ᠠᠷᠠᠳ ᠤᠨ ᠡᠳᠦᠷ ᠤᠨ ᠰᠣᠨᠢᠨ᠄ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢ 2.11 ᠲᠦᠮᠡᠨ ᠵᠤᠷᠪᠣᠰ ᠵᠠᠰᠠᠪᠠ
ᠨᠡᠶᠢᠲᠡᠯᠡᠭᠰᠡᠨ ᠴᠠᠭ᠄
2023/9/1
︽ᠠᠷᠠᠳ ᠤᠨ ᠡᠳᠦᠷ ᠤᠨ ᠰᠣᠨᠢᠨ︾ ︵2023 ᠣᠨ ᠤ 8 ᠳ᠋ᠤᠭᠠᠷ ᠰᠠᠷ᠎ᠠ ᠶᠢᠨ 29 ᠤ ᠡᠳᠦᠷ ᠤᠨ ᠬᠡᠪᠯᠡᠯ ᠤᠨ 14 ᠳ᠋ᠦ᠋ᠭᠡᠷ ᠨᠢᠭᠤᠷ︶  ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ ︵ᠸᠠᠩ ᠬᠤᠤ᠂ ᠵᠣᠣ ᠰᠢᠨ ᠶᠦᠸᠧ︶ ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠰᠦᠩ ᠯᠢᠶᠣᠤ ᠶᠢᠨ ᠤᠰᠤᠨ ᠠᠰᠢᠭᠯᠠᠯᠲᠠ ᠶᠢᠨ ᠵᠥᠪᠯᠡᠯ ᠢ ᠵᠣᠬᠢᠶᠠᠨ ᠪᠠᠶᠢᠭᠤᠯᠵᠤ 2020 ᠣᠨ ᠢᠶᠠᠷ ᠰᠠᠭᠤᠷᠢ ᠪᠣᠯᠭᠠᠵᠤ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠵᠦ᠂ ᠢᠳᠡᠭᠳᠡᠯ ᠤᠨ ᠭᠤᠤ ᠶᠢᠨ ᠵᠠᠰᠠᠯᠲᠠ ᠶᠢ ᠤᠯᠠᠮ ᠨᠢᠭᠡ ᠠᠯᠬᠤᠮ ᠠᠬᠢᠭᠤᠯᠬᠤ᠂ ᠬᠠᠷ᠎ᠠ ᠬᠥᠷᠥᠰᠥ ᠰᠢᠷᠣᠶ ᠶᠢᠨ ᠬᠠᠮᠠᠭᠠᠯᠠᠯᠲᠠ ᠶᠢ ᠴᠢᠩᠭᠠᠳᠬᠠᠬᠤ ᠳᠤ ᠴᠢᠬᠤᠯᠠ ᠦᠨᠳᠦᠰᠦᠯᠡᠯ ᠬᠠᠩᠭᠠᠪᠠ᠃  ᠣᠶᠢᠷ᠎ᠠ ᠶᠢᠨ ᠵᠢᠯ ᠠᠴᠠ ᠨᠠᠭᠠᠰᠢ᠂ ᠲᠥᠪ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ ᠢᠳᠡᠭᠳᠡᠯ ᠤᠨ ᠭᠤᠤ ᠶᠢ ᠨᠡᠶᠢᠲᠡ 2.11 ᠲᠦᠮᠡᠨ ᠵᠤᠷᠪᠤᠰ ᠵᠠᠰᠠᠵᠤ᠂ ᠲᠠᠷᠢᠶᠠᠨ ᠭᠠᠵᠠᠷ ᠢ 664.65 ᠲᠦᠮᠡᠨ ᠮᠥ ᠬᠠᠮᠠᠭᠠᠯᠠᠪᠠ᠃ ᠥᠯᠢᠭᠡᠷ ᠠᠪᠴᠤ ᠪᠠᠶᠢᠴᠠᠭᠠᠬᠤ ᠪᠠᠷ ᠳᠡᠮᠵᠢᠨ᠂ ᠨᠢᠭᠡᠨᠲᠡ ᠵᠠᠰᠠᠭᠰᠠᠨ ᠢᠳᠡᠭᠳᠡᠮᠡᠯ ᠭᠤᠤ ᠶᠢᠨ ᠬᠠᠳᠠᠭᠠᠯᠠᠯᠲᠠ ᠶᠢᠨ ᠨᠣᠷᠮ᠎ᠠ ᠨᠢ 85.9 % ᠪᠠᠶᠢᠵᠤ᠂ ᠶᠡᠷᠦᠩᠬᠡᠶ ᠳᠡᠭᠡᠨ ᠨᠡᠯᠢᠶᠡᠳ ᠰᠠᠶᠢᠨ ᠬᠠᠳᠠᠭᠠᠯᠠᠭᠳᠠᠵᠤ᠂ ᠬᠥᠷᠥᠰᠥ ᠰᠢᠷᠣᠶ ᠶᠢ ᠬᠠᠮᠠᠭᠠᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠲᠠᠷᠢᠶᠠᠨ ᠭᠠᠵᠠᠷ ᠢ ᠮᠡᠷᠡᠬᠦ ᠪᠠ ᠣᠭᠲᠣᠯᠬᠤ ᠶᠢ ᠪᠦᠲᠦᠮᠵᠢᠲᠡᠶ ᠨᠠᠮᠳᠠᠭᠤᠯᠵᠤ ᠴᠢᠳᠠᠨ᠎ᠠ᠃  ᠲᠣᠰ ᠤᠳᠠᠭᠠᠨ ᠤ ᠪᠠᠶᠢᠴᠠᠭᠠᠯᠲᠠ ᠶᠢᠨ ᠬᠡᠪᠴᠢᠶ᠎ᠡ ᠨᠢ ᠵᠡᠭᠦᠨ ᠬᠤᠶᠢᠲᠤ ᠶᠢᠨ ᠬᠠᠷ᠎ᠠ ᠰᠢᠷᠦ᠋ᠢᠲᠤ ᠣᠷᠣᠨ ᠤ 108.75 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠥᠪᠥᠷ ᠮᠣᠩᠭᠤᠯ᠂ ᠯᠢᠶᠣᠤᠨᠢᠩ᠂ ᠭᠢᠷᠢᠨ᠂ ᠬᠠᠷᠠᠮᠥ᠋ᠷᠡᠨ ᠵᠡᠷᠭᠡ 4 ᠮᠤᠵᠢ ᠣᠷᠣᠨ ᠤ 246 ᠰᠢᠶᠠᠨ ᠳᠤ ᠬᠤᠯᠪᠣᠭᠳᠠᠵᠤ᠂ 2020 ᠣᠨ ᠤ 2 ᠮᠧᠲᠷ ᠤᠨ ᠢᠯᠭᠠᠮᠵᠢᠳᠤ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠪᠠᠷ ᠰᠠᠭᠤᠷᠢ ᠪᠣᠯᠭᠠᠨ᠂ ᠳᠤᠲᠠᠭᠤ ᠮᠧᠲᠷ ᠤᠨ ᠲᠠᠰ ᠤᠨ ᠳᠡᠭᠡᠳᠦ ᠨᠠᠷᠢᠯᠢᠭ ᠠᠯᠤᠰ ᠰᠡᠷᠡᠯ ᠤᠨ ᠵᠢᠷᠤᠭ ᠳᠦᠷᠰᠦ ᠪᠠᠷ ᠬᠠᠪᠰᠤᠷᠤᠮᠵᠢ ᠪᠣᠯᠭᠠᠵᠤ᠂ ᠠᠯᠤᠰ ᠰᠡᠷᠡᠯ ᠤᠨ ᠣᠷᠴᠢᠭᠤᠯᠭ᠎ᠠ᠂ ᠬᠡᠭᠡᠷ᠎ᠡ ᠭᠠᠳᠠᠨ᠎ᠠ ᠰᠢᠯᠭᠠᠨ ᠪᠠᠲᠤᠯᠠᠬᠤ᠂ ᠨᠡᠶᠢᠲᠡᠯᠢᠭ ᠣᠷᠣᠨ ᠤ ᠪᠣᠳᠠᠲᠠᠶ ᠬᠡᠮᠵᠢᠯᠲᠡ ᠵᠡᠷᠭᠡ ᠠᠷᠭ᠎ᠠ ᠶᠢ ᠬᠡᠷᠡᠭᠯᠡᠨ᠂ ᠭᠤᠤ ᠰᠤᠪᠠᠭ ᠤᠨ ᠣᠷᠳᠣ ᠨᠢ 50 ᠮᠧᠲᠷ ᠠᠴᠠ ᠳᠡᠭᠡᠭᠰᠢ᠂ ᠭᠤᠤ ᠶᠢᠨ ᠰᠢᠰᠲ᠋ᠧᠮ ᠤᠨ ᠬᠤᠷᠠᠮᠠᠯ ᠤᠰᠤᠨ ᠤ ᠲᠠᠯᠠᠪᠠᠶ ᠨᠢ 50 ᠲᠡᠭᠰᠢ ᠳᠥᠷᠪᠡᠯᠵᠢᠨ ᠺᠢᠯᠣᠮᠧᠲᠷ ᠠᠴᠠ ᠪᠠᠭ᠎ᠠ ᠥᠬᠡᠶ ᠢᠳᠡᠭᠳᠡᠮᠡᠯ ᠭᠤᠤ ᠶᠢ ᠪᠥᠬᠦ ᠲᠠᠯ᠎ᠠ ᠪᠠᠷ ᠪᠠᠶᠢᠴᠠᠭᠠᠨ᠎ᠠ᠃  ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠭᠦᠯᠦᠭᠰᠡᠨ ᠭᠤᠤ ᠶᠢᠨ ᠶᠡᠷᠦᠩᠬᠡᠶ ᠲᠤᠭ᠎ᠠ ᠬᠡᠮᠵᠢᠶ᠎ᠡ ᠨᠢ 66.67 ᠲᠦᠮᠡ ᠪᠠᠶᠢᠵᠤ᠂ ᠡᠭᠦᠨ ᠳᠤ ᠭᠤᠤᠯ ᠭᠤᠤ ᠨᠢ 39.36 ᠲᠦᠮᠡ᠂ ᠰᠠᠯᠪᠤᠷᠢ ᠭᠤᠤ ᠨᠢ 27.31 ᠲᠦᠮᠡ ᠪᠠᠶᠢᠨ᠎ᠠ᠃ ᠭᠤᠤ ᠰᠤᠪᠠᠭ ᠤᠨ ᠪᠥᠬᠦ ᠣᠷᠳᠣ ᠨᠢ 23.24 ᠲᠦᠮᠡᠨ ᠺᠢᠯᠣᠮᠧᠲᠷ᠂ ᠭᠤᠤ ᠰᠤᠪᠠᠭ ᠤᠨ ᠪᠥᠬᠦ ᠲᠠᠯᠠᠪᠠᠶ ᠨᠢ 4029.57 ᠲᠡᠭᠰᠢ ᠳᠥᠷᠪᠡᠯᠵᠢᠨ ᠺᠢᠯᠣᠮᠧᠲᠷ᠂ ᠭᠤᠤ ᠭᠠᠩᠭ᠎ᠠ ᠶᠢᠨ ᠨᠢᠭᠲᠠᠴᠠ ᠨᠢ ᠲᠡᠭᠰᠢ ᠳᠥᠷᠪᠡᠯᠵᠢᠨ ᠺᠢᠯᠣᠮᠧᠲᠷ᠃ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢᠨ ᠪᠠᠷᠤᠭ ᠶᠢᠰᠦᠨ ᠬᠤᠪᠢ ᠨᠢ ᠬᠥᠭᠵᠢᠯᠲᠡ ᠶᠢᠨ ᠬᠡᠯᠪᠡᠷᠢ ᠶᠢᠨ ᠢᠳᠡᠭᠳᠡᠯ ᠤᠨ ᠭᠤᠤ 58.96 ᠲᠦᠮᠡ ᠳᠤ ᠬᠦᠷᠴᠦ᠂ ᠵᠠᠰᠠᠯᠲᠠ ᠪᠤᠶᠤ ᠭᠤᠤ ᠶᠢᠨ ᠤᠷᠭᠤᠮᠠᠯ ᠤᠨ ᠬᠤᠴᠢᠯᠭ᠎ᠠ ᠶᠢᠨ ᠨᠥᠬᠦᠴᠡᠯ ᠢᠶᠠᠷ ᠨᠡᠯᠢᠶᠡᠳ ᠰᠠᠶᠢᠨ ᠲᠣᠭᠲᠠᠭᠤᠨ ᠬᠡᠯᠪᠡᠷᠢ ᠶᠢᠨ ᠢᠳᠡᠭᠳᠡᠯ ᠤᠨ ᠭᠤᠤ 7.71 ᠲᠦᠮᠡ ᠳᠤ ᠬᠦᠷᠴᠡᠢ᠃  ᠮᠤᠵᠢ ᠣᠷᠣᠨ ᠬᠤᠪᠢᠶᠠᠵᠤ ᠦᠵᠡᠪᠡᠯ᠂ ᠥᠪᠥᠷ ᠮᠣᠩᠭᠤᠯ᠂ ᠯᠢᠶᠣᠤᠨᠢᠩ᠂ ᠭᠢᠷᠢᠨ᠂ ᠬᠠᠷᠠᠮᠥ᠋ᠷᠡᠨ ᠵᠡᠷᠭᠡ 4 ᠮᠤᠵᠢ ᠣᠷᠣᠨ ᠤ ᠢᠳᠡᠭᠳᠡᠭᠦᠯᠦᠭᠰᠡᠨ ᠭᠤᠤ ᠶᠢᠨ ᠲᠤᠭ᠎ᠠ ᠨᠢ ᠲᠣᠰ ᠲᠣᠰ 26.20 ᠲᠦᠮᠡᠨ ᠵᠤᠷᠪᠤᠰ᠂ 5.46 ᠲᠦᠮᠡᠨ ᠵᠤᠷᠪᠤᠰ᠂ 14.26 ᠲᠦᠮᠡᠨ ᠵᠤᠷᠪᠤᠰ᠂ 20.75 ᠲᠦᠮᠡᠨ ᠵᠤᠷᠪᠤᠰ ᠪᠠᠶᠢᠵᠤ᠂ ᠢᠳᠡᠭᠳᠡᠭᠦᠯᠦᠭᠰᠡᠨ ᠭᠤᠤ ᠶᠢᠨ ᠪᠥᠬᠦ ᠲᠣᠭᠠᠨ ᠤ 39.30 %᠂ 8.19 %᠂ 21.39 %᠂ 31.12 % ᠢ ᠡᠵᠡᠯᠡᠵᠦ      ᠪᠠᠶᠢᠨ᠎ᠠ᠃ ᠬᠤᠪᠢᠶᠠᠷᠢ ᠲᠣᠭᠤᠷᠢᠭ ᠠᠴᠠ ᠦᠵᠡᠪᠡᠯ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠨᠢ ᠨᠡᠶᠢᠲᠡ 9 ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠯ ᠤᠨ ᠭᠤᠷᠪᠠᠳᠤᠭᠠᠷ ᠳᠡᠰ ᠤᠨ ᠣᠷᠣᠨ ᠳᠤ ᠬᠤᠯᠪᠣᠭᠳᠠᠵᠤ᠂ ᠶᠢᠰᠦᠨ ᠬᠤᠪᠢ ᠶᠢᠨ ᠢᠳᠡᠭᠳᠡᠮᠡᠯ ᠭᠤᠤ ᠨᠢ ᠶᠡᠭᠡ ᠬᠢᠩᠭᠠᠨ ᠳᠠᠪᠠᠭ᠎ᠠ ᠶᠢᠨ ᠵᠡᠭᠦᠨ ᠡᠮᠦᠨᠡᠬᠢ ᠪᠣᠭᠤᠨᠢ ᠠᠭᠤᠯᠠ ᠳᠣᠪᠣᠷᠬᠠᠭ ᠬᠥᠷᠥᠰᠥ ᠰᠢᠷᠣᠶ ᠶᠢ ᠬᠠᠮᠠᠭᠠᠯᠠᠬᠤ ᠣᠷᠣᠨ ᠳᠤ ᠲᠠᠷᠬᠠᠵᠤ᠂ ᠴᠠᠩ ᠪᠠᠶ ᠱᠠᠨ ᠠᠭᠤᠯᠠ ᠶᠢᠨ ᠭᠠᠵᠠᠷ ᠤᠨ ᠤᠰᠤᠨ ᠤ ᠡᠬᠢ ᠰᠤᠷᠪᠤᠯᠵᠢ ᠶᠢ ᠬᠠᠳᠠᠭᠠᠯᠠᠨ ᠬᠠᠮᠠᠭᠠᠯᠠᠬᠤ ᠨᠢ ᠭᠠᠮᠰᠢᠭᠳᠠᠭᠰᠠᠨ ᠣᠷᠣᠨ᠂ ᠴᠠᠩ ᠪᠠᠶ ᠱᠠᠨ ᠠᠭᠤᠯᠠᠨ ᠤ ᠳᠣᠪᠣᠷᠬᠠᠭ ᠤᠨ ᠤᠰᠤᠨ ᠤ ᠴᠢᠨᠠᠷ ᠢ ᠬᠠᠮᠠᠭᠠᠯᠠᠬᠤ ᠬᠥᠷᠥᠰᠥ ᠰᠢᠷᠣᠶ ᠶᠢ ᠬᠠᠮᠠᠭᠠᠯᠠᠬᠤ ᠣᠷᠣᠨ᠂ ᠵᠡᠭᠦᠨ ᠬᠤᠶᠢᠲᠤ ᠶᠢᠨ ᠮᠠᠨ ᠴᠤᠸᠠᠨ ᠮᠠᠨ ᠭᠠᠩ ᠤᠨ ᠬᠥᠷᠥᠰᠥ ᠰᠢᠷᠣᠶ ᠶᠢ ᠬᠠᠮᠠᠭᠠᠯᠠᠬᠤ ᠣᠷᠣᠨ ᠵᠡᠷᠭᠡ 4 ᠭᠤᠷᠪᠠᠳᠤᠭᠠᠷ ᠳᠡᠰ ᠤᠨ ᠣᠷᠣᠨ ᠳᠤ ᠲᠠᠷᠬᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠲᠠᠷᠢᠶᠠᠨ ᠭᠠᠵᠠᠷ ᠤᠨ ᠲᠠᠯᠠᠪᠠᠶ ᠨᠢ ᠬᠡᠳᠦ᠋ᠢᠪᠡᠷ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠶᠡᠷᠦᠩᠬᠡᠶ ᠲᠠᠯᠠᠪᠠᠶ ᠶᠢᠨ ᠭᠤᠷᠪᠠᠨ ᠬᠤᠪᠢ ᠶᠢ ᠯᠠ ᠡᠵᠡᠯᠡᠵᠦ ᠪᠠᠶᠢᠭ᠎ᠠ ᠪᠣᠯᠪᠠᠴᠤ ᠪᠠᠷᠤᠭ 3 / 4 ᠣᠷᠴᠢᠮ ᠤᠨ ᠢᠳᠡᠭᠳᠡᠭᠦᠯᠬᠦ ᠭᠤᠤ ᠶᠢ ᠲᠥᠪᠯᠡᠷᠡᠭᠦᠯᠦᠭᠡᠳ 49.48 ᠲᠦᠮᠡ ᠳᠤ ᠬᠦᠷᠴᠦ᠂ ᠳᠤᠮᠳᠠᠴᠢ ᠪᠠᠷ ᠲᠡᠭᠰᠢ ᠳᠥᠷᠪᠡᠯᠵᠢᠨ ᠺᠢᠯᠣᠮᠧᠲᠷ ᠪᠦᠷᠢ ᠳᠤ ᠪᠠᠷᠤᠭ ᠢᠳᠡᠭᠳᠡᠭᠦᠯᠬᠦ ᠭᠤᠤ 1.45 ᠪᠠᠶᠢᠨ᠎ᠠ᠃  ᠣᠶᠢᠯᠠᠭᠠᠭᠰᠠᠨ ᠢᠶᠠᠷ᠂ ᠢᠳᠡᠭᠳᠡᠮᠡᠯ ᠭᠤᠤ ᠶᠢᠨ ᠪᠣᠶ ᠪᠣᠯᠵᠣ ᠬᠥᠭᠵᠢᠬᠦ ᠨᠢ ᠪᠠᠶᠢᠭᠠᠯᠢ ᠶᠢᠨ ᠬᠦᠴᠦᠨ ᠵᠦᠢᠯ ᠪᠠᠶᠢᠬᠤ ᠮᠥᠷᠲᠡᠭᠡᠨ ᠪᠠᠰᠠ ᠵᠣᠷᠢᠭᠤᠳᠠ ᠶᠢᠨ ᠬᠦᠴᠦᠨ ᠵᠦᠢᠯ ᠪᠠᠶᠢᠨ᠎ᠠ᠃ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠣᠷᠣᠨ ᠳᠤ ᠪᠣᠷᠣᠭᠠᠨ ᠪᠠ ᠬᠠᠯᠠᠭᠤᠨ ᠤ ᠤᠯᠠᠷᠢᠯ ᠨᠢ ᠠᠳᠠᠯᠢ᠂ ᠬᠤᠷ᠎ᠠ ᠲᠤᠨᠳᠠᠰᠤ ᠲᠥᠪᠯᠡᠷᠡᠵᠦ᠂ ᠬᠠᠷ᠎ᠠ ᠬᠥᠷᠥᠰᠥᠲᠦ ᠬᠥᠷᠥᠰᠥ ᠰᠡᠶᠢᠷᠡᠭ᠂ ᠢᠳᠡᠭᠳᠡᠯ ᠢ ᠡᠰᠡᠷᠭᠦᠴᠡᠬᠦ ᠴᠢᠳᠠᠪᠤᠷᠢ ᠪᠠᠷ ᠪᠠᠭᠤᠷᠠᠶ ᠪᠠᠶᠢᠵᠤ᠂ ᠪᠣᠷᠣᠭᠠᠨ ᠣᠷᠣᠵᠤ ᠤᠷᠤᠰᠤᠮᠠᠯ ᠤᠷᠤᠰᠤᠮᠠᠯ ᠤᠨ ᠭᠠᠵᠠᠷ ᠤᠨ ᠭᠠᠳᠠᠷᠭᠤ ᠶᠢ ᠤᠷᠤᠰᠬᠠᠬᠤ ᠦᠢᠯᠡᠳᠦᠯ ᠳᠤᠤᠷ᠎ᠠ ᠠᠮᠠᠷᠬᠠᠨ ᠢᠳᠡᠭᠳᠡᠭᠦᠯᠬᠦ ᠭᠤᠤ ᠪᠣᠶ ᠪᠣᠯᠤᠨ᠎ᠠ᠃ ᠡᠭᠦᠨ ᠤ ᠬᠠᠮᠲᠤ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠲᠠᠷᠢᠶᠠᠨ ᠭᠠᠵᠠᠷ ᠤᠨ ᠬᠠᠭᠠᠯᠪᠤᠷᠢᠯᠠᠬᠤ ᠨᠣᠷᠮ᠎ᠠ ᠨᠢ ᠥᠨᠳᠥᠷ᠂ ᠭᠠᠵᠠᠷ ᠤᠨ ᠪᠠᠶᠢᠴᠠ ᠶᠢᠨ ᠨᠠᠯᠠᠤ ᠪᠡᠯ ᠨᠢ ᠣᠷᠳᠣ᠂ ᠨᠠᠯᠠᠤ ᠳᠠᠭᠠᠤ ᠲᠠᠷᠢᠶᠠᠯᠠᠬᠤ ᠪᠣᠯ ᠭᠤᠣᠯ ᠲᠠᠷᠢᠶᠠᠯᠠᠬᠤ ᠠᠷᠭ᠎ᠠ ᠮᠠᠶ᠋ᠢᠭ ᠪᠣᠯᠤᠨ᠎ᠠ᠂ ᠤᠰᠤ ᠲᠠᠲᠠᠷᠠᠭᠤᠯᠬᠤ᠂ ᠤᠰᠤ ᠬᠠᠰᠢᠬᠤ ᠵᠡᠷᠭᠡ ᠤᠷᠤᠰᠬᠠᠯ ᠢ ᠲᠣᠬᠢᠷᠠᠭᠤᠯᠤᠨ ᠡᠵᠡᠮᠳᠡᠬᠦ ᠲᠥᠬᠦᠷᠵᠢᠭᠰᠡᠨ ᠪᠡᠯᠡᠳᠬᠡᠮᠵᠢ ᠳᠤᠲᠠᠮᠠᠭ ᠠᠴᠠ ᠪᠣᠯᠵᠤ᠂ ᠨᠠᠯᠠᠤ ᠲᠠᠷᠢᠶᠠᠨ ᠭᠠᠵᠠᠷ ᠤᠨ ᠤᠰᠤ ᠬᠤᠷᠠᠬᠤ ᠬᠡᠮᠵᠢᠶ᠎ᠡ ᠨᠢ ᠶᠡᠭᠡ᠂ ᠤᠰᠤ ᠬᠤᠷᠠᠬᠤ ᠶᠠᠪᠤᠴᠠ ᠨᠢ ᠣᠬᠤᠷ᠂ ᠤᠰᠤᠨ ᠤ ᠤᠷᠤᠰᠬᠠᠯ ᠤᠨ ᠬᠡᠮᠵᠢᠶ᠎ᠡ ᠶᠡᠭᠡ᠂ ᠤᠷᠤᠰᠬᠠᠬᠤ ᠬᠦᠴᠦᠨ ᠨᠢ ᠴᠢᠩᠭ᠎ᠠ ᠪᠠᠶᠢᠵᠤ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢᠨ ᠪᠤᠶᠢᠵᠢᠯᠲᠠ ᠶᠢᠨ ᠥᠷᠭᠡᠵᠢᠯ ᠢ ᠤᠯᠠᠮ ᠨᠢᠭᠡ ᠠᠯᠬᠤᠮ ᠬᠤᠷᠴᠠᠳᠬᠠᠭᠰᠠᠨ ᠪᠠᠶᠢᠨ᠎ᠠ᠃  ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠲᠠᠢ ᠬᠠᠮᠲᠤᠷᠠᠨ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢᠨ ᠵᠠᠰᠠᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠳᠡᠭᠡᠷᠡᠬᠢ ᠳᠤᠮᠳᠠ ᠵᠢᠵᠢᠭ ᠬᠥᠭᠵᠢᠯᠲᠡ ᠶᠢᠨ ᠬᠡᠯᠪᠡᠷᠢ ᠶᠢᠨ ᠢᠳᠡᠭᠳᠡᠭᠦᠯᠬᠦ ᠭᠤᠤ ᠪᠠᠷ ᠵᠠᠰᠠᠬᠤ ᠭᠤᠣᠯᠳᠠᠯᠭ᠎ᠠ ᠪᠣᠯᠭᠠᠨ᠂ ᠲᠥᠪ ᠪᠠ ᠣᠷᠣᠨ ᠨᠤᠲᠤᠭ ᠤᠨ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠤᠷᠲᠤ ᠶᠢᠨ ᠬᠡᠮᠵᠢᠶ᠎ᠡ ᠨᠢ 100 ᠮᠧᠲᠷ ᠠᠴᠠ ᠶᠡᠭᠡ ᠲᠠᠷᠢᠶᠠᠨ ᠭᠠᠵᠠᠷ ᠤᠨ ᠬᠥᠭᠵᠢᠯᠲᠡ ᠶᠢᠨ ᠬᠡᠯᠪᠡᠷᠢ ᠶᠢᠨ ᠢᠳᠡᠭᠳᠡᠭᠦᠯᠬᠦ ᠭᠤᠤ ᠶᠢ ᠲᠤᠰᠬᠠᠶ ᠵᠦᠢᠯ ᠤᠨ ᠢᠨᠵᠧᠨᠧᠷᠢᠩ ᠳᠤ ᠲᠦᠰᠢᠭᠯᠡᠨ ᠵᠠᠰᠠᠬᠤ ᠶᠢ ᠬᠡᠷᠡᠭᠵᠢᠭᠦᠯᠦᠨ᠎ᠡ︔ ᠣᠷᠳᠣ ᠨᠢ 100 ᠮᠧᠲᠷ ᠠᠴᠠ ᠪᠠᠭ᠎ᠠ ᠪᠠᠶᠢᠬᠤ ᠲᠠᠷᠢᠶᠠᠨ ᠭᠠᠵᠠᠷ ᠤᠨ ᠢᠳᠡᠭᠳᠡᠯ ᠤᠨ ᠭᠤᠤ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠥᠷᠥᠰᠥ ᠶᠢ ᠬᠠᠮᠠᠭᠠᠯᠠᠨ ᠲᠠᠷᠢᠶᠠᠯᠠᠬᠤ ᠲᠠᠢ ᠤᠶᠠᠯᠳᠤᠭᠤᠯᠤᠨ ᠵᠠᠰᠠᠬᠤ ᠶᠢᠨ ᠬᠠᠮᠲᠤ᠂ ᠭᠤᠤ ᠶᠢ ᠵᠥᠭᠡᠯᠡᠷᠡᠭᠦᠯᠦᠨ ᠵᠠᠰᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠭᠤᠤ ᠶᠢᠨ ᠦᠵᠦᠭᠦᠷ ᠤᠨ ᠤᠷᠤᠭᠰᠢᠯᠠᠯᠲᠠ ᠪᠠ ᠭᠤᠤ ᠡᠷᠭᠢ ᠶᠢᠨ ᠥᠷᠭᠡᠳᠬᠡᠯ ᠢ ᠬᠤᠷᠢᠭᠯᠠᠨ᠂ ᠭᠤᠤ ᠵᠠᠮ ᠤᠨ ᠬᠥᠷᠥᠰᠥ ᠶᠢ ᠬᠠᠮᠠᠭᠠᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠭᠤᠤ ᠰᠤᠪᠠᠭ ᠤᠨ ᠤᠰᠤ ᠲᠠᠲᠠᠷᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠪᠠᠷ ᠭᠤᠣᠯ ᠪᠣᠯᠭᠠᠨ᠂ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠬᠡᠷᠡᠭᠵᠢᠭᠦᠯᠵᠦ᠂ ᠰᠢᠰᠲ᠋ᠧᠮ ᠲᠠᠢ ᠵᠠᠰᠠᠵᠤ᠂ ᠰᠦᠩ ᠯᠢᠶᠣᠤ ᠶᠢᠨ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠠᠷ᠎ᠠ ᠬᠥᠷᠥᠰᠥᠲᠦ ᠣᠷᠣᠨ ᠤ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠨ᠂ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢ ᠵᠠᠰᠠᠬᠤ ᠰᠡᠳᠬᠢᠴᠡ᠂ ᠭᠤᠣᠯᠳᠠᠯᠭ᠎ᠠ᠂ ᠬᠠᠷᠠᠯᠲᠠ ᠶᠢᠨ ᠡᠭᠦᠷᠭᠡ ᠪᠣᠯᠤᠨ ᠮᠡᠷᠭᠡᠵᠢᠯ ᠤᠨ ᠱᠤᠭᠤᠮ ᠢ ᠤᠯᠠᠮ ᠨᠢᠭᠡ ᠠᠯᠬᠤᠮ       ᠲᠣᠳᠣᠷᠬᠠᠶᠢᠯᠠᠵᠤ᠂ ᠢᠳᠡᠭᠳᠡᠯ ᠤᠨ ᠭᠤᠤ ᠪᠠᠷ ᠪᠤᠶ ᠪᠣᠯᠤᠭᠰᠠᠨ ᠬᠥᠳᠡᠯᠦᠯ ᠰᠢᠯᠲᠠᠭᠠᠨ ᠪᠣᠯᠤᠨ ᠵᠢᠮ᠎ᠡ ᠳᠤ ᠴᠢᠭᠯᠡᠭᠦᠯᠦᠨ᠂ ᠲᠠᠷᠢᠶᠠᠨ ᠭᠠᠵᠠᠷ ᠤᠨ ᠤᠰᠤ ᠲᠠᠲᠠᠷᠠᠭᠤᠯᠬᠤ ᠰᠢᠨᠵᠢᠯᠡᠬᠦ ᠤᠬᠠᠭᠠᠨᠴᠢ ᠰᠢᠰᠲ᠋ᠧᠮᠵᠢ ᠶᠢ ᠪᠠᠶᠢᠭᠤᠯᠵᠤ᠂ ᠭᠤᠤ ᠰᠤᠪᠠᠭ ᠤᠨ ᠭᠤᠤ ᠶᠢᠨ ᠢᠷᠣᠭᠠᠷ ᠢ ᠪᠠᠬᠢᠵᠢᠭᠦᠯᠦᠨ ᠬᠠᠮᠠᠭᠠᠯᠠᠵᠤ᠂ ᠢᠨᠵᠧᠨᠧᠷᠢᠩ᠂ ᠠᠮᠢᠳᠤ ᠪᠣᠳᠠᠰ ᠤᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠢᠳᠡᠭᠳᠡᠯ ᠤᠨ ᠭᠤᠤ ᠶᠢᠨ ᠥᠷᠭᠡᠵᠢᠨ ᠭᠦᠨ ᠤᠷᠲᠤᠰᠬᠤ ᠶᠢ ᠰᠡᠷᠭᠡᠶᠢᠯᠡᠬᠦ ᠬᠡᠷᠡᠭᠲᠡᠶ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠢᠳᠡᠭᠳᠡᠮᠡᠯ ᠭᠤᠤ ᠶᠢ ᠵᠠᠰᠠᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷ᠎ᠠ ᠬᠥᠷᠥᠰᠥᠲᠦ ᠭᠠᠵᠠᠷ ᠰᠢᠷᠣᠶ ᠶᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠤᠨ᠂ ᠲᠥᠪ ᠪᠠ ᠣᠷᠣᠨ ᠨᠤᠲᠤᠭ ᠤᠨ ᠨᠢᠭᠲᠠ ᠬᠠᠮᠵᠢᠯᠴᠠᠭᠰᠠᠨ᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ ᠠᠵᠢᠯ ᠤᠨ ᠲᠣᠭᠲᠠᠴᠠ ᠶᠢ ᠪᠠᠶᠢᠭᠤᠯᠵᠤ᠂ ᠬᠡᠷᠡᠭᠯᠡᠬᠦ ᠪᠠ ᠠᠷᠠᠴᠢᠯᠠᠬᠤ ᠶᠢ ᠤᠶᠠᠯᠳᠤᠭᠤᠯᠤᠭᠰᠠᠨ᠂ ᠬᠠᠮᠠᠭᠠᠯᠠᠬᠤ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠭᠰᠠᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠪᠠᠶᠢᠭᠤᠯᠤᠨ᠂ ᠵᠦᠶ ᠵᠣᠬᠢᠰ ᠥᠬᠡᠶ ᠪᠠᠷ ᠬᠠᠭᠠᠯᠪᠤᠷᠢᠯᠠᠨ ᠠᠰᠢᠭᠯᠠᠬᠤ ᠠᠷᠭ᠎ᠠ ᠮᠠᠶ᠋ᠢᠭ ᠢ ᠬᠤᠪᠢᠷᠠᠭᠤᠯᠵᠤ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠵᠠᠰᠠᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠎ᠠ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号