ᠰᠢᠨᠬᠤᠸᠠ ᠬᠤᠷᠢᠶ᠎ᠠ᠄ ᠤᠰᠤᠨ ᠠᠰᠢᠭᠯᠠᠯᠲᠠ ᠶᠢᠨ ᠶᠠᠮᠤᠨ 13 ᠮᠤᠵᠢ ᠣᠷᠣᠨ ᠬᠤᠲᠠ ᠳᠤ ᠴᠢᠭᠯᠡᠭᠦᠯᠦᠨ ᠦᠶᠡᠷ ᠤᠰᠤᠲᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ IV ᠲᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2023/9/1
  ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 25 ᠤ ᠡᠳᠦᠷ ᠤᠨ ᠮᠡᠳᠡᠭᠡ ᠤᠰᠤᠨ ᠠᠰᠢᠭᠯᠠᠯᠲᠠ ᠶᠢᠨ ᠶᠠᠮᠤᠨ ᠤ 25 ᠤ ᠡᠳᠦᠷ ᠤᠨ ᠦᠶᠡᠷ ᠤᠨ ᠭᠠᠮᠰᠢᠭ ᠤᠨ ᠪᠠᠶᠢᠳᠠᠯ ᠤᠨ ᠵᠠᠷᠯᠠᠯ ᠠᠴᠠ ᠦᠵᠡᠪᠡᠯ᠂ ︽ᠤᠰᠤᠨ ᠠᠰᠢᠭᠯᠠᠯᠲᠠ ᠶᠢᠨ ᠶᠠᠮᠤᠨ ᠤ ᠦᠶᠡᠷ ᠭᠠᠩ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠦᠷᠢᠮ︾ ᠢ ᠦᠨᠳᠦᠰᠦᠯᠡᠪᠡᠯ᠂ ᠤᠰᠤᠨ ᠠᠰᠢᠭᠯᠠᠯᠲᠠ ᠶᠢᠨ ᠶᠠᠮᠤᠨ ᠤ 8 ᠳ᠋ᠤᠭᠠᠷ ᠰᠠᠷ᠎ᠠ ᠶᠢᠨ 25 ᠤ ᠡᠳᠦᠷ ᠤᠨ 11 ᠴᠠᠭ ᠲᠤ᠂ ᠵᠢᠶᠠᠩᠰᠦ᠂ ᠠᠨᠾᠦ᠋ᠢ᠂ ᠱᠠᠨᠳᠦ᠋ᠩ᠂ ᠾᠧᠨᠠᠨ᠂ ᠬᠤᠪᠸᠢ᠂ ᠬᠤᠨᠠᠨ᠂ ᠴᠦᠩᠴᠢᠩ᠂ ᠰᠧᠴᠤᠸᠠᠨ᠂ ᠭᠦᠢᠵᠸᠤ᠂ ᠶᠦᠨᠨᠠᠨ᠂ ᠲᠥᠪᠡᠳ᠂ ᠱᠠᠨᠰᠢ᠂ ᠭᠠᠨᠰᠦ ᠵᠡᠷᠭᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠳᠤ ᠴᠢᠭᠯᠡᠭᠦᠯᠦᠨ ᠦᠶᠡᠷ ᠭᠠᠩ ᠤᠨ ᠭᠠᠮᠰᠢᠭ ᠢ ᠰᠡᠷᠭᠡᠶᠢᠯᠡᠬᠦ IV ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠪᠡ᠃  ᠵᠠᠷᠯᠠᠯ ᠠᠴᠠ ᠦᠵᠡᠪᠡᠯ᠂ ᠵᠢᠱᠢᠯᠲᠡ ᠪᠠᠷ 8 ᠳ᠋ᠤᠭᠠᠷ ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ᠂ ᠪᠠᠷᠠᠭᠤᠨ ᠡᠮᠦᠨᠡᠲᠦ ᠶᠢᠨ ᠵᠡᠭᠦᠨ ᠬᠡᠰᠡᠭ ᠤᠨ ᠡᠮᠦᠨᠡᠲᠦ ᠬᠡᠰᠡᠭ᠂ ᠪᠠᠷᠠᠭᠤᠨ ᠬᠤᠶᠢᠲᠤ ᠶᠢᠨ ᠵᠡᠭᠦᠨ       ᠬᠡᠰᠡᠭ᠂ ᠬᠠᠲᠤᠨ ᠭᠤᠤᠯ ᠬᠤᠸᠠᠶᠢᠾᠧ ᠭᠤᠤᠯ᠂ ᠬᠥᠬᠡᠮᠥ᠋ᠷᠡᠨ ᠬᠤᠸᠠᠶᠢᠾᠧ ᠭᠤᠤᠯ᠂ ᠵᠢᠶᠠᠩᠨᠠᠨ ᠤ ᠵᠡᠭᠦᠨ ᠬᠤᠶᠢᠲᠤ ᠬᠡᠰᠡᠭ ᠪᠠ ᠪᠠᠷᠠᠭᠤᠨ ᠬᠡᠰᠡᠭ᠂ ᠲᠥᠪᠡᠳ ᠤᠨ ᠵᠡᠭᠦᠨ ᠡᠮᠦᠨᠡᠲᠦ ᠬᠡᠰᠡᠭ ᠵᠡᠷᠭᠡ ᠭᠠᠵᠠᠷ ᠲᠤ ᠨᠢᠭᠡ ᠤᠳᠠᠭᠠᠨ ᠤ ᠰᠢᠷᠦᠭᠦᠨ ᠪᠣᠷᠣᠭᠠᠨ ᠣᠷᠣᠬᠤ ᠪᠣᠯᠤᠨ᠎ᠠ᠃ ᠲᠡᠭᠦᠨ ᠤ ᠨᠥᠯᠥᠭᠡ ᠪᠠᠷ᠂ ᠬᠥᠬᠡᠮᠥ᠋ᠷᠡᠨ ᠤ ᠳᠡᠭᠡᠳᠦ ᠤᠷᠤᠰᠬᠠᠯ ᠤᠨ ᠭᠤᠣᠯ ᠤᠷᠤᠰᠬᠠᠯ ᠵᠢᠴᠢ ᠰᠠᠯᠪᠤᠷᠢ ᠤᠷᠤᠰᠬᠠᠯ ᠲᠦᠸᠧ ᠵᠢᠶᠠᠩ ᠮᠥᠷᠡᠨ᠂ ᠵᠢᠶᠠ ᠯᠢᠩ ᠵᠢᠶᠠᠩ ᠮᠥᠷᠡᠨ᠂ ᡂᠢ ᠱᠦᠢ ᠾᠧ ᠭᠤᠣᠯ᠂ ᠴᠢ ᠵᠢᠶᠠᠩ ᠮᠥᠷᠡᠨ᠂ ᠦᠵᠢᠶᠠᠩ ᠮᠥᠷᠡᠨ᠂ ᠬᠠᠨ ᠵᠢᠶᠠᠩ ᠮᠥᠷᠡᠨ᠂ ᠴᠢᠩ ᠵᠢᠶᠠᠩ ᠮᠥᠷᠡᠨ᠂ ᠬᠤᠸᠠᠶᠢᠾᠧ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠭᠤᠣᠯ ᠤᠷᠤᠰᠬᠠᠯ ᠵᠢᠴᠢ ᠬᠤᠸᠠᠶᠢᠾᠧ ᠭᠤᠣᠯ ᠤᠨ ᠬᠤᠶᠢᠲᠤ ᠬᠡᠰᠡᠭ ᠤᠨ ᠰᠠᠯᠪᠤᠷᠢ ᠤᠷᠤᠰᠬᠠᠯ ᠪᠣᠯᠬᠤ ᠬᠤᠩ ᠷᠤ᠋ ᠾᠧ ᠭᠤᠣᠯ᠂ ᠱᠠ ᠶᠢᠩ ᠾᠧ ᠭᠤᠣᠯ᠂ ᠸᠧ ᠾᠧ ᠭᠤᠣᠯ᠂ ᠱᠠᠨᠳᠦ᠋ᠩ ᠤᠨ ᠨᠠᠨ ᠰᠧ ᠬᠤ᠋ ᠨᠠᠭᠤᠷ ᠵᠢᠴᠢ ᠢ ᠾᠧ ᠭᠤᠣᠯ᠂ ᠱᠤ᠋ ᠾᠧ ᠭᠤᠣᠯ ᠵᠡᠷᠭᠡ ᠭᠤᠣᠯ ᠮᠥᠷᠡᠨ ᠳᠤ ᠢᠯᠡᠳᠲᠡ ᠤᠰᠤ ᠥᠰᠬᠦ ᠶᠠᠪᠤᠴᠠ ᠢᠯᠡᠷᠡᠵᠦ᠂ ᠰᠢᠷᠦᠭᠦᠨ ᠪᠣᠷᠣᠭᠠᠨ ᠤ ᠣᠷᠣᠨ ᠤ ᠳᠣᠲᠣᠷᠠᠬᠢ ᠬᠡᠰᠡᠭ ᠳᠤᠮᠳᠠ ᠵᠢᠵᠢᠭ ᠭᠤᠣᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠡᠭᠡᠭᠰᠢ ᠦᠶᠡᠷ ᠭᠠᠷᠴᠤ ᠮᠡᠳᠡᠨ᠎ᠡ᠃  ᠣᠶᠢᠯᠠᠭᠠᠭᠰᠠᠨ ᠢᠶᠠᠷ᠂ ᠤᠰᠤᠨ ᠠᠰᠢᠭᠯᠠᠯᠲᠠ ᠶᠢᠨ ᠶᠠᠮᠤᠨ ᠨᠢᠭᠡᠨᠲᠡ ᠬᠠᠮᠢᠶ᠎ᠠ ᠪᠥᠬᠦᠶ ᠮᠤᠵᠢ ᠶᠢᠨ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠪᠣᠯᠤᠨ ᠤᠰᠤᠨ ᠠᠰᠢᠭᠯᠠᠯᠲᠠ ᠶᠢᠨ ᠶᠠᠮᠤᠨ ᠤ ᠬᠥᠬᠡᠮᠥ᠋ᠷᠡᠨ᠂ ᠬᠤᠸᠠᠶᠢᠾᠧ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠳᠤ ᠮᠡᠳᠡᠭᠳᠡᠯ ᠪᠠᠭᠤᠯᠭᠠᠵᠤ᠂ ᠪᠣᠷᠣᠭᠠᠨ ᠤ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠤᠨ ᠠᠵᠢᠯ ᠪᠠ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠤᠰᠤᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ᠂ ᠳᠤᠮᠳᠠ ᠪᠠᠭ᠎ᠠ ᠭᠤᠤᠯ ᠮᠥᠷᠡᠨ ᠤ ᠦᠶᠡᠷ ᠪᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号