᠡᠯᠡᠬᠦ ᠪᠠᠷᠢᠮᠵᠢᠶ᠎ᠠ ᠬᠢᠭᠡᠳ ᠵᠠᠬ᠎ᠠ ᠳᠡᠯᠭᠡᠭᠦᠷ ᠤᠨ ᠪᠡᠶ᠎ᠡ ᠪᠠᠨ ᠳᠠᠭᠠᠭᠠᠵᠤ ᠲᠣᠭᠲᠠᠭᠠᠬᠤ | ᠪᠠᠷᠢᠮᠵᠢᠶ᠎ᠠ ᠶᠢ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠷᠢᠮᠵᠢᠶ᠎ᠠ ᠶᠢᠨ ᠦᠨᠳᠦᠰᠦᠯᠡᠯ ᠬᠠᠩᠭᠠᠨ᠎ᠠ᠃ | ︵ᠬᠤᠷᠢᠨ ᠭᠤᠷᠪᠠ︶ ᠢᠨᠵᠧᠨᠧᠷᠢᠩ ᠤᠨ ᠶᠠᠰᠤ ᠴᠢᠨᠠᠷ ᠤᠨ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠎ᠡ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ | ᠴᠢᠩᠭᠠᠷᠠᠭᠤᠯᠤᠨ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠶᠢᠴᠠᠭᠠᠬᠤ᠂ ︽ᠬᠤᠶᠠᠷ ᠢ ᠲᠠᠰᠢᠷᠠᠮ ᠳᠠᠭᠠᠤ ᠨᠢᠭᠡ ᠶᠢ | ᠢᠯᠡ ᠪᠣᠯᠭᠠᠬᠤ︾ ᠵᠡᠷᠭᠡ ᠬᠢᠨᠠᠨ ᠬᠠᠮᠢᠶᠠᠷᠤᠯᠲᠠ ᠶᠢᠨ ᠠᠷᠭ᠎ᠠ ᠪᠠᠷᠢᠯ ᠢ ᠪᠦᠷᠢᠨᠰᠢᠭᠦᠯᠵᠦ᠂ ᠲᠥᠷᠥᠯ ᠬᠤᠪᠢᠶᠠᠨ ᠬᠢᠨᠠᠨ | ᠬᠠᠮᠢᠶᠠᠷᠬᠤ ᠪᠠ ᠵᠦᠷᠢᠶᠡᠴᠢᠯᠡᠭᠰᠡᠨ ᠬᠢᠨᠠᠨ ᠬᠠᠮᠢᠶᠠᠷᠤᠯᠲᠠ ᠶᠢ ᠬᠡᠷᠡᠭᠵᠢᠭᠦᠯᠦᠨ᠂ ᠶᠠᠰᠤ ᠴᠢᠨᠠᠷ ᠤᠨ ᠬᠠᠮᠢᠶᠠᠷᠤᠯᠲᠠ ᠪᠠᠷ | ᠪᠠᠭᠤᠷᠠᠢ ᠭᠠᠵᠠᠷ ᠣᠷᠣᠨ᠂ ᠪᠠᠭᠤᠷᠠᠢ ᠲᠥᠷᠥᠯ ᠵᠦᠢᠯ᠂ ᠪᠠᠭᠤᠷᠠᠢ ᠭᠤᠭᠴᠤᠭ᠎ᠠ ᠶᠢᠨ ᠬᠢᠨᠠᠨ ᠬᠠᠮᠢᠶᠠᠷᠤᠯᠲᠠ ᠶᠢᠨ | ᠡᠷᠴᠢᠮ ᠢ ᠴᠢᠩᠭᠠᠷᠠᠭᠤᠯᠤᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠥᠬᠦ ᠬᠡᠯᠬᠢᠶᠡᠰᠦ ᠶᠢᠨ | ᠵᠠᠰᠠᠭ ᠤᠨ ᠣᠷᠳᠣᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠡᠳᠦᠷ ᠲᠤᠲᠤᠮ ᠤᠨ | ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠶᠠᠰᠤ ᠴᠢᠨᠠᠷ ᠲᠤ ᠬᠢᠨᠠᠯᠲᠠ | ᠲᠠᠯᠪᠢᠵᠤ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠦᠨ᠂ ᠢᠨᠵᠧᠨᠧᠷᠢᠩ ᠤᠨ ᠠᠮᠤᠷ ᠲᠦᠪᠰᠢᠨ ᠳᠤ ᠬᠤᠯᠪᠣᠭᠳᠠᠬᠤ | ᠠᠵᠢᠯ ᠤᠨ ᠳᠠᠷᠠᠭᠠᠯᠠᠯ᠂ ᠵᠠᠩᠭᠢᠯᠠᠭ᠎ᠠ ᠶᠢᠨ ᠣᠷᠣᠨ ᠪᠠᠶᠢᠷᠢ ᠪᠠ ᠴᠢᠬᠤᠯᠠ ᠳᠠᠯᠳᠠ ᠬᠡᠰᠡᠭ ᠤᠨ ᠢᠨᠵᠧᠨᠧᠷᠢᠩ ᠳᠤ | ᠭᠤᠣᠯᠳᠠᠯᠭ᠎ᠠ ᠲᠠᠢ ᠪᠠᠷ ᠪᠠᠶᠢᠴᠠᠭᠠᠯᠲᠠ ᠪᠠ ᠪᠠᠶᠢᠴᠠᠭᠠᠨ ᠬᠡᠮᠵᠢᠯᠲᠡ ᠶᠢ ᠥᠷᠨᠢᠭᠦᠯᠦᠨ᠎ᠡ᠃ ︽ᠢᠨᠲ᠋ᠧᠷ ᠰᠦᠯᠵᠢᠶ᠎ᠡ + | ᠬᠢᠨᠠᠨ ᠬᠠᠮᠢᠶᠠᠷᠤᠯᠲᠠ︾᠂ ᠵᠠᠰᠠᠭ ᠤᠨ ᠣᠷᠳᠣᠨ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢᠨ ᠮᠡᠷᠭᠡᠵᠢᠯ ᠤᠨ | ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠠᠬᠢᠭᠤᠯᠵᠤ᠂ ᠵᠠᠰᠠᠭ ᠤᠨ ᠣᠷᠳᠣᠨ ᠤ ᠶᠠᠰᠤ | ᠴᠢᠨᠠᠷ ᠲᠤ ᠬᠢᠨᠠᠯᠲᠠ ᠲᠠᠯᠪᠢᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠶᠠᠰᠤ ᠴᠢᠨᠠᠷ ᠤᠨ ᠬᠢᠨᠠᠨ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠶᠠᠰᠤ ᠴᠢᠨᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ | ᠦᠶᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠢᠩᠭ᠎ᠠ ᠴᠣᠬᠢᠯᠲᠠ ᠥᠭᠴᠦ᠂ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠡᠵᠡᠮᠳᠡᠵᠦ ᠪᠣᠯᠬᠤ ᠶᠢ | ᠦᠨᠡᠨ ᠬᠦ ᠪᠠᠲᠤᠯᠠᠨ᠎ᠠ᠃ | ︵ᠬᠤᠷᠢᠨ ᠳᠥᠷᠪᠡ︶ ᠶᠠᠰᠤ ᠴᠢᠨᠠᠷ ᠤᠨ ᠬᠠᠮᠢᠶᠠᠷᠤᠯᠲᠠ ᠶᠢ ᠨᠡᠶᠢᠭᠡᠮ ᠤᠨ ᠬᠠᠮᠲᠤ ᠪᠠᠷ ᠢᠶᠠᠨ ᠵᠠᠰᠠᠬᠤ ᠶᠢ | ᠠᠬᠢᠭᠤᠯᠤᠨ᠎ᠠ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠵᠠᠰᠠᠯᠲᠠ ᠶᠢᠨ ᠵᠠᠭᠪᠤᠷ ᠢ | ᠰᠢᠯᠢᠳᠡᠭᠵᠢᠭᠦᠯᠵᠦ᠂ ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠭᠰᠠᠨ᠂ ᠵᠠᠰᠠᠭ ᠤᠨ ᠣᠷᠳᠣᠨ ᠢᠶᠠᠷ | ᠭᠤᠣᠯᠯᠠᠭᠤᠯᠤᠭᠰᠠᠨ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠣᠷᠣᠯᠴᠠᠭᠰᠠᠨ ᠣᠯᠠᠨ ᠡᠰᠢᠲᠦ ᠵᠠᠰᠠᠯᠲᠠ ᠶᠢᠨ | ᠵᠣᠬᠢᠴᠠᠮᠵᠢ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠪᠡᠷᠲᠡᠭᠡᠨ ᠵᠠᠰᠠᠬᠤ᠂ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ᠂ ᠨᠡᠶᠢᠭᠡᠮ ᠤᠨ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠤ ᠬᠢᠨᠠᠨ | ᠬᠠᠮᠢᠶᠠᠷᠤᠯᠲᠠ ᠶᠢᠨ ᠶᠠᠰᠤ ᠴᠢᠨᠠᠷ ᠢ ᠬᠠᠮᠲᠤ ᠪᠠᠷ ᠵᠠᠰᠠᠬᠤ ᠪᠠᠶᠢᠷᠢᠰᠢᠯ ᠢ ᠪᠠᠶᠢᠭᠤᠯᠤᠨ᠎ᠠ᠃ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠢᠭᠡᠳᠦᠭᠡᠷ ᠹᠷᠣᠨᠲ ᠤᠨ ᠡᠭᠡᠯᠵᠢ ᠳᠤᠭᠤᠶᠢᠯᠠᠩ ᠵᠡᠷᠭᠡ ᠶᠢᠨ ᠶᠠᠰᠤ ᠴᠢᠨᠠᠷ ᠢ | ᠰᠠᠶᠢᠵᠢᠷᠠᠭᠤᠯᠬᠤ᠂ ᠶᠠᠰᠤ ᠴᠢᠨᠠᠷ ᠤᠨ ᠰᠢᠨ᠎ᠡ ᠶᠢ ᠡᠭᠦᠳᠬᠦ᠂ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠶᠢᠨ | ᠤᠷᠤᠯᠳᠤᠭᠠᠨ ᠵᠡᠷᠭᠡ ᠣᠯᠠᠨ ᠲᠦᠮᠡᠨᠴᠢ ᠴᠢᠨᠠᠷᠲᠠᠢ ᠶᠠᠰᠤ ᠴᠢᠨᠠᠷ ᠤᠨ ᠠᠵᠢᠯᠯᠠᠭ᠎ᠠ ᠶᠢ ᠬᠡᠷᠡᠭᠵᠢᠭᠦᠯᠬᠦ ᠶᠢ ᠳᠡᠮᠵᠢᠨ᠎ᠡ᠃ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠨᠡᠶᠢᠭᠡᠮ ᠤᠨ ᠬᠢᠨᠠᠯᠲᠠ ᠲᠠᠯᠪᠢᠬᠤ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠬᠤ ᠵᠣᠬᠢᠴᠠᠴᠮᠵᠢ ᠶᠢ ᠪᠦᠷᠢᠨᠰᠢᠭᠦᠯᠵᠦ᠂ ᠨᠡᠶᠢᠭᠡᠮ ᠤᠨ ᠬᠢᠨᠠᠯᠲᠠ ᠲᠠᠯᠪᠢᠬᠤ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠦᠨ᠎ᠡ᠃ | ︵ᠬᠤᠷᠢᠨ ᠲᠠᠪᠤ︶ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ | ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠢᠨᠠᠨ | ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠠᠰᠤ ᠴᠢᠨᠠᠷ ᠤᠨ ᠲᠠᠯ᠎ᠠ ᠪᠠᠷ | ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠎ᠠ᠃ ᠢᠲᠡᠭᠡᠯ ᠢᠶᠠᠨ | ᠠᠯᠳᠠᠭᠰᠠᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠵᠣᠬᠢᠴᠠᠮᠵᠢ ᠶᠢ ᠪᠦᠷᠢᠨᠰᠢᠭᠦᠯᠵᠦ᠂ ᠪᠦᠬᠦ | ᠤᠯᠤᠰ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠠᠪᠴᠠᠩ ᠪᠣᠯᠣᠨ ᠮᠤᠵᠢ ᠶᠢᠨ ᠱᠠᠲᠤᠨ ᠤ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠠᠪᠴᠠᠩ ᠤᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠪᠠ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠢᠲᠡᠭᠡᠯ ᠢᠶᠠᠨ | ᠠᠯᠳᠠᠭᠰᠠᠨ ᠮᠡᠳᠡᠭᠡ ᠵᠠᠩᠭᠢ ᠶᠢ ᠨᠢᠭᠡ ᠯᠡ ᠳᠡᠭᠡᠷ᠎ᠡ ᠴᠤᠭᠯᠠᠭᠤᠯᠵᠤ᠂ ᠪᠦᠬᠦ ᠤᠯᠤᠰ ᠲᠤ ᠬᠠᠮᠲᠤ ᠪᠠᠷ ᠡᠳ᠋ᠯᠡᠬᠦ ᠶᠢ | ᠪᠡᠶᠡᠯᠡᠭᠦᠯᠦᠨ᠎ᠡ᠃ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠤᠨ ᠬᠠᠮᠢᠶᠠᠷᠤᠯᠲᠠ ᠶᠢ | ᠴᠢᠩᠭᠠᠳᠬᠠᠵᠤ᠂ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ ᠢᠲᠡᠭᠡᠮᠵᠢ ᠶᠢᠨ ᠦᠨᠡᠯᠡᠯᠲᠡ ᠶᠢᠨ ᠪᠠᠷᠢᠮᠵᠢᠶ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠵᠢᠷᠤᠮᠵᠢᠭᠤᠯᠤᠨ᠂ ᠢᠲᠡᠭᠡᠮᠵᠢ ᠶᠢᠨ ᠦᠨᠡᠯᠡᠯᠲᠡ ᠶᠢᠨ ᠡᠷᠬᠡ ᠰᠦᠷᠲᠦ | ᠴᠢᠨᠠᠷ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠬᠦᠯᠦᠨ᠎ᠡ᠃ ᠠᠵᠤ ᠠᠬᠤᠶᠢᠯᠠᠯ ᠤᠨ | ᠳᠠᠭᠠᠭᠠᠴᠢᠯᠠᠨ ᠪᠠᠶᠢᠭᠤᠯᠤᠭᠰᠠᠨ ᠢᠨᠵᠧᠨᠧᠷᠢᠩ ᠤᠨ ᠶᠠᠰᠤ ᠴᠢᠨᠠᠷ ᠤᠨ ᠪᠠᠶᠢᠳᠠᠯ ᠢ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠶᠢ ᠬᠢᠨᠠᠨ ᠲᠣᠭᠲᠠᠭᠠᠬᠤ ᠬᠦᠴᠦᠨ ᠵᠦᠢᠯ ᠳᠤ ᠣᠷᠣᠭᠤᠯᠬᠤ ᠶᠢ ᠵᠣᠷᠢᠭᠵᠢᠭᠤᠯᠵᠤ᠂ | ᠶᠠᠰᠤ ᠴᠢᠨᠠᠷ ᠢᠶᠠᠷ ᠥᠷᠢᠰᠦᠯᠳᠦᠬᠦ᠂ ᠰᠢᠯᠢᠳᠡᠭ ᠨᠢ ᠰᠢᠯᠢᠭᠳᠡᠵᠦ ᠰᠢᠭᠠᠷᠤ ᠨᠢ ᠰᠢᠭᠰᠢᠭᠳᠡᠬᠦ ᠵᠠᠬ᠎ᠠ ᠳᠡᠯᠭᠡᠭᠦᠷ ᠤᠨ | ᠣᠷᠴᠢᠨ ᠲᠣᠭᠤᠷᠢᠨ ᠢ ᠪᠣᠶ ᠪᠣᠯᠭᠠᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢ᠊ ᠡᠶ᠎ᠡ | ︵ᠬᠤᠷᠢᠨ ᠵᠢᠷᠭᠤᠭ᠎ᠠ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ | ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠣᠷᠣᠨ ᠨᠤᠲᠤᠭ ᠤᠨ ᠡᠯ᠎ᠡ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠶᠠᠰᠤ ᠴᠢᠨᠠᠷ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠ ᠶᠠᠰᠤ ᠴᠢᠨᠠᠷ ᠤᠨ ᠲᠣᠪᠤᠶᠢᠮ᠎ᠠ ᠠᠰᠠᠭᠤᠳᠠᠯ ᠢ ᠰᠢᠶ᠋ᠳᠪᠦᠷᠢᠯᠡᠬᠦ ᠲᠠᠢ ᠬᠠᠷᠢᠯᠴᠠᠨ ᠤᠶᠠᠯᠳᠤᠭᠤᠯᠵᠤ᠂ | ᠲᠣᠰ ᠭᠠᠵᠠᠷ ᠣᠷᠣᠨ ᠲᠣᠰ ᠨᠢᠭᠡᠴᠢ ᠶᠢᠨ ᠠᠵᠢᠯ ᠤᠨ ᠪᠣᠳᠠᠲᠠᠶ ᠲᠠᠢ ᠪᠠᠨ ᠨᠢᠭᠲᠠ ᠤᠶᠠᠯᠳᠤᠭᠤᠯᠤᠨ ᠠᠵᠢᠯ ᠤᠨ | ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ | ᠴᠢᠨᠠᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠶᠠᠰᠤ ᠴᠢᠨᠠᠷ ᠢᠶᠠᠷ ᠤᠯᠤᠰ ᠢᠶᠠᠨ | ᠬᠦᠴᠦᠷᠬᠡᠭᠵᠢᠭᠦᠯᠬᠦ ᠡᠭᠦᠷᠭᠡ ᠶᠢᠨ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ | ᠬᠦ ᠪᠠᠲᠤᠯᠠᠨ᠎ᠠ᠃ | ︵ᠬᠤᠷᠢᠨ ᠳᠣᠯᠤᠭ᠎ᠠ︶ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ | ᠤᠰᠤᠨ ᠠᠰᠢᠭᠯᠠᠯᠲᠠ ᠶᠢᠨ ᠶᠠᠮᠤᠨ ︽ᠶᠠᠰᠤ ᠴᠢᠨᠠᠷ ᠤᠨ ᠬᠦᠴᠦᠷᠬᠡᠭ ᠤᠯᠤᠰ ᠤᠨ ᠪᠥᠲᠥᠭᠡᠨ | ᠪᠠᠶᠢᠭᠤᠯᠤᠯᠲᠠ ᠶᠢᠨ ᠬᠥᠲᠥᠯᠪᠦᠷᠢ︾ ᠪᠠ ᠲᠣᠰ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠵᠢᠯ ᠤᠨ ᠰᠢᠯᠭᠠᠨ ᠬᠢᠨᠠᠬᠤ ᠴᠢᠬᠤᠯᠠ | ᠠᠭᠤᠯᠭ᠎ᠠ ᠪᠣᠯᠭᠠᠵᠤ᠂ ᠰᠢᠯᠭᠠᠨ ᠬᠢᠨᠠᠵᠤ ᠬᠤᠪᠢ ᠲᠣᠭᠲᠠᠭᠠᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠶᠠᠰᠤ | ᠴᠢᠨᠠᠷ ᠤᠨ ᠬᠠᠮᠢᠶᠠᠷᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠪᠠ ᠶᠠᠰᠤ ᠴᠢᠨᠠᠷ ᠤᠨ ᠬᠢᠷᠢ ᠬᠡᠮᠵᠢᠶ᠎ᠡ ᠶᠢᠨ | ᠴᠢᠳᠠᠪᠤᠷᠢ ᠶᠢ ᠳᠡᠭᠡᠭᠰᠢᠯᠡᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠡᠯ᠎ᠡ | ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠪᠠᠶᠢᠳᠠᠯ ᠪᠠ ᠣᠯᠤᠭᠰᠠᠨ ᠪᠣᠳᠠᠲᠠᠶ ᠦᠷ᠎ᠡ ᠪᠦᠲᠦᠮᠵᠢ ᠶᠢ ᠦᠷᠭᠦᠯᠵᠢᠯᠡᠨ ᠠᠩᠬᠠᠷᠴᠤ᠂ ᠰᠢᠯᠭᠠᠨ | ᠬᠢᠨᠠᠬᠤ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ | ᠵᠢᠯᠣᠭᠤᠳᠣᠭᠤᠷ ᠪᠠ ᠠᠬᠢᠭᠤᠯᠬᠤ ᠪᠠᠭᠠᠵᠢ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠎ᠠ᠃ | |