︽︿ᠶᠠᠰᠤ ᠴᠢᠨᠠᠷ ᠢᠶᠠᠷ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ﹀ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠢ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ
ᠨᠡᠶᠢᠲᠡᠯᠡᠭᠰᠡᠨ ᠴᠠᠭ᠄
2023/9/1
  ᠬᠡᠯᠬᠢᠶᠡᠰᠦᠨ ᠨᠣᠮᠧᠷ᠄ 000014348/2023-04977  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠤᠰᠤᠨ ᠤ ᠪᠦᠲᠦᠭᠡᠨ ᠪᠠᠶᠢᠭᠤᠯᠤᠯᠲᠠ ﹇2023﹈ 254 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023-09-01  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ   ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄  ︽︿ᠶᠠᠰᠤ ᠴᠢᠨᠠᠷ ᠢᠶᠠᠷ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ﹀ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠰᠠᠨᠠᠯ︾ ᠢ ᠨᠢᠭᠡᠨᠲᠡ ᠶᠠᠮᠤᠨ ᠤ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃    ᠤᠰᠤᠨ ᠠᠰᠢᠭᠯᠠᠯᠲᠠ ᠶᠢᠨ ᠶᠠᠮᠤᠨ  2023 ᠣᠨ ᠤ 8 ᠳ᠋ᠤᠭᠠᠷ ᠰᠠᠷ᠎ᠠ ᠶᠢᠨ 30 ᠤ ᠡᠳᠦᠷ      ︽ᠶᠠᠰᠤ ᠴᠢᠨᠠᠷ ᠢᠶᠠᠷ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠰᠠᠨᠠᠯ  ᠮᠢᠩᠭᠠᠨ ᠣᠨ ᠤ ᠶᠡᠭᠡ ᠪᠣᠳᠣᠯᠭ᠎ᠠ ᠳᠤ ᠶᠠᠰᠤ ᠴᠢᠨᠠᠷ ᠢ ᠲᠡᠷᠢᠭᠦᠨ ᠳᠤ ᠲᠠᠯᠪᠢᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠨᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠰᠠᠭᠤᠷᠢ ᠲᠥᠬᠦᠭᠡᠷᠦᠮᠵᠢ ᠪᠣᠯᠤᠭᠰᠠᠨ ᠤ ᠬᠤᠪᠢ ᠳᠤ᠂ ᠶᠠᠰᠤ ᠴᠢᠨᠠᠷ ᠨᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠥᠨᠢᠳᠡ ᠶᠢᠨ ᠭᠤᠣᠯ ᠰᠡᠳᠦᠪ ᠪᠠ ᠭᠤᠣᠯᠳᠠᠯᠭ᠎ᠠ ᠪᠣᠯᠣᠨ᠎ᠠ᠃ ᠨᠠᠮ ‍ᠤᠨ‌ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠠᠰᠤ ᠴᠢᠨᠠᠷ ᠢᠶᠠᠷ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠳᠣᠣᠷᠠᠬᠢ ᠮᠡᠲᠦ ᠰᠠᠨᠠᠯ ᠢ ᠳᠤᠷᠠᠳᠪᠠ᠃  ᠨᠢᠭᠡ᠂ ᠶᠡᠷᠦᠩᠬᠡᠢ ᠱᠠᠭᠠᠷᠳᠠᠯᠭ᠎ᠠ  ︵ᠨᠢᠭᠡ︶ ᠵᠢᠯᠤᠭᠤᠳᠬᠤ ᠦᠵᠡᠯ ᠰᠠᠨᠠᠭ᠎ᠠ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ  ᠪᠠᠷ ᠬᠦᠴᠦᠯᠡᠬᠦ︾ ᠤᠰᠤ ᠵᠠᠰᠠᠬᠤ ᠰᠡᠳᠭᠢᠮᠵᠢ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ  ᠶᠢ ᠭᠦᠨᠵᠡᠭᠡᠢ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠰᠢᠵᠦ᠂ ᠶᠠᠰᠤ ᠴᠢᠨᠠᠷ ᠢᠶᠠᠷ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠪᠠᠶᠢᠭᠤᠯᠤᠯ ᠤᠨ ᠵᠣᠬᠢᠴᠠᠮᠵᠢ ᠶᠢᠨ ᠬᠠᠤᠯᠢ ᠪᠠᠷ ᠵᠠᠰᠠᠬᠤ ᠶᠢ ᠲᠡᠭᠦᠯᠳᠡᠷᠵᠢᠭᠦᠯᠦᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠤᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠦᠬᠦ ᠲᠠᠯ᠎ᠠ ᠪᠠᠷ ᠳᠦᠯᠬᠢᠨ ᠠᠬᠢᠭᠤᠯᠬᠤ ᠳᠤ ᠤᠰᠤᠨ ᠠᠰᠢᠭᠯᠠᠯᠲᠠ ᠶᠢᠨ ᠬᠤᠪᠢ ᠨᠡᠮᠡᠷᠢ ᠪᠠᠨ ᠦᠵᠡᠭᠦᠯᠦᠨ᠎ᠡ᠃  ︵ᠬᠤᠶᠠᠷ︶ ᠠᠵᠢᠯ ᠤᠨ ᠬᠠᠷᠠᠯᠲᠠ  2025 ᠣᠨ ᠪᠣᠯᠬᠤ ᠳᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠤᠬᠠᠮᠰᠠᠷ ᠢ ᠨᠠᠩ ᠪᠠᠲᠤ ᠪᠠᠬᠢ ᠪᠣᠯᠭᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠦᠨ᠂ ᠶᠠᠰᠤ ᠴᠢᠨᠠᠷ ᠤᠨ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠢᠨᠵᠧᠨᠧᠷᠢᠩ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃  - ᠶᠠᠰᠤ ᠴᠢᠨᠠᠷ ᠢ ᠲᠡᠷᠢᠭᠦᠨ ᠳᠤ ᠲᠠᠯᠪᠢᠬᠤ ᠦᠵᠡᠯ ᠤᠬᠠᠮᠰᠠᠷ ᠢ ᠨᠡᠩ ᠪᠠᠲᠤᠳᠬᠠᠨ᠎ᠠ᠃ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠷᠦᠩᠬᠡᠢ ᠰᠡᠳᠭᠢᠮᠵᠢ ᠪᠠ ᠬᠠᠷᠠᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠠᠲᠤᠳᠬᠠᠨ᠎ᠠ᠃  - ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠯ ᠤᠨ ᠵᠣᠬᠢᠴᠠᠮᠵᠢ᠂ ᠬᠠᠤᠯᠢ ᠲᠣᠭᠲᠠᠭᠠᠯ ᠳᠦᠷᠢᠮ ᠲᠣᠭᠲᠠᠭᠠᠯ ᠪᠠ ᠪᠠᠷᠢᠮᠵᠢᠶ᠎ᠠ ᠶᠢᠨ ᠰᠢᠰᠲ᠋ᠧᠮᠵᠢ ᠶᠢ ᠨᠠᠩ ᠪᠦᠷᠢᠨᠰᠢᠭᠦᠯᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠲᠠᠢ ᠬᠠᠷᠢᠯᠴᠠᠨ ᠵᠣᠬᠢᠴᠠᠯᠳᠤᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠦᠨᠳᠦᠰᠦᠨ ᠳᠤ ᠪᠠᠨ ᠪᠦᠷᠢᠯᠳᠦᠭᠦᠯᠦᠨ᠎ᠡ᠃  - ᠶᠠᠰᠤ ᠴᠢᠨᠠᠷ ᠤᠨ ᠲᠠᠯ᠎ᠠ ᠪᠠᠷ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ        ᠴᠢᠩᠭᠠᠳᠬᠠᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠰᠢᠨ᠎ᠡ ᠶᠢ ᠡᠭᠦᠳᠬᠦ ᠵᠠᠰᠠᠭ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠯᠲᠡ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠ ᠪᠣᠭᠤᠮᠲᠠ ᠰᠢᠪᠲᠤᠯᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠴᠢᠬᠤᠯᠠ ᠭᠤᠭᠴᠤᠭ᠎ᠠ ᠪᠠ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠪᠡᠶ᠎ᠡ ᠪᠠᠨ ᠳᠠᠭᠠᠭᠠᠭᠰᠠᠨ ᠥᠷᠢᠰᠦᠯᠳᠦᠬᠦ ᠬᠦᠴᠦᠨ ᠢ ᠢᠯᠡᠳᠲᠡ ᠳᠡᠭᠡᠭᠰᠢᠯᠡᠭᠦᠯᠦᠨ᠎ᠡ᠃  - ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠶᠢ ᠮᠡᠳᠡᠭᠳᠡᠬᠦᠶᠢᠴᠡ ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠡᠷᠭᠢᠯᠡᠬᠦ ᠨᠢᠭᠡᠴᠢ ᠪᠠ ᠠᠵᠢᠯ ᠡᠷᠬᠢᠯᠡᠭᠰᠡᠳ ᠤᠨ ᠶᠠᠰᠤ ᠴᠢᠨᠠᠷ ᠤᠨ ᠬᠠᠮᠢᠶᠠᠷᠤᠨ ᠡᠵᠡᠮᠳᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢ ᠢᠯᠡᠳᠲᠡ ᠴᠢᠩᠭᠠᠳᠬᠠᠨ᠂ ᠲᠣᠭᠠᠵᠢᠭᠤᠯᠬᠤ᠂ ᠰᠦᠯᠵᠢᠶᠡᠵᠢᠭᠦᠯᠬᠦ᠂ ᠤᠶᠤᠨᠵᠢᠭᠤᠯᠬᠤ ᠠᠷᠭ᠎ᠠ ᠪᠠᠷᠢᠯ ᠢ ᠥᠷᠭᠡᠨ ᠢᠶᠠᠷ      ᠬᠡᠷᠡᠭᠯᠡᠨ᠎ᠡ᠃  - ᠢᠨᠵᠧᠨᠧᠷᠢᠩ ᠤᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠢᠨᠵᠧᠨᠧᠷᠢᠩ ᠤᠨ ᠨᠠᠶᠢᠳᠠᠪᠤᠷᠢᠲᠤ ᠴᠢᠨᠠᠷ᠂ ᠳᠠᠭᠠᠭᠠᠮᠠᠭᠠᠢ ᠴᠢᠨᠠᠷ᠂ ᠬᠡᠷᠡᠭᠯᠡᠭᠡᠨ ᠤ ᠴᠢᠨᠠᠷ ᠪᠠ ᠲᠡᠷᠢᠭᠦᠨ ᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠢ ᠨᠠᠩ ᠵᠣᠬᠢᠴᠠᠩᠭᠤᠢ ᠪᠣᠯᠭᠠᠵᠤ᠂ ᠠᠷᠠᠳ ᠣᠯᠠᠨ ᠤ ᠤᠰᠤᠨ ᠠᠰᠢᠭᠯᠠᠯᠲᠠ ᠶᠢᠨ ᠢᠨᠵᠧᠨᠧᠷᠢᠩ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ ᠢᠯᠡᠳᠲᠡ ᠳᠡᠭᠡᠭᠰᠢᠯᠡᠬᠦᠯᠦᠨ᠎ᠡ᠃  2035 ᠣᠨ ᠪᠣᠯᠬᠤ ᠳᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠢᠨᠵᠧᠨᠧᠷᠢᠩ ᠤᠨ ᠦᠷ᠎ᠡ ᠠᠰᠢᠭ ᠢ ᠢᠯᠡᠳᠲᠡ ᠨᠡᠮᠡᠭᠳᠡᠭᠦᠯᠦᠨ᠂ ᠲᠡᠷᠢᠭᠦᠨ ᠤ ᠶᠠᠰᠤ ᠴᠢᠨᠠᠷ ᠤᠨ ᠰᠣᠶᠣᠯ ᠢ ᠠᠶᠠᠨᠳᠠᠭᠠᠨ ᠤ ᠬᠡᠪ ᠵᠠᠩᠰᠢᠯ ᠪᠣᠯᠭᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠡᠩᠨᠡᠭᠡ ᠶᠢ ᠪᠥᠬᠦ ᠲᠠᠯ᠎ᠠ ᠪᠠᠷ ᠪᠠᠶᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠪᠠ ᠬᠠᠮᠢᠶᠠᠷᠤᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃  ᠬᠤᠶᠠᠷ᠂ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ  ︵ᠭᠤᠷᠪᠠ︶ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ  ᠤᠰᠤᠨ ᠠᠰᠢᠭᠯᠠᠯᠲᠠ ᠶᠢᠨ ᠢᠨᠵᠧᠨᠧᠷᠢᠩ ᠢ ᠪᠠᠶᠢᠭᠤᠯᠬᠤ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠢᠨᠵᠧᠨᠧᠷᠢᠩ ᠤᠨ ᠶᠠᠰᠤ ᠴᠢᠨᠠᠷ ᠲᠤ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠲᠡᠷᠢᠭᠦᠨ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠢ ᠠᠴᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ᠪᠠᠶᠢᠴᠠᠭᠠᠨ ᠬᠡᠮᠵᠢᠬᠦ᠂ ᠬᠢᠨᠠᠨ ᠬᠡᠮᠵᠢᠬᠦ ᠨᠢᠭᠡᠴᠢ ᠵᠢᠴᠢ ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ ᠲᠥᠬᠦᠭᠡᠷᠦᠮᠵᠢ ᠬᠠᠩᠭᠠᠬᠤ ᠬᠤᠳᠠᠯᠳᠤᠭᠠᠴᠢᠨ ᠵᠡᠷᠭᠡ ᠨᠢᠭᠡᠴᠢ ᠨᠦᠭᠦᠳ ᠬᠤᠯᠪᠣᠭᠳᠠᠯ ᠪᠦᠬᠦᠢ ᠲᠣᠭᠲᠠᠭᠠᠯ ᠪᠣᠯᠣᠨ ᠭᠡᠷ᠎ᠡ ᠶᠢ ᠦᠨᠳᠦᠰᠦᠯᠡᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠲᠤᠰ ᠲᠤᠰ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠶᠣᠰᠤ ᠪᠠᠷ ᠭᠦᠢᠴᠡᠳᠭᠡᠨ᠎ᠡ᠃  ︵ᠳᠥᠷᠪᠡ︶ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠶᠠᠰᠤ ᠴᠢᠨᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ  ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠲᠡᠷᠢᠭᠦᠨ ᠴᠢᠬᠤᠯᠠ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠶᠠᠰᠤ ᠴᠢᠨᠠᠷ ᠢ ᠡᠵᠡᠮᠳᠡᠬᠦ ᠪᠠᠷᠢᠮᠵᠢᠶ᠎ᠠ ᠶᠢ ᠲᠣᠳᠣᠷᠬᠠᠶᠢᠯᠠᠵᠤ᠂ ᠵᠦᠢ ᠵᠣᠬᠢᠰᠲᠠᠢ ᠪᠠᠷᠢᠯᠭ᠎ᠠ ᠶᠢᠨ ᠬᠤᠭᠤᠴᠠᠭ᠎ᠠ᠂ ᠬᠠᠩᠰᠢᠯᠠᠬᠤ ᠦᠨ᠎ᠡ ᠶᠢ ᠪᠠᠲᠤᠯᠠᠨ᠎ᠠ᠃ ᠬᠠᠤᠯᠢ ᠲᠣᠭᠲᠠᠭᠠᠯ ᠶᠣᠰᠣᠭᠠᠷ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠠᠰᠠᠭᠤᠨ ᠯᠠᠪᠯᠠᠬᠤ᠂ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠭᠤᠣᠯ ᠲᠥᠬᠦᠭᠡᠷᠦᠮᠵᠢ ᠵᠢᠴᠢ ᠮᠠᠲ᠋ᠧᠷᠢᠶᠠᠯ ᠬᠠᠩᠭᠠᠬᠤ ᠬᠤᠳᠠᠯᠳᠤᠭᠠᠴᠢᠨ ᠵᠡᠷᠭᠡ ᠨᠢᠭᠡᠴᠢ ᠶᠢ ᠰᠣᠩᠭᠤᠵᠤ᠂ ᠶᠠᠰᠤ ᠴᠢᠨᠠᠷ ᠤᠨ ᠬᠠᠷᠢᠭᠤᠴᠠᠯᠭ᠎ᠠ ᠪᠠ ᠡᠭᠦᠷᠭᠡ ᠶᠢ ᠪᠣᠯᠵᠣᠨ ᠲᠣᠭᠲᠠᠵᠤ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠶᠢᠨ ᠭᠡᠷ᠎ᠡ ᠭᠦᠢᠴᠡᠳᠬᠡᠬᠦ ᠬᠠᠮᠢᠶᠠᠷᠤᠯᠲᠠ ᠶᠢ ᠴᠢᠩᠭᠠᠳᠬᠠᠨ᠂ ᠵᠢᠷᠤᠭ ᠲᠥᠯᠥᠪᠯᠡᠭᠡ ᠶᠢ ᠬᠤᠪᠢᠷᠠᠭᠤᠯᠬᠤ ᠲᠠᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠮᠠᠲ᠋ᠧᠷᠢᠶᠠᠯ ᠪᠠ ᠪᠦᠲᠦᠭᠡᠭᠳᠡᠬᠦᠨ ᠤ ᠣᠷᠣᠬᠤ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠰᠢᠯᠭᠠᠨ ᠠᠪᠬᠤ ᠶᠢ ᠴᠢᠩᠭᠠᠷᠠᠭᠤᠯᠤᠨ᠂ ᠢᠨᠵᠧᠨᠧᠷᠢᠩ ᠤᠨ ᠪᠣᠳᠠᠲᠤ ᠴᠣᠭᠴᠠ ᠶᠢᠨ ᠶᠠᠰᠤ ᠴᠢᠨᠠᠷ ᠤᠨ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠲᠣᠭᠠᠴᠠᠯᠠᠭᠰᠠᠨ ᠬᠤᠶᠠᠷ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠡᠷᠢᠭᠦᠨ ᠤ       ᠮᠠᠲ᠋ᠧᠷᠢᠶᠠᠯ᠂ ᠲᠥᠬᠦᠭᠡᠷᠦᠮᠵᠢ ᠪᠠ ᠤᠷᠠᠯᠠᠯ ᠢ ᠲᠥᠪᠯᠡᠷᠡᠭᠦᠯᠦᠨ ᠬᠡᠷᠡᠭᠯᠡᠬᠦ ᠶᠢ ᠢᠳᠡᠪᠬᠢᠲᠡᠢ ᠥᠷᠨᠢᠭᠦᠯᠦᠨ᠎ᠡ᠃ ᠣᠷᠣᠯᠠᠨ ᠪᠠᠶᠢᠭᠤᠯᠬᠤ᠂ ᠲᠦᠷᠦᠯ ᠵᠦᠢᠯ ᠤᠨ ᠬᠠᠮᠢᠶᠠᠷᠤᠯᠲᠠ ᠶᠢ ᠶᠡᠷᠦᠩᠬᠡᠶᠢᠯᠡᠨ ᠳᠠᠭᠠᠭᠠᠴᠢᠯᠠᠭᠤᠯᠬᠤ᠂ ᠪᠦᠬᠦ ᠶᠠᠪᠤᠴᠠ ᠳᠤ ᠵᠥᠪᠯᠡᠯᠭᠡ ᠥᠭᠬᠦ ᠵᠡᠷᠭᠡ ᠲᠦᠷᠦᠯ ᠵᠦᠢᠯ ᠤᠨ ᠬᠠᠮᠢᠶᠠᠷᠤᠯᠲᠠ ᠶᠢᠨ ᠵᠠᠭᠪᠤᠷ ᠢ ᠵᠢᠷᠤᠮᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃  ︵ᠲᠠᠪᠤ︶ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ  ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠨᠢᠭᠡᠴᠢ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠶᠠᠰᠤ ᠴᠢᠨᠠᠷ ᠢ ᠪᠠᠲᠤᠯᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠮᠡᠷᠭᠡᠵᠢᠯ ᠤᠨ ᠬᠢᠷᠢ ᠬᠡᠮᠵᠢᠶ᠎ᠡ ᠪᠣᠯᠣᠨ ᠴᠢᠳᠠᠪᠤᠷᠢ ᠶᠢ ᠳᠡᠭᠡᠭᠰᠢᠯᠡᠭᠦᠯᠦᠨ᠂ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠤᠨ ᠬᠢᠨᠠᠨ ᠬᠠᠷᠭᠤᠭᠤᠯᠬᠤ᠂ ᠬᠠᠮᠲᠤᠷᠠᠨ ᠭᠠᠷ ᠤᠨ ᠥᠰᠥᠭ ᠵᠢᠷᠤᠬᠤ ᠳᠦᠷᠢᠮ ᠢ ᠵᠢᠷᠤᠮᠵᠢᠭᠤᠯᠤᠨ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ ᠶᠠᠪᠤᠴᠠ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ ᠬᠠᠶᠢᠨ ᠪᠠᠶᠢᠴᠠᠭᠠᠭᠰᠠᠨ ᠦᠷ᠎ᠡ ᠪᠦᠲᠦᠭᠡᠯ ᠤᠨ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠵᠤ᠂ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠨᠢ ᠬᠤᠯᠪᠣᠭᠳᠠᠯ ᠪᠦᠬᠦᠢ ᠲᠣᠭᠲᠠᠭᠠᠯ ᠤᠨ ᠭᠦᠨᠵᠡᠭᠡᠢ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠲᠤᠬᠠᠢ ᠶᠢᠨ ᠲᠠᠯᠠᠪᠠᠢ ᠳᠤ ᠦᠢᠯᠡᠴᠢᠯᠡᠬᠦ ᠮᠡᠷᠭᠡᠵᠢᠯ ᠤᠨ ᠦᠨᠳᠦᠰᠦᠨ ᠵᠦᠢᠯ ᠢ ᠲᠤᠰᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨ᠎ᠡ ᠮᠡᠷᠭᠡᠵᠢᠯ᠂ ᠰᠢᠨ᠎ᠡ ᠤᠷᠠᠨ ᠳᠠᠷᠬ᠎ᠠ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠶᠢ ᠢᠳᠡᠪᠬᠢᠲᠡᠢ ᠬᠡᠷᠡᠭᠯᠡᠵᠦ᠂ ᠭᠠᠵᠠᠷ ᠣᠷᠣᠨ ᠤ ᠣᠨᠴᠠᠯᠢᠭ ᠰᠢᠨᠵᠢ᠂ ᠴᠠᠭ ᠦᠶ᠎ᠡ ᠶᠢᠨ ᠳᠦᠷᠰᠦ ᠪᠠᠶᠢᠳᠠᠯ ᠢ ᠭᠦᠢᠴᠡᠳ ᠪᠣᠳᠣᠯᠬᠢᠯᠠᠨ᠂ ᠢᠨᠵᠧᠨᠧᠷᠢᠩ ᠤᠨ ᠶᠠᠰᠤ ᠴᠢᠨᠠᠷ ᠢᠶᠠᠷ ᠰᠢᠯᠢᠳᠡᠭ ᠰᠠᠶᠢᠨ᠂ ᠠᠮᠤᠷ ᠲᠦᠪᠰᠢᠨ ᠳᠠᠭᠠᠭᠠᠮᠠᠭᠠᠢ᠂ ᠣᠷᠴᠢᠨ ᠲᠣᠭᠤᠷᠢᠨ  ᠨᠢ ᠵᠣᠬᠢᠴᠠᠩᠭᠤᠢ᠂ ᠨᠡᠶᠢᠭᠡᠮ ᠳᠤ ᠮᠡᠳᠡᠷᠡᠭᠳᠡᠭᠰᠡᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠭᠰᠡᠨ ᠦᠷ᠎ᠡ ᠪᠦᠲᠦᠭᠡᠯ ᠢ ᠬᠠᠩᠭᠠᠬᠤ ᠬᠡᠷᠡᠭᠲᠡᠢ᠃ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠨᠢᠭᠡᠴᠢ ᠨᠦᠭᠦᠳ ᠴᠢᠩᠭ᠎ᠠ ᠬᠢᠨᠠᠨ ᠪᠠᠶᠢᠴᠠᠭᠠᠵᠤ᠂ ᠶᠠᠰᠤ ᠴᠢᠨᠠᠷ ᠪᠠ ᠠᠮᠤᠷ ᠲᠦᠪᠰᠢᠨ ᠤ ᠪᠣᠭᠤᠮᠲᠠ ᠶᠢ ᠡᠬᠢ ᠡᠭᠦᠰᠦᠯ ᠠᠴᠠ ᠨᠢ ᠰᠠᠶᠢᠲᠤᠷ      ᠠᠳᠬᠤᠵᠤ᠂ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠭᠰᠡᠨ ᠦᠷ᠎ᠡ ᠪᠦᠲᠦᠭᠡᠯ ᠤᠨ ᠭᠦᠨᠴᠡ ᠶᠢᠨ ᠱᠠᠭᠠᠷᠳᠠᠯᠭ᠎ᠠ ᠶᠢ ᠬᠠᠩᠭᠠᠬᠤ ᠶᠢ ᠦᠨᠡᠨ ᠬᠦ ᠪᠠᠲᠤᠯᠠᠨ᠎ᠠ᠃  ︵ᠵᠢᠷᠭᠤᠭ᠎ᠠ︶ ᠪᠠᠷᠢᠯᠭ᠎ᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ  ᠪᠠᠷᠢᠯᠭ᠎ᠠ ᠪᠠᠷᠢᠬᠤ ᠨᠢᠭᠡᠴᠢ ᠨᠦᠭᠦᠳ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠶᠢ ᠪᠠᠶᠢᠭᠤᠯᠤᠨ      ᠪᠦᠷᠢᠨᠰᠢᠭᠦᠯᠵᠦ᠂ ᠭᠤᠣᠯ ᠪᠣᠯᠬᠤ ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ ᠠᠵᠢᠯ ᠤᠨ ᠳᠠᠷᠠᠭᠠᠯᠠᠯ᠂ ᠵᠠᠩᠭᠢᠯᠠᠭ᠎ᠠ ᠶᠢᠨ ᠣᠷᠣᠨ ᠪᠠᠶᠢᠷᠢ ᠪᠣᠯᠣᠨ ᠴᠢᠬᠤᠯᠠ ᠲᠠᠯᠳᠠ ᠨᠢᠭᠡᠴᠢ ᠶᠢᠨ ᠢᠨᠵᠧᠨᠧᠷᠢᠩ ᠤᠨ ᠶᠠᠰᠤ ᠴᠢᠨᠠᠷ ᠢ ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠢ᠃ ᠲᠤᠬᠠᠢ ᠶᠢᠨ ᠲᠠᠯᠠᠪᠠᠶ ᠶᠢᠨ ᠵᠢᠱᠢᠶ᠎ᠡ ᠦᠵᠡᠭᠦᠯᠬᠦ ᠠᠵᠢᠯᠯᠠᠭ᠎ᠠ᠂ ᠸᠢᠳᠢᠤ᠋ ᠬᠡᠯᠪᠡᠷᠢ ᠶᠢᠨ ᠵᠢᠷᠤᠭ ᠳᠦᠷᠰᠦ᠂ ᠪᠣᠳᠠᠲᠤ ᠪᠣᠳᠠᠰ ᠤᠨ ᠦᠵᠡᠭᠦᠯᠦᠯᠭᠡ ᠵᠡᠷᠭᠡ ᠬᠡᠯᠪᠡᠷᠢ ᠪᠠᠷ ᠢᠨᠵᠧᠨᠧᠷᠢᠩ ᠤᠨ ᠶᠠᠰᠤ ᠴᠢᠨᠠᠷ ᠢ ᠦᠯᠢᠭᠡᠷ ᠳᠠᠭᠤᠷᠢᠶᠠᠯ ᠲᠠᠢ ᠪᠣᠯᠭᠠᠬᠤ ᠶᠢ ᠠᠬᠢᠭᠤᠯᠵᠤ᠂ ᠪᠠᠷᠢᠯᠭ᠎ᠠ ᠶᠢᠨ ᠠᠵᠢᠯᠲᠠᠨ ᠢ ᠬᠥᠲᠥᠯᠥᠨ ᠵᠢᠯᠤᠭᠤᠳᠴᠤ ᠪᠠᠶᠢᠭᠠᠳ ᠶᠠᠰᠤ ᠴᠢᠨᠠᠷ ᠤᠨ ᠪᠠᠷᠢᠮᠵᠢᠶ᠎ᠠ ᠪᠠ ᠪᠣᠳᠠᠲᠠᠢ ᠤᠷᠠᠯᠠᠯ ᠢ ᠪᠣᠯᠪᠠᠰᠤᠷᠠᠩᠭᠤᠢ ᠡᠵᠡᠮᠰᠢᠭᠦᠯᠵᠦ᠂ ᠢᠨᠵᠧᠨᠧᠷᠢᠩ ᠤᠨ ᠶᠠᠰᠤ ᠴᠢᠨᠠᠷ ᠤᠨ ᠦᠶᠯᠡ ᠠᠵᠢᠯᠯᠠᠭ᠎ᠠ ᠶᠢ ᠵᠢᠷᠤᠮᠵᠢᠭᠤᠯᠬᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠤᠨ᠂ ᠲᠡᠷᠢᠭᠦᠨ ᠤ ᠶᠠᠰᠤ ᠴᠢᠨᠠᠷ ᠢ ᠬᠠᠮᠢᠶᠠᠷᠤᠨ ᠡᠵᠡᠮᠳᠡᠬᠦ ᠵᠠᠭᠪᠤᠷ ᠪᠠ ᠠᠷᠭ᠎ᠠ ᠶᠢ ᠥᠨᠳᠥᠷ ᠬᠢᠷᠢ ᠬᠡᠮᠵᠢᠶ᠎ᠡ ᠲᠠᠢ ᠬᠡᠷᠡᠭᠯᠡᠬᠦ ᠶᠢ ᠴᠢᠩᠭᠠᠳᠬᠠᠵᠤ᠂ ᠲᠡᠷᠢᠭᠦᠨ ᠤ ᠲᠥᠬᠦᠭᠡᠷᠦᠮᠵᠢ ᠪᠠ ᠣᠶᠤᠨᠴᠢ ᠪᠠᠷ ᠪᠠᠶᠢᠭᠤᠯᠬᠤ ᠠᠷᠭ᠎ᠠ ᠮᠠᠶ᠋ᠢᠭ ᠢ ᠳᠡᠯᠭᠡᠷᠡᠭᠦᠯᠦᠨ᠂ ᠶᠠᠰᠤ ᠴᠢᠨᠠᠷ ᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠪᠠ ᠠᠮᠤᠷ ᠲᠦᠪᠰᠢᠨ ᠤ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃  ︵ᠳᠣᠯᠤᠭ᠎ᠠ︶ ᠬᠢᠨᠠᠨ ᠬᠠᠮᠢᠶᠠᠷᠬᠤ ᠶᠠᠰᠤ ᠴᠢᠨᠠᠷ ᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ  ᠬᠢᠨᠠᠨ ᠬᠠᠮᠢᠶᠠᠷᠬᠤ ᠨᠢᠭᠡᠴᠢ ᠨᠦᠭᠦᠳ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠠᠵᠠᠭᠤ ᠶᠢᠨ ᠥᠷᠲᠡᠭᠡ᠂ ᠲᠣᠭᠤᠷᠢᠨ ᠪᠠᠶᠢᠴᠠᠭᠠᠬᠤ᠂ ᠵᠡᠷᠭᠡ ᠪᠠᠷ ᠰᠢᠯᠭᠠᠨ ᠪᠠᠶᠢᠴᠠᠭᠠᠬᠤ ᠪᠠ ᠭᠡᠷᠡᠴᠢᠯᠡᠨ ᠥᠯᠢᠭᠡᠷ ᠠᠪᠬᠤ ᠵᠡᠷᠭᠡ ᠠᠵᠢᠯ ᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠨᠢᠭᠡᠴᠢ ᠶᠢᠨ ᠪᠠᠷᠢᠯᠭ᠎ᠠ ᠪᠠᠷᠢᠬᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ᠂ ᠪᠠᠷᠢᠯᠭ᠎ᠠ ᠪᠠᠷᠢᠬᠤ ᠶᠢ ᠵᠣᠬᠢᠶᠠᠨ ᠪᠠᠶᠢᠭᠤᠯᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠲᠤᠰᠬᠠᠢ ᠲᠥᠰᠥᠯ ᠵᠡᠷᠭᠡ ᠪᠢᠴᠢᠭ ᠮᠠᠲ᠋ᠧᠷᠢᠶᠠᠯ ᠢ ᠴᠢᠩᠭ᠎ᠠ ᠬᠢᠨᠠᠨ ᠪᠠᠶᠢᠴᠠᠭᠠᠵᠤ᠂ ᠪᠠᠷᠢᠯᠭ᠎ᠠ ᠪᠠᠷᠢᠬᠤ ᠬᠠᠵᠠᠭᠤ ᠶᠢᠨ ᠥᠷᠲᠡᠭᠡ ᠶᠢᠨ ᠬᠢᠨᠠᠨ ᠬᠠᠮᠢᠶᠠᠷᠤᠯᠲᠠ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠰᠢᠯᠭᠠᠨ ᠬᠤᠷᠢᠶᠠᠵᠤ ᠬᠠᠮᠢᠶᠠᠷᠬᠤ ᠵᠡᠷᠭᠡ ᠠᠵᠢᠯ ᠢ ᠴᠢᠩᠭᠠᠳᠬᠠᠨ᠂ ᠪᠠᠷᠢᠯᠭ᠎ᠠ ᠪᠠᠷᠢᠬᠤ ᠶᠠᠰᠤ ᠴᠢᠨᠠᠷ ᠤᠨ ᠶᠠᠪᠤᠴᠠ ᠶᠢᠨ ᠡᠵᠡᠮᠳᠡᠯ ᠢ ᠴᠢᠩᠭᠠᠷᠠᠭᠤᠯᠬᠤ ᠬᠡᠷᠡᠭᠲᠡᠢ᠃ ᠪᠠᠷᠢᠯᠭ᠎ᠠ ᠶᠢᠨ ᠬᠢᠨᠠᠨ ᠬᠠᠮᠢᠶᠠᠷᠤᠯᠲᠠ ᠳᠠᠬᠢ ᠮᠡᠳᠡᠭᠡ ᠵᠠᠩᠭᠢ ᠶᠢᠨ ᠮᠡᠷᠭᠡᠵᠢᠯ ᠪᠣᠯᠣᠨ ᠲᠡᠷᠢᠭᠦᠨ ᠤ ᠲᠥᠬᠦᠭᠡᠷᠦᠮᠵᠢ ᠶᠢᠨ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠤᠯᠲᠠ ᠶᠢᠨ ᠮᠡᠷᠭᠡᠵᠢᠯ ᠤᠨ ᠴᠢᠳᠠᠪᠤᠷᠢ ᠪᠣᠯᠣᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃  ︵ᠨᠠᠢᠮᠠ︶ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢ ᠴᠢᠩᠭᠠᠳᠬᠠᠨ᠎ᠠ  ᠪᠠᠷᠢᠯᠭ᠎ᠠ ᠶᠢᠨ ᠠᠵᠢᠯ ᠢ ᠥᠪᠡᠷᠳᠡᠭᠡᠨ ᠪᠠᠶᠢᠴᠠᠭᠠᠬᠤ᠂ ᠬᠢᠨᠠᠨ ᠬᠠᠮᠢᠶᠠᠷᠬᠤ ᠶᠢ ᠵᠡᠷᠭᠡ ᠪᠡᠷ‌‍ᠰᠢᠯᠭᠠᠨ      ᠪᠠᠶᠢᠴᠠᠭᠠᠬᠤ᠂ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠴᠢᠩᠭᠠᠷᠠᠭᠤᠯᠵᠤ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠪᠥᠬᠦ ᠶᠠᠪᠤᠴᠠ ᠶᠢ ᠪᠠᠶᠢᠴᠠᠭᠠᠨ ᠬᠡᠮᠵᠢᠬᠦ ᠶᠢ ᠵᠣᠷᠢᠭᠵᠢᠭᠤᠯᠤᠨ ᠥᠷᠨᠢᠭᠦᠯᠵᠦ᠂ ᠵᠢᠷᠤᠭᠯᠠᠨ ᠲᠥᠯᠥᠪᠯᠡᠬᠦ ᠮᠡᠷᠭᠡᠵᠢᠯ ᠤᠨ ᠭᠦᠢᠴᠡᠳᠬᠡᠯ ᠲᠤᠭ᠎ᠠ᠂ ᠤᠷᠠᠯᠠᠯ ᠤᠨ ᠲᠤᠷᠰᠢᠯᠲᠠ ᠶᠢᠨ ᠪᠣᠯᠵᠣᠯᠲᠤ ᠲᠤᠭ᠎ᠠ᠂ ᠥᠯᠢᠭᠡᠷ ᠬᠡᠪ ᠶᠠᠰᠤ ᠴᠢᠨᠠᠷ ᠤᠨ ᠭᠦᠢᠴᠡᠳᠬᠡᠯ ᠲᠤᠭ᠎ᠠ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠷᠢᠮᠵᠢᠶ᠎ᠠ ᠪᠠᠷ ᠭᠤᠣᠯ ᠪᠣᠯᠭᠠᠭᠰᠠᠨ ᠶᠠᠰᠤ ᠴᠢᠨᠠᠷ ᠢ ᠰᠢᠯᠭᠠᠨ ᠪᠠᠶᠢᠴᠠᠭᠠᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠠᠶᠢᠴᠠᠭᠠᠨ ᠰᠢᠯᠭᠠᠬᠤ ᠨᠢᠭᠡᠴᠢ ᠨᠢ ᠳᠦᠷᠢᠮ ᠲᠣᠭᠲᠠᠭᠠᠯ᠂ ᠵᠢᠷᠤᠮᠵᠢᠯ ᠪᠠ ᠭᠡᠷ᠎ᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠠᠶᠢᠴᠠᠭᠠᠨ ᠰᠢᠯᠭᠠᠵᠤ᠂ ᠪᠠᠶᠢᠴᠠᠭᠠᠨ ᠰᠢᠯᠭᠠᠭᠰᠠᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠲᠤ ᠬᠠᠷᠢᠭᠤᠴᠠᠵᠤ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠨᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠵᠢᠷᠤᠭ ᠲᠥᠯᠥᠪᠯᠡᠭᠡ ᠪᠠ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠳᠤ ᠲᠣᠳᠣᠷᠬᠠᠢ ᠳ᠋ᠦᠩᠨᠡᠯᠲᠡ ᠭᠠᠷᠭᠠᠬᠤ ᠬᠡᠷᠡᠭᠲᠡᠢ᠃ ᠲᠤᠷᠰᠢᠯᠲᠠ ᠶᠢᠨ ᠲᠠᠰᠤᠭ ᠤᠨ ᠳᠣᠲᠣᠭᠠᠳᠤ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠵᠢᠴᠢ ᠪᠠᠷᠢᠯᠭ᠎ᠠ ᠶᠢᠨ ᠲᠤᠬᠠᠢ ᠶᠢᠨ ᠲᠠᠯᠠᠪᠠᠶ ᠶᠢᠨ ᠪᠠᠶᠢᠴᠠᠭᠠᠨ ᠰᠢᠨᠵᠢᠬᠦ ᠬᠠᠮᠢᠶᠠᠷᠤᠯᠲᠠ ᠶᠢ ᠴᠢᠩᠭᠠᠳᠬᠠᠵᠤ᠂ ᠪᠠᠶᠢᠴᠠᠭᠠᠨ ᠰᠢᠨᠵᠢᠬᠦ ᠲᠤᠭ᠎ᠠ ᠪᠠᠷᠢᠮᠲᠠ ᠶᠢᠨ ᠡᠬᠢ ᠰᠤᠷᠪᠤᠯᠵᠢ ᠶᠢ ᠡᠷᠢᠬᠦ ᠬᠠᠮᠢᠶᠠᠷᠤᠯᠲᠠ ᠶᠢ ᠪᠡᠶᠡᠯᠡᠭᠦᠯᠦᠨ᠂ ᠲᠡᠷᠢᠭᠦᠨ ᠤ ᠪᠠᠶᠢᠴᠠᠭᠠᠨ ᠰᠢᠨᠵᠢᠬᠦ ᠮᠡᠷᠭᠡᠵᠢᠯ ᠢ ᠢᠳᠡᠪᠬᠢᠲᠡᠢ ᠬᠡᠷᠡᠭᠯᠡᠵᠦ᠂ ᠣᠶᠤᠨᠴᠢ ᠪᠠᠷ ᠪᠠᠶᠢᠴᠠᠭᠠᠨ ᠰᠢᠨᠵᠢᠬᠦ ᠪᠠ ᠲᠤᠭ᠎ᠠ ᠪᠠᠷᠢᠮᠲᠠ ᠶᠢ ᠠᠦ᠋ᠲ᠋ᠣ᠋ ᠴᠤᠭᠯᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃  ︵ᠶᠢᠰᠦ︶ ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ ᠲᠤᠨᠤᠭ ᠲᠥᠬᠦᠭᠡᠷᠦᠮᠵᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ  ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ ᠲᠥᠬᠦᠭᠡᠷᠦᠮᠵᠢ ᠦᠢᠯᠡᠳᠪᠦᠷᠢᠯᠡᠬᠦ ᠪᠠ ᠬᠠᠩᠭᠠᠬᠤ ᠨᠢᠭᠡᠴᠢ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠬᠦᠴᠦᠯᠡᠴᠡ ᠲᠠᠢ ᠪᠥᠭᠡᠳ ᠳᠠᠭᠠᠭᠠᠮᠠᠭᠠᠢ᠂ ᠡᠷᠭᠢᠯᠳᠦᠭᠦᠯᠦᠨ ᠠᠰᠢᠭᠯᠠᠵᠤ ᠪᠣᠯᠬᠤ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠲᠦᠷᠭᠡᠳᠬᠡᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠴᠡ ᠶᠢᠨ ᠬᠦᠴᠦᠯᠡᠴᠡ ᠪᠠ ᠠᠶᠤᠯᠭᠦᠢ     ᠴᠢᠨᠠᠷ᠂ ᠳᠠᠭᠠᠭᠠᠮᠠᠭᠠᠢ ᠴᠢᠨᠠᠷ ᠢ ᠨᠥᠯᠥᠭᠡᠯᠡᠬᠦ ᠵᠠᠩᠭᠢᠯᠠᠭ᠎ᠠ ᠶᠢᠨ ᠲᠦᠭᠦᠬᠡᠢ ᠮᠠᠲ᠋ᠧᠷᠢᠶᠠᠯ᠂ ᠵᠠᠪᠰᠠᠷ ᠤᠨ      ᠪᠦᠲᠦᠭᠡᠭᠳᠡᠬᠦᠨ᠂ ᠲᠥᠬᠦᠭᠡᠷᠦᠮᠵᠢ ᠶᠢᠨ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠰᠢᠷᠣᠢ ᠶᠢᠨ ᠮᠠᠲ᠋ᠧᠷᠢᠶᠠᠯ᠂ ᠱᠦᠢᠨᠢ᠂ ᠬᠠᠶᠢᠷ ᠴᠢᠯᠠᠭᠤᠨ ᠤ ᠮᠠᠲ᠋ᠧᠷᠢᠶᠠᠯ᠂ ᠪᠣᠯᠣᠳ ᠰᠢᠷᠪᠦᠰᠦ᠂ ᠪᠧᠲ᠋ᠣᠨ᠂ ᠮᠠᠰᠢᠨ ᠴᠠᠬᠢᠯᠭᠠᠨ ᠤ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ ᠲᠥᠬᠦᠭᠡᠷᠦᠮᠵᠢ ᠶᠢᠨ ᠪᠦᠲᠦᠭᠡᠭᠳᠡᠬᠦᠨ ᠤ ᠶᠠᠰᠤ ᠴᠢᠨᠠᠷ ᠢ ᠰᠤᠭᠤᠴᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠳᠤᠲᠠᠭᠳᠠᠯ ᠲᠠᠢ ᠲᠠᠯ᠎ᠠ ᠶᠢ ᠳᠠᠭᠠᠵᠤ ᠰᠢᠢᠳᠪᠦᠷᠢᠯᠡᠬᠦ ᠪᠠ ᠶᠠᠰᠤ ᠴᠢᠨᠠᠷ ᠢ ᠮᠥᠷᠳᠡᠬᠦ ᠶᠢ ᠬᠡᠷᠡᠭᠵᠢᠭᠦᠯᠦᠨ᠎ᠡ᠃ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠦᠢᠯᠡᠳᠪᠦᠷᠢᠯᠡᠯ ᠠᠴᠠ ᠪᠠᠷᠢᠯᠭ᠎ᠠ ᠪᠠᠷᠢᠬᠤ ᠬᠦᠷᠲᠡᠯᠡᠬᠢ ᠪᠥᠬᠦ ᠶᠠᠪᠤᠴᠠ ᠶᠢᠨ ᠲᠦᠭᠦᠬᠡᠢ ᠮᠠᠲ᠋ᠧᠷᠢᠶᠠᠯ᠂ ᠵᠠᠪᠰᠠᠷ ᠤᠨ ᠪᠦᠲᠦᠭᠡᠭᠳᠡᠬᠦᠨ᠂ ᠲᠥᠬᠦᠭᠡᠷᠦᠮᠵᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃  ︵ᠠᠷᠪᠠ︶ ᠶᠠᠰᠤ ᠴᠢᠨᠠᠷ ᠤᠨ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ  ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠲᠤᠰᠬᠠᠶᠢᠵᠢᠭᠤᠯᠬᠤ᠂ ᠣᠯᠠᠨ ᠡᠰᠢᠵᠢᠭᠦᠯᠬᠦ ᠳᠠᠰᠢ ᠤᠷᠲᠤᠳᠬᠠᠬᠤ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠴᠢᠯᠡᠭᠡᠨ ᠤ ᠶᠠᠰᠤ ᠴᠢᠨᠠᠷ ᠢᠶᠠᠷ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠬᠦ ᠡᠵᠡᠩᠨᠡᠯᠲᠡ ᠶᠢᠨ ᠣᠶᠢᠯᠠᠭᠠᠭᠳᠠᠬᠤᠨ ᠢ ᠪᠤᠶ ᠪᠣᠯᠭᠠᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠣᠨᠣᠯᠵᠢᠬᠤᠨ᠂ ᠠᠷᠭ᠎ᠠ᠂ ᠪᠠᠭᠠᠵᠢ ᠶᠢᠨ ᠰᠢᠨ᠎ᠡ ᠶᠢ ᠡᠭᠦᠳᠴᠦ᠂ ᠪᠥᠬᠦ ᠠᠵᠢᠯᠲᠠᠨ᠂ ᠪᠥᠬᠦ ᠬᠦᠴᠦᠨ ᠵᠦᠢᠯ᠂ ᠪᠥᠬᠦ ᠶᠠᠪᠤᠴᠠ ᠶᠢᠨ ᠦᠵᠡᠭᠳᠡᠬᠦᠶᠢᠴᠡ᠂ ᠲᠣᠭᠠᠵᠢᠭᠤᠯᠬᠤ᠂ ᠣᠶᠤᠨᠴᠢᠯᠠᠭᠰᠠᠨ ᠰᠢᠨ᠎ᠡ ᠬᠡᠯᠪᠡᠷᠢ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠡᠷᠡᠭᠯᠡᠯᠲᠡ ᠶᠢ ᠠᠬᠢᠭᠤᠯᠤᠨ᠂ ᠨᠢᠭᠡ ᠪᠦᠯᠦᠭ ᠶᠠᠰᠤ ᠴᠢᠨᠠᠷ ᠢ ᠬᠠᠮᠢᠶᠠᠷᠤᠨ ᠡᠵᠡᠮᠳᠡᠬᠦ ᠡᠬᠢ ᠪᠠᠶᠠᠯᠢᠭ ᠢ ᠬᠠᠮᠲᠤ ᠪᠠᠷ ᠭᠥᠷᠳᠡᠬᠦ᠂ ᠶᠠᠰᠤ ᠴᠢᠨᠠᠷ ᠤᠨ ᠥᠷᠢᠰᠦᠯᠳᠦᠭᠡᠨ ᠤ ᠳᠠᠪᠠᠭᠤᠯᠢᠭ ᠨᠢ ᠲᠣᠪᠣᠶᠢᠮ᠎ᠠ᠂ ᠵᠠᠩᠭᠢᠯᠠᠭ᠎ᠠ ᠶᠢᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶ ᠪᠣᠯᠭᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠨ᠎ᠡ᠃  ︵ᠠᠷᠪᠠᠨ ᠨᠢᠭᠡ︶ ᠶᠠᠰᠤ ᠴᠢᠨᠠᠷ ᠤᠨ ᠨᠠᠰᠤᠨ ᠲᠤᠷᠰᠢᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠎ᠡ  ᠪᠠᠶᠢᠭᠤᠯᠬᠤ ᠳᠤ ᠣᠷᠣᠯᠴᠠᠭᠰᠠᠨ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭᠠᠲᠠᠨ ᠤ ᠶᠠᠰᠤ ᠴᠢᠨᠠᠷ ᠤᠨ ᠨᠠᠰᠤᠨ ᠲᠤᠷᠰᠢᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠢᠨᠵᠧᠨᠧᠷᠢᠩ ᠤᠨ ᠶᠠᠰᠤ ᠴᠢᠨᠠᠷ ᠤᠨ ᠨᠠᠰᠤᠨ ᠲᠤᠷᠰᠢᠲᠠ ᠶᠢᠨ ᠬᠠᠷᠢᠭᠤᠴᠠᠯᠭ᠎ᠠ ᠶᠢᠨ ᠪᠢᠴᠢᠭᠯᠡᠭᠰᠡᠨ ᠠᠮᠠᠯᠠᠯᠲᠠ ᠶᠢᠨ ᠳᠦᠷᠢᠮ᠂ ᠢᠯᠭᠠᠬᠤ ᠲᠡᠮᠳᠡᠭ ︵ᠫᠠᠶᠢᠰᠠ︶ ᠤᠨ ᠳᠦᠷᠢᠮ ᠢ ᠦᠨᠡᠨ ᠬᠦ ᠭᠦᠢᠴᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠤᠨ ᠨᠠᠰᠤᠨ ᠲᠤᠷᠰᠢᠲᠠ ᠶᠢᠨ ᠬᠠᠷᠢᠭᠤᠴᠠᠯᠭ᠎ᠠ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠬᠤ ᠬᠡᠷᠡᠭᠲᠡᠢ᠃ ᠲᠥᠷᠥᠯ ᠵᠦᠢᠯ ᠤᠨ ᠬᠠᠤᠯᠢ ᠶᠢᠨ ᠡᠷᠬᠡᠲᠡᠨ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠵᠢᠴᠢ ᠲᠥᠷᠥᠯ ᠵᠦᠢᠯ ᠤᠨ ᠬᠠᠷᠢᠭᠤᠴᠠᠯᠭᠠᠲᠠᠨ᠂ ᠰᠢᠭᠤᠳ ᠬᠠᠷᠢᠭᠤᠴᠠᠯᠭᠠᠲᠠᠨ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠶᠢᠭᠤᠯᠬᠤ ᠳᠤ ᠣᠷᠣᠯᠴᠠᠭᠰᠠᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠠᠰᠤ ᠴᠢᠨᠠᠷ ᠲᠤ ᠨᠠᠰᠤᠨ ᠲᠤᠷᠰᠢᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃  ︵ᠠᠷᠪᠠᠨ ᠬᠤᠶᠠᠷ︶ ᠶᠠᠰᠤ ᠴᠢᠨᠠᠷ ᠤᠨ ᠬᠠᠷᠢᠭᠤᠴᠠᠯᠭ᠎ᠠ ᠶᠢᠨ ᠨᠡᠬᠡᠮᠵᠢᠯᠡᠯ ᠢ ᠴᠢᠩᠭᠠᠷᠠᠭᠤᠯᠤᠨ᠎ᠠ  ᠪᠠᠷᠢᠯᠭ᠎ᠠ ᠳᠤ ᠣᠷᠣᠯᠴᠠᠭᠰᠠᠨ ᠨᠢᠭᠡᠴᠢ ᠨᠦᠭᠦᠳ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠪᠠᠷᠢᠯᠭ᠎ᠠ ᠶᠢᠨ ᠲᠥᠷᠥᠯ ᠵᠦᠢᠯ ᠵᠢᠴᠢ ᠵᠠᠩᠭᠢᠯᠠᠭ᠎ᠠ ᠶᠢᠨ ᠬᠡᠰᠡᠭ᠂ ᠵᠠᠩᠭᠢᠯᠠᠭ᠎ᠠ ᠶᠢᠨ ᠭᠤᠭᠴᠤᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠪᠠᠷᠢᠯᠭ᠎ᠠ ᠶᠢᠨ ᠠᠵᠢᠯ ᠤᠨ ᠲᠡᠮᠳᠡᠭᠯᠡᠯ ᠪᠠ ᠰᠢᠯᠭᠠᠨ ᠠᠪᠬᠤ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠬᠡᠰᠡᠭ ᠪᠠ ᠴᠢᠬᠤᠯᠠ ᠳᠠᠯᠳᠠ ᠬᠡᠰᠡᠭ ᠤᠨ ᠢᠨᠵᠧᠨᠧᠷᠢᠩ ᠤᠨ ᠬᠡᠷᠡᠯ ᠵᠢᠷᠤᠭ ᠤᠨ ᠮᠠᠲ᠋ᠧᠷᠢᠶᠠᠯ ᠢ ᠴᠤᠭᠯᠠᠭᠤᠯᠬᠤ ᠪᠠ ᠦᠯᠡᠳᠡᠭᠡᠨ ᠬᠠᠳᠠᠭᠠᠯᠠᠬᠤ ᠶᠢ ᠴᠢᠬᠤᠯᠠᠴᠢᠯᠠᠵᠤ᠂ ᠢᠨᠵᠧᠨᠧᠷᠢᠩ ᠤᠨ ᠶᠠᠰᠤ ᠴᠢᠨᠠᠷ ᠤᠨ ᠨᠡᠬᠡᠮᠵᠢᠯᠡᠵᠦ ᠪᠣᠯᠬᠤᠶᠢᠴᠠ ᠴᠢᠨᠠᠷ ᠢ ᠪᠠᠲᠤᠯᠠᠬᠤ ᠬᠡᠷᠡᠭᠲᠡᠢ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠬᠠᠷᠢᠭᠤᠴᠠᠯᠭᠠᠲᠤ ᠨᠢᠭᠡᠴᠢ ᠪᠣᠯᠣᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠢᠲᠡᠭᠡᠮᠵᠢ ᠶᠢᠨ ᠲᠡᠮᠳᠡᠭᠯᠡᠯ ᠳᠤ ᠨᠢ ᠲᠡᠮᠳᠡᠭᠯᠡᠨ ᠣᠷᠣᠭᠤᠯᠤᠨ᠎ᠠ᠃  ᠭᠤᠷᠪᠠ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ  ︵ᠠᠷᠪᠠᠨ ᠭᠤᠷᠪᠠ︶ ᠴᠢᠨᠠᠷ ᠰᠠᠶᠢᠲᠠᠢ ᠬᠥᠭᠵᠢᠯᠲᠡ ᠶᠢᠨ ᠦᠵᠡᠯ ᠤᠬᠠᠮᠰᠠᠷ ᠢ ᠴᠢᠩᠭᠠᠳᠬᠠᠨ᠎ᠠ  ᠴᠢᠨᠠᠷ ᠰᠠᠶᠢᠲᠠᠢ ᠬᠦᠭᠵᠢᠯᠲᠡ ᠶᠢ ᠪᠠᠷᠢᠮᠲᠠᠯᠠᠨ᠂ ᠶᠠᠰᠤ ᠴᠢᠨᠠᠷ ᠢᠶᠠᠷ ᠣᠷᠣᠶᠢᠯᠠᠵᠤ᠂ ᠤᠯᠤᠰ ᠤᠨ ᠶᠠᠰᠤ ᠴᠢᠨᠠᠷ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ︽ᠤᠷᠠᠨ ᠳᠠᠷᠬᠠᠨ ᠤ ᠵᠣᠷᠢᠭ ᠰᠠᠨᠠᠭ᠎ᠠ︾ ᠶᠢ ᠪᠠᠳᠠᠷᠠᠭᠤᠯᠤᠨ᠂ ᠶᠠᠰᠤ ᠴᠢᠨᠠᠷ ᠤᠨ ᠰᠣᠶᠣᠯ ᠢ ᠪᠣᠶᠢᠵᠢᠭᠤᠯᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠵᠤ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠂ ᠲᠡᠷᠢᠭᠦᠨ ᠤ ᠶᠠᠰᠤ ᠴᠢᠨᠠᠷ ᠤᠨ ᠣᠨᠣᠯᠵᠢᠬᠤᠨ ᠢ ᠤᠯᠠᠮᠵᠢᠯᠠᠵᠤ᠂ ᠬᠠᠤᠯᠢ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠶᠠᠰᠤ ᠴᠢᠨᠠᠷ ᠤᠨ ᠰᠣᠶᠣᠯ ᠤᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ ᠶᠠᠰᠤ ᠴᠢᠨᠠᠷ ᠢ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠵᠣᠬᠢᠴᠠᠮᠵᠢ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠦᠨ᠎ᠡ ᠬᠠᠩᠰᠢ ᠶᠢ ᠡᠷᠬᠢᠮᠯᠡᠨ ᠰᠠᠨᠠᠭᠠᠴᠢᠯᠠᠵᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠠᠵᠢᠯ ᠡᠷᠬᠢᠯᠡᠭᠰᠡᠳ ᠤᠨ ᠶᠠᠰᠤ ᠴᠢᠨᠠᠷ ᠤᠨ ᠥᠷᠢᠰᠦᠯᠳᠦᠭᠡᠨ ᠤ ᠦᠵᠡᠯ ᠤᠬᠠᠮᠰᠠᠷ᠂ ᠦᠨᠡᠨᠴᠢ ᠢᠲᠡᠭᠡᠮᠵᠢᠲᠡᠢ ᠪᠠᠷ ᠥᠪᠡᠷ ᠢ ᠪᠠᠨ ᠱᠠᠭᠠᠷᠳᠠᠬᠤ ᠦᠵᠡᠯ ᠤᠬᠠᠮᠰᠠᠷ ᠢ ᠴᠢᠩᠭᠠᠳᠬᠠᠨ᠂ ᠠᠵᠢᠯ ᠲᠥᠷᠥᠯ ᠤᠨ ᠶᠠᠰᠤ ᠴᠢᠨᠠᠷ ᠢ ᠡᠷᠬᠢᠮᠯᠡᠬᠦ᠂ ᠠᠵᠤ ᠠᠬᠤᠶᠢᠯᠠᠯ ᠤᠨ ᠶᠠᠰᠤ ᠴᠢᠨᠠᠷ ᠢ ᠬᠥᠭᠡᠭᠡᠴᠡᠯᠳᠦᠬᠦ᠂ ᠬᠥᠮᠥᠨ ᠪᠦᠬᠦᠨ ᠶᠠᠰᠤ ᠴᠢᠨᠠᠷ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃  ︵ᠠᠷᠪᠠᠨ ᠳᠥᠷᠪᠡ︶ ᠶᠠᠰᠤ ᠴᠢᠨᠠᠷ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠠᠬᠢᠭᠤᠯᠤᠨ᠎ᠠ  ᠵᠠᠰᠠᠭ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠯᠲᠡ ᠶᠢ ᠭᠦᠨᠵᠡᠭᠡᠢ ᠠᠭᠤᠰᠤᠯᠴᠠᠭᠤᠯᠤᠭᠰᠠᠨ ᠶᠠᠰᠤ ᠴᠢᠨᠠᠷ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ᠂ ᠬᠠᠮᠢᠶᠠᠷᠤᠯᠲᠠ᠂ ᠳᠦᠷᠢᠮ ᠤᠨ ᠰᠢᠨ᠎ᠡ ᠶᠢ ᠡᠭᠦᠳᠬᠦ ᠶᠢ ᠬᠠᠮᠵᠢᠯᠴᠠᠨ ᠥᠷᠨᠢᠭᠦᠯᠵᠦ᠂ ᠢᠨᠵᠧᠨᠧᠷᠢᠩ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠰᠠᠭᠤᠷᠢ ᠰᠢᠨᠵᠢᠯᠡᠬᠦ ᠤᠬᠠᠭᠠᠨ ᠬᠢᠭᠡᠳ ᠬᠡᠷᠡᠭᠯᠡᠭᠡᠨ ᠤ ᠰᠤᠳᠤᠯᠭᠠᠨ ᠢ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ ᠪᠣᠯᠣᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠣᠯᠠᠨ ᠲᠠᠯ᠎ᠠ ᠶᠢᠨ ᠬᠢᠨ ᠤ ᠬᠤᠯᠪᠤᠭᠠᠯᠠᠨ ᠵᠠᠩᠭᠢᠯᠠᠭ᠎ᠠ ᠶᠢᠨ ᠴᠢᠨᠠᠷᠲᠠᠢ᠂ ᠪᠠᠷᠠᠭᠠᠯᠬᠢᠯᠠᠯ ᠤᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠶᠠᠰᠤ ᠴᠢᠨᠠᠷ ᠤᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠬᠦ ᠶᠢ ᠳᠡᠮᠵᠢᠵᠦ᠂ ᠣᠯᠠᠨ ᠤᠯᠤᠰ ᠤᠨ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠬᠦᠯᠬᠦ ᠶᠢ ᠳᠡᠮᠵᠢᠨ᠎ᠡ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠥᠬᠦ ᠬᠡᠯᠬᠢᠶ᠎ᠡ ᠶᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠶᠢᠨ ᠰᠠᠭᠤᠷᠢ ᠴᠢᠨᠠᠷᠲᠠᠢ᠂ ᠠᠩᠬᠠᠨ ᠤ ᠡᠭᠦᠳᠦᠯᠲᠡ ᠶᠢᠨ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠬᠠᠨᠳᠤᠯᠭᠠᠲᠤ ᠴᠢᠨᠠᠷᠲᠠᠢ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠶ ᠪᠣᠯᠭᠠᠵᠤ᠂ ᠴᠢᠬᠤᠯᠠ ᠭᠤᠭᠴᠤᠭ᠎ᠠ ᠪᠠ ᠵᠠᠩᠭᠢᠯᠠᠭ᠎ᠠ ᠶᠢᠨ ᠬᠦᠷᠢᠶᠡᠨ ᠳᠠᠬᠢ ᠪᠡᠶ᠎ᠡ ᠪᠠᠨ ᠳᠠᠭᠠᠭᠠᠭᠰᠠᠨ ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃  ︵ᠠᠷᠪᠠᠨ ᠲᠠᠪᠤ︶ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠠᠴᠠᠯᠠᠨ ᠡᠨᠧᠷᠭᠢ ᠣᠯᠭᠤᠬᠤ ᠶᠢ ᠴᠢᠩᠭᠠᠷᠠᠭᠤᠯᠤᠨ᠎ᠠ  ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠲᠣᠭᠠᠴᠠᠯᠠᠭᠰᠠᠨ ᠬᠡᠷᠡᠭᠯᠡᠭᠡᠨ ᠤ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ BIM+ ᠮᠡᠷᠭᠡᠵᠢᠯ ᠢ ᠢᠨᠵᠧᠨᠧᠷᠢᠩ ᠤᠨ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠠᠵᠢᠯᠯᠠᠭᠠᠨ ᠤ ᠪᠠᠲᠤᠯᠠᠭ᠎ᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠲᠥᠪᠯᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠯᠧᠺᠲᠷᠣᠨ ᠭᠠᠷ ᠤᠨ ᠥᠰᠥᠭ ᠲᠠᠮᠠᠭ᠎ᠠ ᠬᠡᠷᠡᠭᠯᠡᠬᠦ ᠶᠢ ᠰᠦᠪᠡᠭᠴᠢᠯᠡᠨ ᠥᠷᠨᠢᠭᠦᠯᠦᠨ᠎ᠡ᠃ ᠨᠥᠬᠦᠴᠡᠯ ᠪᠦᠷᠢᠳᠦᠭᠰᠡᠨ ᠢᠨᠵᠧᠨᠧᠷᠢᠩ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠳᠤ ᠪᠠᠨ BIM ᠮᠡᠷᠭᠡᠵᠢᠯ ᠢ ᠥᠷᠨᠢᠭᠦᠯᠬᠦ ᠲᠥᠰᠥᠯ ᠢ ᠬᠠᠷᠢᠴᠠᠭᠤᠯᠤᠨ ᠰᠣᠩᠭᠤᠬᠤ᠂ ᠪᠤᠳᠤᠵᠤ ᠵᠠᠳᠠᠯᠬᠤ ᠳᠠᠭᠤᠷᠢᠶᠠᠯ ᠳᠤ ᠰᠠᠭᠤᠷᠢᠯᠠᠵᠤ᠂ BIM᠂ GIS᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠡᠵᠡᠮᠰᠢᠯ ᠵᠡᠷᠭᠡ ᠮᠡᠷᠭᠡᠵᠢᠯ ᠳᠤ ᠲᠦᠰᠢᠭᠯᠡᠨ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ ᠥᠷᠨᠢᠭᠦᠯᠵᠦ᠂ ᠲᠣᠭᠠᠨ ᠤ ᠬᠤᠣᠰ ᠢᠨᠵᠧᠨᠧᠷᠢᠩ ᠤᠨ ᠦᠵᠡᠭᠳᠡᠯ ᠢ ᠪᠠᠶᠢᠭᠤᠯᠵᠤ᠂ ᠣᠶᠤᠨᠴᠢ ᠪᠠᠷ ᠪᠠᠶᠢᠭᠤᠯᠬᠤ᠂ ᠠᠦ᠋ᠲ᠋ᠣ᠋ ᠬᠢᠨᠠᠨ ᠡᠵᠡᠮᠳᠡᠬᠦ ᠵᠡᠷᠭᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠭᠤᠰᠤᠯᠴᠠᠯ ᠢ ᠠᠬᠢᠭᠤᠯᠵᠤ᠂ ᠪᠠᠷᠢᠯᠭ᠎ᠠ ᠪᠠᠷᠢᠬᠤ ᠶᠠᠪᠤᠴᠠ ᠳᠤ ᠪᠦᠷᠢᠨ ᠵᠠᠩᠭᠢ ᠶᠢᠨ ᠬᠡᠷᠡᠯ ᠵᠢᠷᠤᠭ ᠤᠨ ᠲᠡᠮᠳᠡᠭᠯᠡᠯ ᠬᠢᠵᠦ᠂ ᠲᠣᠭᠠᠴᠠᠯᠠᠭᠰᠠᠨ ᠲᠠᠩᠰᠠ ᠡᠪᠬᠡᠮᠡᠯ ᠢ ᠪᠦᠷᠢᠯᠳᠦᠭᠦᠯᠦᠨ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ ᠮᠡᠳᠡᠭᠡ ᠵᠠᠩᠭᠢ ᠶᠢ ᠰᠡᠷᠡᠵᠦ ᠮᠡᠳᠡᠬᠦ᠂ ᠬᠢᠨᠠᠨ ᠰᠢᠨᠵᠢᠬᠦ᠂ ᠵᠠᠳᠠᠯᠬᠤ᠂ ᠡᠮᠬᠢᠯᠡᠨ ᠨᠡᠶᠢᠯᠡᠭᠦᠯᠬᠦ ᠪᠠ ᠤᠷᠢᠳᠴᠢᠯᠠᠨ ᠰᠡᠷᠡᠮᠵᠢᠯᠡᠭᠦᠯᠬᠦ ᠶᠢᠨ ᠬᠠᠮᠲᠤ ᠤᠬᠠᠭᠠᠯᠢᠭ ᠢᠶᠠᠷ ᠳᠠᠭᠠᠵᠤ᠂ ᠪᠣᠳᠠᠲᠤ ᠴᠣᠭᠴᠠ ᠶᠢᠨ ᠢᠨᠵᠧᠨᠧᠷᠢᠩ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠶᠢᠨ ᠬᠠᠮᠲᠤ ᠲᠣᠭᠠᠴᠠᠯᠠᠭᠰᠠᠨ ᠬᠤᠣᠰ ᠤᠰᠤᠨ ᠠᠰᠢᠭᠯᠠᠯᠲᠠ ᠶᠢᠨ ᠢᠨᠵᠧᠨᠧᠷᠢᠩ ᠢ ᠲᠤᠰᠢᠶᠠᠨ᠎ᠠ᠃  ︵ᠠᠷᠪᠠᠨ ᠵᠢᠷᠭᠤᠭ᠎ᠠ︶ ᠢᠨᠵᠧᠨᠧᠷᠢᠩ ᠤᠨ ᠮᠡᠷᠭᠡᠵᠢᠯ ᠢ ᠰᠠᠶᠢᠵᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ᠎ᠡ  ᠣᠳᠣ ᠶᠢᠨ ᠪᠠᠶᠢᠭ᠎ᠠ ᠢᠨᠵᠧᠨᠧᠷᠢᠩ ᠤᠨ ᠮᠡᠷᠭᠡᠵᠢᠯ ᠪᠣᠯᠣᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠮᠡᠷᠭᠡᠵᠢᠯ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠵᠤ᠂ ᠮᠡᠷᠭᠡᠵᠢᠯ ᠤᠨ ᠲᠠᠰ ᠳᠡᠪᠰᠢᠬᠦ᠂ ᠵᠠᠭᠪᠤᠷ ᠤᠨ ᠰᠢᠨ᠎ᠡ ᠶᠢ ᠡᠭᠦᠳᠬᠦ ᠪᠠᠷ ᠶᠠᠰᠤ ᠴᠢᠨᠠᠷ ᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠶᠠᠰᠤ ᠴᠢᠨᠠᠷ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠠᠷᠭ᠎ᠠ ᠵᠠᠮ ᠢ ᠨᠠᠪᠲᠠᠷᠡᠭᠦᠯᠵᠦ᠂ ᠬᠤᠴᠤᠷᠤᠩᠭᠤᠢ ᠤᠷᠠᠨ ᠳᠠᠷᠬ᠎ᠠ ᠪᠠ ᠮᠠᠲ᠋ᠧᠷᠢᠶᠠᠯ ᠢ ᠰᠢᠭᠰᠢᠭᠳᠡᠭᠦᠯᠦᠨ᠂ ᠲᠡᠷᠢᠭᠦᠨ ᠤ ᠢᠨᠵᠧᠨᠧᠷᠢᠩ ᠤᠨ ᠮᠡᠷᠭᠡᠵᠢᠯ᠂ ᠪᠦᠲᠦᠭᠡᠨ ᠪᠠᠶᠢᠭᠤᠯᠬᠤ ᠲᠥᠬᠦᠭᠡᠷᠦᠮᠵᠢ᠂ ᠪᠠᠷᠢᠯᠭ᠎ᠠ ᠶᠢᠨ ᠮᠠᠲ᠋ᠧᠷᠢᠶᠠᠯ ᠪᠠ ᠬᠠᠮᠢᠶᠠᠷᠤᠯᠲᠠ ᠶᠢᠨ ᠵᠠᠭᠪᠤᠷ ᠢ ᠥᠨᠳᠥᠷ ᠬᠢᠷᠢ ᠲᠦᠪᠰᠢᠨ ᠲᠠᠢ ᠪᠠᠷ ᠬᠡᠷᠡᠭᠯᠡᠬᠦ ᠶᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠠᠶᠢᠳᠠᠪᠤᠷᠢᠲᠤ ᠴᠢᠨᠠᠷ᠂ ᠳᠠᠭᠠᠭᠠᠮᠠᠭᠠᠢ ᠴᠢᠨᠠᠷ᠂ ᠬᠡᠷᠡᠭᠯᠡᠭᠡᠨ ᠤ ᠴᠢᠨᠠᠷ ᠪᠠ ᠲᠡᠷᠢᠭᠦᠨ ᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠤᠳᠤᠷᠢᠳᠤᠮᠵᠢ ᠶᠢ ᠪᠣᠶ ᠪᠣᠯᠭᠠᠵᠤ᠂ ᠣᠷᠴᠢᠨ ᠠᠬᠤᠢ ᠶᠢ ᠬᠠᠮᠠᠭᠠᠯᠠᠬᠤ ᠡᠨᠧᠷᠭᠢ ᠠᠷᠪᠢᠯᠠᠬᠤ ᠮᠠᠲ᠋ᠧᠷᠢᠶᠠᠯ᠂ ᠮᠡᠷᠭᠡᠵᠢᠯ᠂ ᠤᠷᠠᠯᠠᠯ᠂ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠣᠬᠢᠷᠲᠤᠯ ᠦᠭᠡᠢ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃  ︵ᠠᠷᠪᠠᠨ ᠳᠣᠯᠤᠭ᠎ᠠ︶ ᠶᠠᠰᠤ ᠴᠢᠨᠠᠷ ᠢ ᠬᠠᠮᠢᠶᠠᠷᠤᠨ ᠡᠵᠡᠮᠳᠡᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ  ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠤ ᠬᠥᠮᠦᠵᠢᠯ ᠪᠣᠯᠪᠠᠰᠤᠷᠠᠯ ᠪᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠡᠷᠬᠢᠯᠡᠭᠰᠡᠳ ᠤᠨ ᠠᠵᠢᠯ ᠤᠨ ᠪᠠᠶᠢᠷᠢ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠤᠨ ᠲᠦᠷᠦᠭᠦᠸ ᠲᠤᠰᠢᠶᠠᠯᠲᠠᠨ ᠤ ᠳᠦᠷᠢᠮ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠴᠢᠳᠠᠪᠤᠷᠢ ᠶᠢ ᠦᠨᠡᠯᠡᠬᠦ ᠰᠢᠰᠲ᠋ᠧᠮᠵᠢ ᠶᠢ ᠠᠬᠢᠭᠤᠯᠤᠨ᠎ᠠ᠃ ᠪᠠᠷᠢᠯᠭ᠎ᠠ ᠶᠢᠨ ᠠᠵᠢᠯᠲᠠᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠶᠠᠰᠤ ᠴᠢᠨᠠᠷ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠬᠤᠯᠠᠴᠢᠯᠠᠨ᠂ ᠬᠥᠳᠡᠯᠮᠦᠷᠢ ᠶᠢᠨ ᠤᠷᠤᠯᠳᠤᠭᠠᠨ ᠪᠠ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠥᠷᠨᠢᠭᠦᠯᠬᠦ ᠶᠢ ᠵᠣᠷᠢᠭᠵᠢᠭᠤᠯᠵᠤ᠂ ᠰᠢᠯᠢᠳᠡᠭ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠱᠠᠩᠨᠠᠬᠤ ᠳᠦᠷᠢᠮ ᠢ ᠲᠡᠭᠦᠯᠳᠡᠷᠵᠢᠭᠦᠯᠦᠨ᠎ᠡ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠵᠣᠬᠢᠶᠠᠨ ᠪᠠᠶᠢᠭᠤᠯᠤᠨ ᠪᠠᠷᠢᠯᠭ᠎ᠠ ᠶᠢᠨ ᠶᠠᠰᠤ ᠴᠢᠨᠠᠷ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠥᠮᠥᠵᠢᠭᠦᠯᠬᠦ ᠵᠣᠬᠢᠴᠠᠮᠵᠢ ᠶᠢ       ᠪᠠᠶᠢᠭᠤᠯᠵᠤ᠂ ᠳᠡᠭᠡᠳᠦ ᠰᠤᠷᠭᠠᠭᠤᠯᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠴᠢᠳᠠᠪᠤᠷᠢᠲᠠᠨ ᠬᠥᠮᠥᠵᠢᠭᠦᠯᠬᠦ ᠪᠠ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠮᠲᠤᠷᠠᠨ ᠥᠷᠨᠢᠭᠦᠯᠵᠦ᠂ ᠶᠠᠰᠤ ᠴᠢᠨᠠᠷ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢᠲᠠᠨ᠂ ᠬᠠᠮᠢᠶᠠᠷᠤᠯᠲᠠ ᠶᠢᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠡᠷᠬᠢᠯᠡᠭᠰᠡᠳ ᠤᠨ ᠬᠡᠪ ᠴᠢᠨᠠᠷ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃  ︵ᠠᠷᠪᠠᠨ ᠨᠠᠢᠮᠠ︶ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ  ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠪᠠᠷᠢᠮᠵᠢᠶᠠᠵᠢᠭᠤᠯᠬᠤ ᠲᠥᠷᠦ ᠶᠢᠨ ᠪᠤᠳᠤᠯᠭ᠎ᠠ ᠶᠢᠨ ᠵᠢᠯᠤᠭᠤᠳᠤᠮᠵᠢ ᠶᠢ ᠴᠢᠩᠭᠠᠳᠬᠠᠵᠤ᠂ ᠪᠠᠷᠢᠮᠵᠢᠶᠠᠵᠢᠭᠤᠯᠬᠤ ᠵᠣᠬᠢᠴᠠᠮᠵᠢ ᠶᠢᠨ ᠰᠢᠨ᠎ᠡ  ᠶᠢ ᠡᠭᠦᠳᠬᠦ  ᠶᠢ ᠭᠦᠨᠵᠡᠭᠡᠢ ᠠᠬᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠤ ᠶᠠᠰᠤ ᠴᠢᠨᠠᠷ ᠤᠨ ᠠᠵᠢᠯᠯᠠᠭ᠎ᠠ ᠪᠠ ᠢᠨᠵᠧᠨᠧᠷᠢᠩ ᠤᠨ ᠶᠠᠰᠤ ᠴᠢᠨᠠᠷ ᠤᠨ ᠡᠵᠡᠮᠳᠡᠯ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠭᠠᠵᠠᠷ ᠣᠷᠣᠨ᠂ ᠨᠡᠶᠢᠲᠡᠯᠢᠭ ᠢᠨᠵᠧᠨᠧᠷᠢᠩ ᠪᠠ ᠬᠡᠪ ᠳᠠᠭᠤᠷᠢᠶᠠᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠰᠤ ᠴᠢᠨᠠᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠠᠬᠢᠭᠤᠯᠵᠤ᠂ ᠨᠢᠭᠡ ᠪᠦᠯᠦᠭ ᠶᠠᠰᠤ ᠴᠢᠨᠠᠷ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠦᠷ᠎ᠡ ᠪᠦᠲᠦᠭᠡᠯ ᠢ ᠪᠣᠶ ᠪᠣᠯᠭᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ ᠶᠢᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ᠂ ᠪᠠᠶᠢᠭᠤᠯᠬᠤ ᠳᠤ ᠣᠷᠣᠯᠴᠠᠭᠰᠠᠨ ᠡᠯ᠎ᠡ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠳᠠᠯ ᠳᠤ ᠦᠨᠡᠯᠡᠯᠲᠡ ᠬᠢᠨ᠎ᠡ᠃ ᠣᠷᠣᠨ ᠪᠦᠰᠡ ᠶᠢᠨ ᠬᠤᠭᠤᠷᠣᠨᠳᠤ᠂ ᠲᠥᠷᠥᠯ ᠵᠦᠢᠯ ᠤᠨ ᠬᠤᠭᠤᠷᠣᠨᠳᠤ᠂ ᠠᠵᠤ ᠠᠬᠤᠶᠢᠯᠠᠯ ᠤᠨ ᠬᠤᠭᠤᠷᠣᠨᠳᠣᠬᠢ ᠶᠠᠰᠤ ᠴᠢᠨᠠᠷ ᠤᠨ ᠪᠠᠷᠢᠮᠵᠢᠶᠠᠵᠢᠭᠤᠯᠤᠯᠲᠠ ᠶᠢᠨ ᠬᠠᠮᠲᠤᠷᠠᠯᠴᠠᠨ ᠬᠤᠷᠰᠢᠯᠴᠠᠬᠤ ᠶᠢ ᠵᠣᠷᠢᠭᠵᠢᠭᠤᠯᠵᠤ᠂ ᠳᠡᠯᠭᠡᠷᠡᠭᠦᠯᠬᠦ ᠦᠨ᠎ᠡ ᠥᠷᠲᠡᠭ ᠲᠠᠢ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠭᠰᠠᠨ ᠦᠷ᠎ᠡ ᠪᠦᠲᠦᠭᠡᠯ ᠢ ᠴᠠᠭ ᠲᠤᠬᠠᠢ ᠳᠤ ᠨᠢ ᠳ᠋ᠦᠩᠨᠡᠨ᠎ᠡ᠃  ︵ᠠᠷᠪᠠ ᠶᠢᠰᠦ︶ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠰᠢᠯᠢᠳᠡᠭ ᠢ ᠡᠭᠦᠳᠴᠦ ᠲᠡᠷᠢᠭᠦᠨ ᠳᠤ ᠣᠷᠣᠬᠤ ᠪᠠᠷ ᠴᠢᠷᠮᠠᠶᠢᠨ᠎ᠠ  ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠤᠷᠮᠠᠰᠢᠭᠤᠯᠬᠤ ᠵᠣᠬᠢᠴᠠᠮᠵᠢ ᠶᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ᠂ ᠠᠮᠵᠢᠯᠲᠠ ᠪᠦᠲᠦᠮᠵᠢ ᠪᠠᠷ ᠢᠯᠡᠳᠲᠡ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠢ ᠱᠠᠩᠨᠠᠨ ᠬᠥᠬᠢᠭᠦᠯᠬᠦ ᠶᠢ ᠵᠣᠷᠢᠭᠵᠢᠭᠤᠯᠤᠨ᠎ᠠ᠃ ᠶᠠᠰᠤ ᠴᠢᠨᠠᠷ ᠢᠶᠠᠷ ᠰᠢᠯᠢᠳᠡᠭ ᠢ ᠡᠭᠦᠳᠴᠦ ᠲᠡᠷᠢᠭᠦᠨ ᠳᠤ ᠣᠷᠣᠬᠤ ᠪᠠᠷ ᠴᠢᠷᠮᠠᠶᠢᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠬᠢᠭᠡᠳ ᠬᠠᠶᠢᠨ       ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠢ᠂ ᠢᠨᠵᠧᠨᠧᠷᠢᠩ ᠤᠨ ᠰᠢᠯᠢᠳᠡᠭ ᠢ ᠡᠭᠦᠳᠴᠦ ᠠᠮᠵᠢᠯᠲᠠ ᠣᠯᠬᠤ ᠬᠠᠷᠠᠯᠲᠠ ᠶᠢ ᠭᠡᠷ᠎ᠡ ᠳᠤ ᠣᠷᠣᠭᠤᠯᠬᠤ ᠶᠢ ᠵᠣᠷᠢᠭᠵᠢᠭᠤᠯᠤᠨ᠂ ᠪᠠᠷᠢᠯᠭ᠎ᠠ ᠳᠤ ᠣᠷᠣᠯᠴᠠᠬᠤ ᠨᠢᠭᠡᠴᠢ ᠶᠢ ᠴᠢᠨᠠᠷ ᠰᠠᠶᠢᠲᠠᠢ ᠢᠨᠵᠧᠨᠧᠷᠢᠩ ᠤᠨ ᠱᠠᠩᠨᠠᠯ ᠤᠨ ᠵᠦᠢᠯ ᠤᠨ ᠰᠢᠯᠭᠠᠷᠠᠭᠤᠯᠤᠯᠲᠠ ᠳᠤ ᠢᠳᠡᠪᠬᠢᠲᠡᠢ ᠪᠠᠷ ᠮᠡᠳᠡᠭᠦᠯᠬᠦ ᠶᠢ ᠬᠦᠲᠦᠯᠦᠨ ᠵᠢᠯᠤᠭᠤᠳᠤᠨ᠎ᠠ᠃ ᠦᠨᠡᠯᠡᠬᠦ ᠰᠢᠰᠲ᠋ᠧᠮᠵᠢ ᠶᠢ ᠪᠦᠷᠢᠨᠰᠢᠭᠦᠯᠵᠦ᠂ ᠨᠠᠩ ᠣᠯᠠᠨ ᠰᠣᠳᠣᠨ ᠢᠨᠵᠧᠨᠧᠷᠢᠩ ᠢ ᠪᠣᠶᠢᠵᠢᠭᠤᠯᠤᠨ᠂ ᠴᠢᠨᠠᠷ ᠰᠠᠶᠢᠲᠠᠢ ᠢᠨᠵᠧᠨᠧᠷᠢᠩ ᠤᠨ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠱᠤᠭᠤᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠰᠢᠯᠢᠳᠡᠭ ᠢ ᠡᠭᠦᠳᠦᠨ ᠲᠡᠷᠢᠭᠦᠨ ᠳᠤ ᠣᠷᠣᠬᠤ ᠪᠠᠷ ᠴᠢᠷᠮᠠᠶᠢᠬᠤ ᠢᠳᠡᠪᠬᠢᠵᠢᠯ ᠢ ᠬᠥᠭᠵᠢᠭᠡᠨ᠎ᠡ᠃  ︵ᠬᠤᠷᠢ︶ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ  ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠶᠠᠰᠤ ᠴᠢᠨᠠᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠶᠠᠰᠤ ᠴᠢᠨᠠᠷ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠶᠠᠰᠤ ᠴᠢᠨᠠᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠶᠠᠰᠤ ᠴᠢᠨᠠᠷ ᠤᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠬᠠᠷᠠᠯᠲᠠ ᠶᠢ ᠲᠣᠭᠤᠷᠢᠨ ᠂ ᠬᠢᠨᠠᠯᠲᠠ ᠲᠠᠯᠪᠢᠵᠤ ᠪᠠᠶᠢᠴᠠᠭᠠᠬᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠂ ᠳᠦᠷᠢᠮ ᠢ ᠪᠦᠷᠢᠨᠰᠢᠭᠦᠯᠬᠦ᠂ ᠵᠣᠬᠢᠴᠠᠮᠵᠢ ᠶᠢ ᠲᠡᠭᠦᠯᠳᠡᠷᠵᠢᠭᠦᠯᠬᠦ ᠵᠡᠷᠭᠡ ᠠᠵᠢᠯ ᠢ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠰᠣᠯᠢᠯᠴᠠᠭᠠᠨ ᠤ ᠠᠵᠢᠯᠯᠠᠭ᠎ᠠ ᠶᠢ ᠠᠬᠢᠭᠤᠯᠵᠤ᠂ ᠬᠠᠷᠢᠯᠴᠠᠨ ᠲᠣᠯᠢᠯᠠᠵᠤ ᠬᠠᠷᠢᠯᠴᠠᠨ ᠰᠤᠷᠤᠯᠴᠠᠬᠤ ᠳᠤᠮᠳᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠬᠠᠮᠲᠤ ᠪᠠᠷ ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠯᠠᠪᠳᠠᠭᠤᠨ ᠪᠠᠲᠤᠳᠠᠢ ᠪᠠᠷ ᠳᠡᠭᠡᠭᠰᠢᠯᠡᠬᠦᠯᠦᠨ᠎ᠡ᠃  ᠳᠥᠷᠪᠡ᠂ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ  ︵ᠬᠤᠷᠢᠨ ᠨᠢᠭᠡ︶ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠎ᠡ  ᠣᠳᠣ ᠶᠢᠨ ᠬᠡᠷᠡᠭᠵᠢᠭᠦᠯᠵᠦ ᠪᠠᠶᠢᠭ᠎ᠠ ᠳᠦᠷᠢᠮ ᠪᠣᠯᠣᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠵᠣᠬᠢᠴᠠᠩᠭᠤᠢ ᠪᠤᠰᠤ ᠪᠠᠶᠢᠬᠤ ᠠᠰᠠᠭᠤᠳᠠᠯ ᠢ ᠴᠠᠭ ᠲᠤᠬᠠᠢ ᠳᠤ ᠨᠢ ᠡᠮᠬᠢᠯᠡᠨ ᠳᠢᠭᠯᠡᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠬᠠᠮᠢᠶᠠᠷᠤᠯᠲᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ᠂ ᠶᠠᠰᠤ ᠴᠢᠨᠠᠷ ᠤᠨ ᠠᠳᠡᠯ ᠢ ᠪᠠᠶᠢᠴᠠᠭᠠᠨ ᠰᠢᠢᠳᠪᠦᠷᠢᠯᠡᠬᠦ᠂ ᠬᠠᠩᠰᠢᠯᠠᠭᠰᠠᠨ ᠦᠨ᠎ᠡ ᠶᠢᠨ ᠬᠠᠮᠢᠶᠠᠷᠤᠯᠲᠠ᠂ ᠢᠨᠵᠧᠨᠧᠷᠢᠩ ᠢ ᠰᠢᠯᠭᠠᠨ ᠠᠪᠬᠤ᠂ ᠴᠢᠨᠠᠷ ᠰᠠᠶᠢᠲᠠᠢ ᠢᠨ᠋ᠧᠵᠧᠨᠧᠷᠢᠩ ᠢ ᠰᠢᠯᠭᠠᠷᠠᠭᠤᠯᠤᠨ ᠰᠣᠩᠭᠤᠬᠤ᠂ ᠰᠢᠨ᠎ᠡ ᠬᠡᠯᠪᠡᠷᠢ ᠶᠢᠨ ᠪᠠᠶᠢᠭᠤᠯᠵᠤ ᠬᠠᠮᠢᠶᠠᠷᠬᠤ ᠵᠠᠭᠪᠤᠷ ᠵᠡᠷᠭᠡ ᠶᠢ ᠬᠠᠮᠤᠷᠤᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠤᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠡᠯ᠎ᠡ ᠮᠤᠵᠢ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠢᠨ᠋ᠧᠵᠧᠨ᠋ᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃  ︵ᠬᠤᠷᠢᠨ ᠬᠤᠶᠠᠷ︶ ᠢᠨᠵᠧᠨᠧᠷᠢᠩ  ᠤᠨ ᠶᠠᠰᠤ ᠴᠢᠨᠠᠷ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠦᠨ᠎ᠡ  ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ  ᠶᠢ ᠦᠨᠳᠦᠰᠦᠯᠡᠨ᠂ ᠣᠷᠣᠨ ᠪᠦᠰᠡ ᠶᠢᠨ ᠠᠮᠤᠷ ᠲᠦᠪᠰᠢᠨ᠂ ᠢᠨᠵᠧᠨᠧᠷᠢᠩ ᠤᠨ ᠠᠮᠤᠷ ᠲᠦᠪᠰᠢᠨ ᠢ ᠭᠦᠢᠴᠡᠳ ᠪᠣᠳᠣᠯᠬᠢᠯᠠᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠪᠠᠷ ᠳᠡᠭᠡᠭᠰᠢᠯᠡᠭᠦᠯᠵᠦ᠂ ᠳᠡᠯᠭᠡᠷᠡᠭᠦᠯᠬᠦ ᠦᠨ᠎ᠡ ᠥᠷᠲᠡᠭ ᠲᠠᠢ ᠶᠠᠰᠤ ᠴᠢᠨᠠᠷ ᠤᠨ ᠡᠵᠡᠮᠳᠡᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠠᠭ ᠲᠤᠬᠠᠢ ᠳᠤ ᠨᠢ ᠪᠣᠯᠪᠠᠰᠤᠷᠠᠭᠤᠯᠵᠤ᠂ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠪᠦᠷᠢᠨᠰᠢᠭᠦᠯᠦᠨ᠂ ᠪᠠᠷᠢᠮᠵᠢᠶ᠎ᠠ ᠶᠢᠨ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠶᠢᠨ ᠶᠠᠰᠤ ᠴᠢᠨᠠᠷ ᠢ ᠡᠵᠡᠮᠳᠡᠬᠦ᠂ ᠪᠣᠳᠠᠲᠤ ᠴᠣᠭᠴᠠ ᠶᠢᠨ ᠶᠠᠰᠤ ᠴᠢᠨᠠᠷ ᠪᠠ ᠢᠨᠵᠧᠨᠧᠷᠢᠩ ᠢ ᠰᠢᠯᠭᠠᠨ ᠠᠪᠬᠤ ᠵᠡᠷᠭᠡ ᠲᠠᠯ᠎ᠠ ᠶᠢᠨ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠬᠤᠯᠪᠣᠭᠳᠠᠯ ᠪᠦᠬᠦᠢ ᠨᠢᠭᠡᠴᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠦᠯᠬᠦᠮ᠂ ᠠᠵᠤ ᠠᠬᠤᠶᠢᠯᠠᠯ᠂ ᠣᠷᠣᠨ ᠨᠤᠲᠤᠭ ᠤᠨ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠯᠡᠬᠦ ᠶᠢ ᠵᠣᠷᠢᠭᠵᠢᠭᠤᠯᠵᠤ᠂ ᠵᠠᠰᠠᠭ ᠤᠨ ᠣᠷᠳᠣᠨ ᠤ ᠨᠡᠶᠢᠲᠡᠯᠡᠬᠦ ᠪᠠᠷᠢᠮᠵᠢᠶ᠎ᠠ ᠬᠢᠭᠡᠳ ᠵᠠᠬ᠎ᠠ ᠳᠡᠯᠭᠡᠭᠦᠷ ᠤᠨ ᠪᠡᠶ᠎ᠡ ᠪᠠᠨ ᠳᠠᠭᠠᠭᠠᠵᠤ ᠲᠣᠭᠲᠠᠭᠠᠬᠤ ᠪᠠᠷᠢᠮᠵᠢᠶ᠎ᠠ ᠶᠢ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠷᠢᠮᠵᠢᠶ᠎ᠠ ᠶᠢᠨ ᠦᠨᠳᠦᠰᠦᠯᠡᠯ ᠬᠠᠩᠭᠠᠨ᠎ᠠ᠃  ︵ᠬᠤᠷᠢᠨ ᠭᠤᠷᠪᠠ︶ ᠢᠨᠵᠧᠨᠧᠷᠢᠩ ᠤᠨ ᠶᠠᠰᠤ ᠴᠢᠨᠠᠷ ᠤᠨ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ  ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠴᠢᠩᠭᠠᠷᠠᠭᠤᠯᠤᠨ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠶᠢᠴᠠᠭᠠᠬᠤ᠂ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠵᠡᠷᠭᠡ ᠬᠢᠨᠠᠨ ᠬᠠᠮᠢᠶᠠᠷᠤᠯᠲᠠ ᠶᠢᠨ ᠠᠷᠭ᠎ᠠ ᠪᠠᠷᠢᠯ ᠢ ᠪᠦᠷᠢᠨᠰᠢᠭᠦᠯᠵᠦ᠂ ᠲᠥᠷᠥᠯ ᠬᠤᠪᠢᠶᠠᠨ ᠬᠢᠨᠠᠨ ᠬᠠᠮᠢᠶᠠᠷᠬᠤ ᠪᠠ ᠵᠦᠷᠢᠶᠡᠴᠢᠯᠡᠭᠰᠡᠨ ᠬᠢᠨᠠᠨ ᠬᠠᠮᠢᠶᠠᠷᠤᠯᠲᠠ ᠶᠢ ᠬᠡᠷᠡᠭᠵᠢᠭᠦᠯᠦᠨ᠂ ᠶᠠᠰᠤ ᠴᠢᠨᠠᠷ ᠤᠨ ᠬᠠᠮᠢᠶᠠᠷᠤᠯᠲᠠ ᠪᠠᠷ ᠪᠠᠭᠤᠷᠠᠢ ᠭᠠᠵᠠᠷ ᠣᠷᠣᠨ᠂ ᠪᠠᠭᠤᠷᠠᠢ ᠲᠥᠷᠥᠯ ᠵᠦᠢᠯ᠂ ᠪᠠᠭᠤᠷᠠᠢ ᠭᠤᠭᠴᠤᠭ᠎ᠠ ᠶᠢᠨ ᠬᠢᠨᠠᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠥᠬᠦ ᠬᠡᠯᠬᠢᠶᠡᠰᠦ ᠶᠢᠨ ᠵᠠᠰᠠᠭ ᠤᠨ ᠣᠷᠳᠣᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠡᠳᠦᠷ ᠲᠤᠲᠤᠮ ᠤᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠦᠨ᠂ ᠢᠨᠵᠧᠨᠧᠷᠢᠩ ᠤᠨ ᠠᠮᠤᠷ ᠲᠦᠪᠰᠢᠨ ᠳᠤ ᠬᠤᠯᠪᠣᠭᠳᠠᠬᠤ ᠠᠵᠢᠯ ᠤᠨ ᠳᠠᠷᠠᠭᠠᠯᠠᠯ᠂ ᠵᠠᠩᠭᠢᠯᠠᠭ᠎ᠠ ᠶᠢᠨ ᠣᠷᠣᠨ ᠪᠠᠶᠢᠷᠢ ᠪᠠ ᠴᠢᠬᠤᠯᠠ ᠳᠠᠯᠳᠠ ᠬᠡᠰᠡᠭ ᠤᠨ ᠢᠨᠵᠧᠨᠧᠷᠢᠩ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠪᠠ ᠪᠠᠶᠢᠴᠠᠭᠠᠨ ᠬᠡᠮᠵᠢᠯᠲᠡ ᠶᠢ ᠥᠷᠨᠢᠭᠦᠯᠦᠨ᠎ᠡ᠃ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾᠂ ᠵᠠᠰᠠᠭ ᠤᠨ ᠣᠷᠳᠣᠨ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢᠨ ᠮᠡᠷᠭᠡᠵᠢᠯ ᠤᠨ ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠠᠬᠢᠭᠤᠯᠵᠤ᠂ ᠵᠠᠰᠠᠭ ᠤᠨ ᠣᠷᠳᠣᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠶᠠᠰᠤ ᠴᠢᠨᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠢᠩᠭ᠎ᠠ ᠴᠣᠬᠢᠯᠲᠠ ᠥᠭᠴᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨ ᠬᠦ ᠪᠠᠲᠤᠯᠠᠨ᠎ᠠ᠃  ︵ᠬᠤᠷᠢᠨ ᠳᠥᠷᠪᠡ︶ ᠶᠠᠰᠤ ᠴᠢᠨᠠᠷ ᠤᠨ ᠬᠠᠮᠢᠶᠠᠷᠤᠯᠲᠠ ᠶᠢ ᠨᠡᠶᠢᠭᠡᠮ ᠤᠨ ᠬᠠᠮᠲᠤ ᠪᠠᠷ ᠢᠶᠠᠨ ᠵᠠᠰᠠᠬᠤ ᠶᠢ ᠠᠬᠢᠭᠤᠯᠤᠨ᠎ᠠ  ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠵᠠᠰᠠᠯᠲᠠ ᠶᠢᠨ ᠵᠠᠭᠪᠤᠷ ᠢ       ᠰᠢᠯᠢᠳᠡᠭᠵᠢᠭᠦᠯᠵᠦ᠂ ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠭᠰᠠᠨ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠣᠷᠣᠯᠴᠠᠭᠰᠠᠨ ᠣᠯᠠᠨ ᠡᠰᠢᠲᠦ ᠵᠠᠰᠠᠯᠲᠠ ᠶᠢᠨ ᠵᠣᠬᠢᠴᠠᠮᠵᠢ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠪᠡᠷᠲᠡᠭᠡᠨ ᠵᠠᠰᠠᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠨᠡᠶᠢᠭᠡᠮ ᠤᠨ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠤᠯᠲᠠ ᠶᠢᠨ ᠶᠠᠰᠤ ᠴᠢᠨᠠᠷ ᠢ ᠬᠠᠮᠲᠤ ᠪᠠᠷ ᠵᠠᠰᠠᠬᠤ ᠪᠠᠶᠢᠷᠢᠰᠢᠯ ᠢ ᠪᠠᠶᠢᠭᠤᠯᠤᠨ᠎ᠠ᠃ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠢᠭᠡᠳᠦᠭᠡᠷ ᠹᠷᠣᠨᠲ ᠤᠨ ᠡᠭᠡᠯᠵᠢ ᠳᠤᠭᠤᠶᠢᠯᠠᠩ ᠵᠡᠷᠭᠡ ᠶᠢᠨ ᠶᠠᠰᠤ ᠴᠢᠨᠠᠷ ᠢ ᠰᠠᠶᠢᠵᠢᠷᠠᠭᠤᠯᠬᠤ᠂ ᠶᠠᠰᠤ ᠴᠢᠨᠠᠷ ᠤᠨ ᠰᠢᠨ᠎ᠡ ᠶᠢ ᠡᠭᠦᠳᠬᠦ᠂ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠵᠡᠷᠭᠡ ᠣᠯᠠᠨ ᠲᠦᠮᠡᠨᠴᠢ ᠴᠢᠨᠠᠷᠲᠠᠢ ᠶᠠᠰᠤ ᠴᠢᠨᠠᠷ ᠤᠨ ᠠᠵᠢᠯᠯᠠᠭ᠎ᠠ ᠶᠢ ᠬᠡᠷᠡᠭᠵᠢᠭᠦᠯᠬᠦ ᠶᠢ ᠳᠡᠮᠵᠢᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠨᠡᠶᠢᠭᠡᠮ ᠤᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠵᠣᠬᠢᠴᠠᠴᠮᠵᠢ ᠶᠢ ᠪᠦᠷᠢᠨᠰᠢᠭᠦᠯᠵᠦ᠂ ᠨᠡᠶᠢᠭᠡᠮ ᠤᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃  ︵ᠬᠤᠷᠢᠨ ᠲᠠᠪᠤ︶ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ  ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠢᠨᠠᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠠᠰᠤ ᠴᠢᠨᠠᠷ ᠤᠨ ᠲᠠᠯ᠎ᠠ ᠪᠠᠷ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠎ᠠ᠃ ᠢᠲᠡᠭᠡᠯ ᠢᠶᠠᠨ ᠠᠯᠳᠠᠭᠰᠠᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠵᠣᠬᠢᠴᠠᠮᠵᠢ ᠶᠢ ᠪᠦᠷᠢᠨᠰᠢᠭᠦᠯᠵᠦ᠂ ᠪᠦᠬᠦ ᠤᠯᠤᠰ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠠᠪᠴᠠᠩ ᠪᠣᠯᠣᠨ ᠮᠤᠵᠢ ᠶᠢᠨ ᠱᠠᠲᠤᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠢᠲᠡᠭᠡᠯ ᠢᠶᠠᠨ ᠠᠯᠳᠠᠭᠰᠠᠨ ᠮᠡᠳᠡᠭᠡ ᠵᠠᠩᠭᠢ ᠶᠢ ᠨᠢᠭᠡ ᠯᠡ ᠳᠡᠭᠡᠷ᠎ᠡ ᠴᠤᠭᠯᠠᠭᠤᠯᠵᠤ᠂ ᠪᠦᠬᠦ ᠤᠯᠤᠰ ᠲᠤ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠵᠤ᠂ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠢᠲᠡᠭᠡᠮᠵᠢ ᠶᠢᠨ ᠦᠨᠡᠯᠡᠯᠲᠡ ᠶᠢᠨ ᠪᠠᠷᠢᠮᠵᠢᠶ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠵᠢᠷᠤᠮᠵᠢᠭᠤᠯᠤᠨ᠂ ᠢᠲᠡᠭᠡᠮᠵᠢ ᠶᠢᠨ ᠦᠨᠡᠯᠡᠯᠲᠡ ᠶᠢᠨ ᠡᠷᠬᠡ ᠰᠦᠷᠲᠦ ᠴᠢᠨᠠᠷ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠬᠦᠯᠦᠨ᠎ᠡ᠃ ᠠᠵᠤ ᠠᠬᠤᠶᠢᠯᠠᠯ ᠤᠨ ᠳᠠᠭᠠᠭᠠᠴᠢᠯᠠᠨ ᠪᠠᠶᠢᠭᠤᠯᠤᠭᠰᠠᠨ ᠢᠨᠵᠧᠨᠧᠷᠢᠩ ᠤᠨ ᠶᠠᠰᠤ ᠴᠢᠨᠠᠷ ᠤᠨ ᠪᠠᠶᠢᠳᠠᠯ ᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠬᠢᠨᠠᠨ ᠲᠣᠭᠲᠠᠭᠠᠬᠤ ᠬᠦᠴᠦᠨ ᠵᠦᠢᠯ ᠳᠤ ᠣᠷᠣᠭᠤᠯᠬᠤ ᠶᠢ ᠵᠣᠷᠢᠭᠵᠢᠭᠤᠯᠵᠤ᠂ ᠶᠠᠰᠤ ᠴᠢᠨᠠᠷ ᠢᠶᠠᠷ ᠥᠷᠢᠰᠦᠯᠳᠦᠬᠦ᠂ ᠰᠢᠯᠢᠳᠡᠭ ᠨᠢ ᠰᠢᠯᠢᠭᠳᠡᠵᠦ ᠰᠢᠭᠠᠷᠤ ᠨᠢ ᠰᠢᠭᠰᠢᠭᠳᠡᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢ᠊ ᠡᠶ᠎ᠡ  ︵ᠬᠤᠷᠢᠨ ᠵᠢᠷᠭᠤᠭ᠎ᠠ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ  ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠣᠷᠣᠨ ᠨᠤᠲᠤᠭ ᠤᠨ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠶᠠᠰᠤ ᠴᠢᠨᠠᠷ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠶᠠᠰᠤ ᠴᠢᠨᠠᠷ ᠤᠨ ᠲᠣᠪᠤᠶᠢᠮ᠎ᠠ ᠠᠰᠠᠭᠤᠳᠠᠯ ᠢ ᠰᠢᠶ᠋ᠳᠪᠦᠷᠢᠯᠡᠬᠦ ᠲᠠᠢ ᠬᠠᠷᠢᠯᠴᠠᠨ ᠤᠶᠠᠯᠳᠤᠭᠤᠯᠵᠤ᠂ ᠲᠣᠰ ᠭᠠᠵᠠᠷ ᠣᠷᠣᠨ ᠲᠣᠰ ᠨᠢᠭᠡᠴᠢ ᠶᠢᠨ ᠠᠵᠢᠯ ᠤᠨ ᠪᠣᠳᠠᠲᠠᠶ ᠲᠠᠢ ᠪᠠᠨ ᠨᠢᠭᠲᠠ ᠤᠶᠠᠯᠳᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠶᠠᠰᠤ ᠴᠢᠨᠠᠷ ᠢᠶᠠᠷ ᠤᠯᠤᠰ ᠢᠶᠠᠨ ᠬᠦᠴᠦᠷᠬᠡᠭᠵᠢᠭᠦᠯᠬᠦ ᠡᠭᠦᠷᠭᠡ ᠶᠢᠨ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃  ︵ᠬᠤᠷᠢᠨ ᠳᠣᠯᠤᠭ᠎ᠠ︶ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ  ᠤᠰᠤᠨ ᠠᠰᠢᠭᠯᠠᠯᠲᠠ ᠶᠢᠨ ᠶᠠᠮᠤᠨ ︽ᠶᠠᠰᠤ ᠴᠢᠨᠠᠷ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ︾ ᠪᠠ ᠲᠣᠰ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠵᠢᠯ ᠤᠨ ᠰᠢᠯᠭᠠᠨ ᠬᠢᠨᠠᠬᠤ ᠴᠢᠬᠤᠯᠠ ᠠᠭᠤᠯᠭ᠎ᠠ ᠪᠣᠯᠭᠠᠵᠤ᠂ ᠰᠢᠯᠭᠠᠨ ᠬᠢᠨᠠᠵᠤ ᠬᠤᠪᠢ ᠲᠣᠭᠲᠠᠭᠠᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠪᠠ ᠶᠠᠰᠤ ᠴᠢᠨᠠᠷ ᠤᠨ ᠬᠢᠷᠢ ᠬᠡᠮᠵᠢᠶ᠎ᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠳᠠᠯ ᠪᠠ ᠣᠯᠤᠭᠰᠠᠨ ᠪᠣᠳᠠᠲᠠᠶ ᠦᠷ᠎ᠡ ᠪᠦᠲᠦᠮᠵᠢ ᠶᠢ ᠦᠷᠭᠦᠯᠵᠢᠯᠡᠨ ᠠᠩᠬᠠᠷᠴᠤ᠂ ᠰᠢᠯᠭᠠᠨ ᠬᠢᠨᠠᠬᠤ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠵᠢᠯᠣᠭᠤᠳᠣᠭᠤᠷ ᠪᠠ ᠠᠬᠢᠭᠤᠯᠬᠤ ᠪᠠᠭᠠᠵᠢ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号