9 ᠳ᠋ᠦ᠋ᠭᠡᠷ ᠰᠠᠷ᠎ᠠ ᠶᠢᠨ 10 ᠤ ᠡᠳᠦᠷ᠂ ᠭᠤᠷᠪᠠᠳᠤᠭᠠᠷ ᠬᠤᠭᠤᠴᠠᠭᠠᠨ ᠤ ᠯᠠᠨᠼᠠᠩᠵᠢᠶᠠᠩ ᠮᠥᠷᠡᠨ ᠮᠸᠢᠢᠭᠤᠩ | ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠡᠭᠡᠵᠢᠩ ᠳᠤ ᠠᠮᠵᠢᠯᠲᠠ ᠲᠠᠢ | ᠶᠠᠪᠤᠭᠳᠠᠵᠤ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠲᠢᠶᠠᠨ ᠰᠢᠤᠸᠠᠢ ᠪᠢᠨ ᠶᠠᠷᠢᠶᠠᠨ ᠤ | ᠲᠠᠪᠴᠠᠩ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠳᠤᠮᠳᠠᠳᠤ ᠤᠯᠤᠰ ᠤᠨ | ᠭᠠᠳᠠᠭᠠᠳᠤ ᠶᠠᠪᠤᠳᠠᠯ ᠤᠨ ᠶᠠᠮᠤᠨ ᠤ ᠠᠽᠢᠶ᠎ᠠ ᠲᠢᠪ ᠤᠨ ᠵᠤᠷᠭᠠᠨ ᠤ ᠡᠯᠴᠢᠨ ᠰᠠᠶᠢᠳ ᠸᠠᠩ ᠹᠦ᠋ ᠺᠠᠩ᠂ ᠪᠢᠷᠮᠠ ᠶᠢᠨ | ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠶᠠᠮᠤᠨ ᠤ ᠳᠡᠳ᠋ ᠰᠠᠶᠢᠳ ᠦ᠋ ᠠᠩ ᠵᠢᠤᠸᠠᠢ ᠲᠦᠨ᠂ ᠯᠠᠤᠰ ᠤᠨ | ᠪᠠᠶᠢᠭᠠᠯᠢ ᠶᠢᠨ ᠡᠬᠢ ᠪᠠᠶᠠᠯᠢᠭ ᠪᠠ ᠣᠷᠴᠢᠨ ᠲᠣᠭᠤᠷᠢᠨ ᠤ ᠶᠠᠮᠤᠨ ᠤ ᠳᠡᠳ᠋ ᠰᠠᠶᠢᠳ ᠴᠠᠲᠨᠢᠲ ᠪᠦᠯᠠᠲ᠋ᠠ᠂ | ᠺᠠᠮᠪᠣᠵᠠ ᠶᠢᠨ ᠤᠰᠤᠨ ᠠᠰᠢᠭᠯᠠᠯᠲᠠ ᠴᠠᠭ ᠠᠭᠤᠷ ᠤᠨ ᠶᠠᠮᠤᠨ ᠤ ᠲᠥᠯᠥᠪᠵᠢᠭᠦᠯᠭᠡ ᠪᠠ ᠤᠯᠠᠨ ᠤᠯᠤᠰ ᠤᠨ | ᠬᠠᠮᠲᠤᠷᠠᠯᠴᠠᠭᠠᠨ ᠤ ᠵᠤᠷᠭᠠᠨ ᠤ ᠳᠠᠷᠤᠭ᠎ᠠ ᠺᠧᠯᠤᠺ ᠰᠠᠮᠤᠠᠨ᠂ ᠲᠠᠢ ᠤᠯᠤᠰ ᠤᠨ ᠤᠯᠤᠰ ᠤᠨ ᠤᠰᠤᠨ ᠤ ᠡᠬᠢ | ᠪᠠᠶᠠᠯᠢᠭ ᠤᠨ ᠠᠯᠪᠠᠨ ᠭᠡᠷ ᠤᠨ ᠨᠠᠷᠢᠨ ᠪᠢᠴᠢᠭ ᠤᠨ ᠳᠠᠷᠤᠭ᠎ᠠ ᠰᠦᠯᠯᠠᠰᠯᠢ ᠵᠢᠳᠢᠮᠧᠨᠲ᠋ᠤᠨ᠂ ᠸᠢᠶᠧᠲᠨᠠᠮ ᠤᠨ | ᠤᠯᠤᠰ ᠤᠨ ᠮᠸᠢᠢᠭᠤᠫ ᠺᠣᠮᠫᠠᠨᠢ ᠶᠢᠨ ᠵᠤᠷᠭᠠᠨ ᠤ ᠳᠠᠷᠤᠭ᠎ᠠ ᠷᠤᠸᠠᠨ ᠱᠢ ᠲᠦ᠋ ᠯᠢᠩ ᠡᠬᠢᠯᠡᠯᠲᠡ ᠶᠢᠨ ᠶᠣᠰᠣᠯᠠᠯ ᠳᠤ | ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ | ᠲᠢᠶᠠᠨ ᠰᠢᠤᠸᠠᠢ ᠪᠢᠨ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠯᠠᠨᠼᠠᠩᠵᠢᠶᠠᠩ ᠮᠥᠷᠡᠨ | ᠮᠸᠢᠢᠭᠤᠩ ᠮᠥᠷᠡᠨ ᠤ ᠪᠠᠶᠢᠭᠠᠯᠢ ᠶᠢᠨ ᠬᠤᠯᠪᠣᠭᠠᠰᠤ ᠨᠢ ᠳᠤᠮᠳᠠᠳᠤ ᠤᠯᠤᠰ ᠪᠣᠯᠤᠨ ᠮᠸᠢᠢᠭᠤᠩ ᠮᠥᠷᠡᠨ ᠤ ᠲᠠᠪᠤᠨ | ᠤᠯᠤᠰ ᠢ ᠬᠤᠯᠪᠣᠵᠤ᠂ ᠨᠢᠭᠡ ᠮᠥᠷᠡᠨ ᠤ ᠤᠰᠤ ᠶᠢ ᠬᠠᠮᠲᠤ ᠪᠠᠷ ᠤᠤᠭᠤᠬᠤ ᠬᠠᠮᠲᠤ ᠶᠢᠨ ᠬᠡᠷᠡᠭᠴᠡᠭᠡ ᠨᠢ ᠵᠢᠷᠭᠤᠭᠠᠨ | ᠤᠯᠤᠰ ᠤᠨ ᠪᠠᠶᠢᠭᠠᠯᠢ ᠶᠢ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠪᠠ᠃ ᠯᠠᠨᠼᠠᠩᠵᠢᠶᠠᠩ ᠮᠥᠷᠡᠨ | ᠮᠸᠢᠢᠭᠤᠩ ᠮᠥᠷᠡᠨ ᠤ ᠬᠠᠮᠲᠤᠷᠠᠯᠴᠠᠭᠠᠨ ᠤ ᠲᠣᠭᠲᠠᠴᠠ ᠪᠠᠶᠢᠭᠤᠯᠤᠭᠳᠠᠭᠰᠠᠨ 7 ᠵᠢᠯ ᠤᠨ ᠲᠤᠷᠰᠢ᠂ ᠵᠢᠷᠭᠤᠭᠠᠨ | ᠤᠯᠤᠰ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠲᠤᠭ ᠢ | ᠥᠨᠳᠥᠷ ᠮᠠᠨᠳᠤᠭᠤᠯᠵᠤ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ ᠤᠳᠤᠷᠢᠳᠬᠤ | ᠬᠥᠮᠦᠰ ᠤᠨ ᠬᠤᠷᠠᠯ ᠤᠨ ᠬᠠᠮᠲᠤ ᠶᠢᠨ ᠲᠠᠨᠢᠯᠲᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠥᠭᠵᠢᠭᠦᠯᠬᠦ ᠪᠠᠷ | ᠤᠷᠢᠲᠠᠯ ᠪᠣᠯᠭᠠᠬᠤ᠂ ᠡᠷᠬᠡ ᠲᠡᠭᠰᠢ ᠪᠠᠷ ᠵᠥᠪᠳᠡᠯᠴᠡᠬᠦ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠬᠤ᠂ | ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠲᠣᠭᠲᠠᠴᠠ ᠶᠢᠨ ᠲᠠᠪᠴᠠᠩ ᠢ | ᠦᠷᠭᠦᠯᠵᠢᠯᠡᠨ ᠲᠡᠭᠦᠯᠳᠡᠷᠵᠢᠭᠦᠯᠵᠦ᠂ ᠰᠠᠪᠠ ᠭᠠᠵᠠᠷ ᠢ ᠬᠠᠮᠲᠤ ᠪᠠᠷ ᠵᠠᠰᠠᠬᠤ ᠴᠢᠳᠠᠪᠤᠷᠢ ᠪᠠᠨ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠢ ᠭᠦᠨᠵᠡᠭᠡᠶᠢᠷᠡᠭᠦᠯᠵᠦ᠂ | ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠶᠠᠰᠤ ᠴᠢᠨᠠᠷ ᠢ | ᠳᠡᠭᠡᠭᠰᠢᠯᠡᠭᠦᠯᠵᠦ ᠲᠡᠰ ᠳᠡᠪᠰᠢᠭᠦᠯᠬᠦ᠂ ᠥᠷᠨᠢᠨ ᠬᠥᠭᠵᠢᠬᠦ ᠶᠢ ᠬᠠᠮᠲᠤ ᠪᠠᠷ ᠠᠬᠢᠭᠤᠯᠪᠠ ᠭᠡᠵᠡᠢ᠃ | ᠲᠢᠶᠠᠨ ᠰᠢᠤᠸᠠᠢ ᠪᠢᠨ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ | ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠳᠥᠷᠪᠡᠨ ᠰᠠᠨᠠᠭᠤᠯᠭ᠎ᠠ ᠳᠤᠷᠠᠳᠪᠠ᠄ | ᠨᠢᠭᠡ ᠳᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠬᠥᠭᠵᠢᠯ | ᠴᠡᠴᠡᠭᠯᠡᠯ ᠢ ᠬᠠᠮᠵᠢᠯᠴᠠᠨ ᠠᠬᠢᠭᠤᠯᠤᠨ᠎ᠠ᠃ ᠵᠢᠷᠭᠤᠭᠠᠨ ᠤᠯᠤᠰ ︽ᠠᠷᠠᠳ ᠲᠦᠮᠡᠨ ᠢ ᠳᠡᠭᠡᠳᠦᠯᠡᠬᠦ︾ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠮᠲᠤ ᠪᠠᠷ ᠠᠰᠢᠭ ᠬᠦᠷᠳᠡᠬᠦ ᠰᠡᠳᠬᠢᠬᠦᠢ ᠪᠠᠷ ᠨᠠᠷᠢᠨ | ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠠᠮᠤᠷ ᠲᠦᠪᠰᠢᠨ ᠤ ᠥᠷᠢᠰᠥᠯᠳᠦᠭᠡᠨ ᠢ ᠠᠷᠭᠠᠴᠠᠭᠠᠵᠤ᠂ ᠬᠠᠷᠢᠯᠴᠠᠨ | ᠢᠲᠡᠭᠡᠯᠴᠡᠵᠦ᠂ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠲᠡᠮᠵᠢᠵᠦ᠂ ᠡᠯ᠎ᠡ ᠲᠠᠯ᠎ᠠ ᠶᠢᠨ ᠬᠢᠨ ᠤ ᠲᠤᠰ | ᠤᠯᠤᠰ ᠤᠨ ᠢᠶᠠᠨ ᠪᠠᠶᠢᠳᠠᠯ ᠳᠤ ᠰᠠᠭᠤᠷᠢᠯᠠᠨ ᠤᠰᠤᠨ ᠤ ᠡᠬᠢ ᠪᠠᠶᠠᠯᠢᠭ ᠢ ᠵᠣᠬᠢᠰᠲᠠᠢ ᠨᠡᠭᠡᠭᠡᠨ ᠠᠰᠢᠭᠯᠠᠬᠤ ᠡᠷᠬᠡ ᠶᠢ | ᠬᠦᠨᠳᠦᠳᠬᠡᠬᠦ ᠬᠡᠷᠡᠭᠲᠡᠢ᠃ ᠬᠤᠶᠠᠷ ᠲᠤ᠂ ᠬᠠᠮᠲᠤᠪᠠᠷ ᠵᠥᠪᠯᠡᠵᠦ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ | ᠬᠠᠮᠲᠤᠷᠠᠯᠴᠠᠭᠠᠨ ᠤ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠯᠠᠨᠼᠠᠩᠵᠢᠶᠠᠩ ᠮᠥᠷᠡᠨ ᠮᠸᠢᠢᠭᠤᠩ | ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠰᠠᠶᠢᠳ ᠤᠨ ᠲᠠᠰ ᠤᠨ ᠬᠤᠷᠠᠯ ᠢ ᠡᠷᠭᠢᠯᠡᠬᠦ ᠶᠢ | ᠢᠳᠡᠪᠬᠢᠲᠡᠶ ᠳᠡᠮᠵᠢᠵᠦ᠂ ᠣᠯᠠᠨ ᠤᠯᠤᠰ ᠲᠤ ᠨᠥᠯᠥᠭᠡᠯᠡᠬᠦ ᠬᠦᠴᠦᠨ ᠲᠠᠢ ᠯᠠᠨᠼᠠᠩᠵᠢᠶᠠᠩ ᠮᠥᠷᠡᠨ ᠮᠸᠢᠢᠭᠤᠩ | ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠬᠠᠮᠲᠤ ᠪᠠᠷ ᠪᠠᠶᠢᠭᠤᠯᠵᠤ᠂ | ᠬᠠᠮᠲᠤᠷᠠᠭᠰᠠᠨ ᠠᠵᠢᠯᠯᠠᠬᠤ ᠳᠤᠭᠤᠶᠢᠯᠠᠩ ᠤᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠯᠠᠨᠼᠠᠩᠵᠢᠶᠠᠩ | ᠮᠥᠷᠡᠨ ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠲᠥᠪ ᠤᠨ ᠲᠦᠷᠭᠡᠨ | ᠬᠥᠭᠵᠢᠬᠦ ᠶᠢ ᠳᠡᠮᠵᠢᠨ᠎ᠡ᠃ ᠭᠤᠷᠪᠠ ᠳᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠤᠰᠤ ᠬᠥᠭᠵᠢᠭᠦᠯᠵᠦ | ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠢ ᠬᠡᠷᠡᠭᠵᠢᠭᠦᠯᠬᠦ ᠶᠢ ᠠᠬᠢᠭᠤᠯᠤᠨ᠎ᠠ᠃ ᠯᠠᠨᠼᠠᠩᠵᠢᠶᠠᠩ ᠮᠥᠷᠡᠨ | ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ ᠪᠣᠳᠠᠲᠠᠶ ᠶᠢ ᠡᠷᠬᠢᠮᠯᠡᠬᠦ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠰᠤ ᠶᠢ ᠬᠥᠭᠵᠢᠭᠦᠯᠵᠦ ᠠᠷᠠᠳ ᠲᠤ | ᠠᠰᠢᠭ ᠬᠦᠷᠲᠡᠭᠡᠬᠦ ᠲᠥᠯᠥᠪᠯᠡᠭᠡ︾ ᠶᠢᠨ ᠲᠣᠭᠤᠷᠢᠨ ᠳᠤ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠰᠤᠨ ᠤ | ᠡᠬᠢ ᠪᠠᠶᠠᠯᠢᠭ ᠤᠨ ᠬᠠᠮᠲᠤᠷᠠᠯᠴᠠᠭᠠᠨ ᠤ ᠲᠤᠰᠬᠠᠶ ᠰᠠᠭᠤᠷᠢ ᠮᠥᠩᠭᠦ ᠶᠢᠨ ᠤᠰᠤᠨ ᠳᠤ ᠬᠤᠯᠪᠣᠭᠳᠠᠬᠤ ᠲᠥᠷᠥᠯ | ᠵᠦᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ | ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠤᠨ ᠵᠠᠯᠭᠠᠮᠵᠢ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠲᠦᠷᠪᠡ ᠳᠤ᠂ ᠰᠣᠯᠢᠯᠴᠠᠭ᠎ᠠ ᠬᠢᠵᠦ ᠬᠠᠷᠢᠯᠴᠠᠨ | ᠲᠤᠯᠢ ᠪᠣᠯᠭᠠᠬᠤ ᠶᠢ ᠪᠠᠷᠢᠮᠲᠠᠯᠠᠵᠤ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ ᠤᠰᠤᠨ ᠤ | ᠦᠯᠢᠭᠡᠷ ᠢ ᠬᠠᠮᠲᠤ ᠪᠠᠷ ᠰᠠᠶᠢᠲᠤᠷ ᠶᠠᠷᠢᠨ᠎ᠠ᠃ ᠰᠠᠪᠠ ᠭᠠᠵᠠᠷ ᠤᠨ ᠡᠯ᠎ᠡ ᠤᠯᠤᠰ ᠤᠨ ᠤᠰᠤ ᠵᠠᠰᠠᠬᠤ ᠰᠡᠳᠬᠢᠴᠡ ᠪᠠ | ᠤᠰᠤ ᠵᠠᠰᠠᠬᠤ ᠲᠤᠷᠰᠢᠯᠭ᠎ᠠ ᠶᠢᠨ ᠰᠣᠯᠢᠯᠴᠠᠭ᠎ᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠤᠰᠤᠨ ᠤ ᠡᠬᠢ | ᠪᠠᠶᠠᠯᠢᠭ ᠤᠨ ᠬᠦᠷᠢᠶᠡᠨ ᠳᠠᠬᠢ ᠬᠥᠮᠦᠰ ᠤᠨ ᠶᠠᠪᠤᠯᠴᠠᠭ᠎ᠠ ᠪᠠ ᠮᠡᠷᠭᠡᠵᠢᠯ ᠤᠨ ᠰᠣᠯᠢᠯᠴᠠᠭ᠎ᠠ ᠶᠢ ᠲᠦᠯᠬᠢᠨ | ᠠᠬᠢᠭᠤᠯᠵᠤ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ ᠤᠰᠤᠨ ᠤ ᠰᠣᠶᠣᠯ ᠢ | ᠪᠤᠶᠢᠵᠢᠭᠤᠯᠤᠨ᠎ᠠ᠃ | ᠸᠠᠩ ᠹᠦ᠋ ᠺᠠᠩ ᠡᠯᠴᠢᠨ ᠰᠠᠶᠢᠳ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠰᠤᠨ ᠤ ᠡᠬᠢ | ᠪᠠᠶᠠᠯᠢᠭ ᠤᠨ ᠬᠠᠮᠲᠤᠷᠠᠯᠴᠠᠭ᠎ᠠ ᠶᠢ ᠭᠦᠢᠴᠡᠳ ᠨᠤᠲᠠᠯᠠᠵᠤ᠂ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭ᠎ᠠ ᠪᠣᠯ | ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ ᠲᠡᠷᠢᠭᠦᠨ ᠴᠢᠬᠤᠯᠠ ᠬᠦᠷᠢᠶ᠎ᠡ ᠪᠣᠯᠤᠨ᠎ᠠ᠂ ᠪᠠᠰᠠ | ᠴᠤ ᠬᠠᠮᠲᠤᠷᠠᠯᠴᠠᠭᠠᠨ ᠤ ᠬᠢᠯᠠᠰ ᠴᠡᠭ ᠤᠨ ᠬᠢᠯᠠᠰ ᠴᠡᠭ ᠪᠣᠯᠤᠨ᠎ᠠ᠂ ᠵᠢᠷᠭᠤᠭᠠᠨ ᠤᠯᠤᠰ ᠤᠨ ᠣᠷᠣᠨ ᠪᠦᠰᠡ ᠶᠢᠨ | ᠵᠠᠰᠠᠯᠲᠠ ᠶᠢ ᠲᠡᠭᠦᠯᠳᠡᠷᠵᠢᠭᠦᠯᠬᠦ ᠳᠤ ︽ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠢ ᠤᠬᠠᠭᠠᠨ︾ ᠢ | ᠨᠡᠮᠡᠷᠢᠯᠡᠪᠡ᠃ ᠺᠠᠮᠪᠣᠵᠠ᠂ ᠯᠠᠤᠰ᠂ ᠪᠢᠷᠮᠠ᠂ ᠲᠠᠢ ᠤᠯᠤᠰ᠂ ᠸᠢᠶᠧᠲᠨᠠᠮ ᠤᠨ ᠲᠥᠯᠥᠭᠡᠯᠡᠭᠴᠢ ᠯᠠᠨᠼᠠᠩᠵᠢᠶᠠᠩ | ᠮᠥᠷᠡᠨ ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠳᠡᠭᠡᠳᠦ | ᠬᠡᠮᠵᠢᠶ᠎ᠡ ᠪᠠᠷ ᠦᠨᠡᠯᠡᠭᠰᠡᠨ ᠪᠥᠭᠡᠳ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ | ᠬᠠᠮᠲᠤᠷᠠᠯᠴᠠᠭ᠎ᠠ ᠳᠤ ᠦᠷᠭᠦᠯᠵᠢᠯᠡᠨ ᠣᠷᠣᠯᠴᠠᠬᠤ ᠪᠠ ᠭᠦᠨᠵᠡᠭᠡᠶᠢᠷᠡᠭᠦᠯᠬᠦ ᠲᠤᠬᠠᠢ ᠢᠳᠡᠪᠬᠢᠲᠡᠢ ᠰᠠᠨᠠᠭᠤᠯᠭ᠎ᠠ | ᠳᠤᠷᠠᠳᠴᠠᠢ᠃ ᠬᠤᠷᠠᠯ ᠳᠡᠭᠡᠷ᠎ᠡ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ | ᠬᠠᠮᠲᠤᠷᠠᠯᠴᠠᠭᠠᠨ ᠤ ᠬᠠᠮᠲᠤᠷᠠᠭᠰᠠᠨ ᠠᠵᠢᠯᠯᠠᠬᠤ ᠳᠤᠭᠤᠶᠢᠯᠠᠩ ᠪᠣᠯᠤᠨ ᠮᠸᠢᠢᠭᠤᠩ ᠮᠥᠷᠡᠨ ᠤ ᠡᠬᠢ ᠪᠠᠶᠠᠯᠢᠭ ᠤᠨ | ᠬᠠᠮᠲᠤᠷᠠᠯᠴᠠᠭᠠᠨ ᠤ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢ ᠲᠤᠰ ᠲᠤᠰ ᠲᠠᠨᠢᠯᠴᠠᠭᠤᠯᠪᠠ᠃ | ᠶᠠᠷᠢᠶᠠᠨ ᠤ ᠲᠠᠪᠴᠠᠩ ᠤᠨ ᠬᠤᠭᠤᠴᠠᠭᠠᠨ ᠳᠤ᠂ ᠲᠢᠶᠠᠨ ᠰᠢᠤᠸᠠᠢ ᠪᠢᠨ ᠤᠷᠢᠳ ᠬᠤᠵᠢᠳ ᠪᠢᠷᠮᠠ ᠶᠢᠨ ᠵᠠᠮ | ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠶᠠᠮᠤᠨ ᠤ ᠳᠡᠳ᠋ ᠰᠠᠶᠢᠳ ᠦ᠋ ᠠᠩ ᠵᠢᠤᠸᠠᠢ ᠲᠦᠨ᠂ ᠯᠠᠤᠰ ᠤᠨ | ᠪᠠᠶᠢᠭᠠᠯᠢ ᠶᠢᠨ ᠡᠬᠢ ᠪᠠᠶᠠᠯᠢᠭ ᠪᠠ ᠣᠷᠴᠢᠨ ᠲᠣᠭᠤᠷᠢᠨ ᠤ ᠶᠠᠮᠤᠨ ᠤ ᠳᠡᠳ᠋ ᠰᠠᠶᠢᠳ ᠴᠠᠲᠨᠢᠲ ᠪᠦᠯᠠᠲ᠋ᠠ᠂ | ᠮᠸᠢᠢᠭᠤᠩ ᠤᠨ ᠵᠥᠪᠯᠡᠯ ᠤᠨ ᠨᠠᠷᠢᠨ ᠪᠢᠴᠢᠭ ᠤᠨ ᠭᠠᠵᠠᠷ ᠤᠨ ᠲᠡᠷᠢᠭᠦᠨ ᠭᠦᠢᠴᠡᠳᠬᠡᠭᠴᠢ ᠳᠠᠷᠤᠭ᠎ᠠ ᠠᠨᠠᠦ᠋ᠯᠠᠺ | ᠵᠢᠲ᠋ᠢᠺᠦᠨ ᠲᠠᠢ ᠠᠭᠤᠯᠵᠠᠵᠤ᠂ ᠲᠤᠰ ᠲᠤᠰ ᠳᠤᠮᠳᠠᠳᠤ ᠪᠢᠷᠮᠠ᠂ ᠳᠤᠮᠳᠠᠳᠤ ᠯᠠᠤᠰ ᠤᠨ ᠯᠠᠨᠼᠠᠩᠵᠢᠶᠠᠩ ᠮᠸᠢᠢᠭᠤᠩ | ᠮᠥᠷᠡᠨ ᠤ ᠡᠬᠢ ᠪᠠᠶᠠᠯᠢᠭ ᠤᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠵᠢᠴᠢ ᠮᠸᠢᠢᠭᠤᠩ ᠤᠨ | ᠵᠥᠪᠯᠡᠯ ᠯᠦᠭᠡ ᠲᠣᠭᠲᠠᠴᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠰᠠᠨᠠᠯ ᠢᠶᠠᠨ ᠰᠣᠯᠢᠯᠴᠠᠪᠠ᠃ ᠡᠤ ᠠᠩ | ᠵᠢᠤᠸᠠᠢ ᠲᠦᠨ᠂ ᠴᠠᠳ᠋ᠨᠠᠶᠢᠲ ᠪᠦᠯᠠᠲ᠋ᠠ ᠬᠤᠶᠠᠷ ᠲᠢᠶᠠᠨ ᠰᠢᠤᠸᠠᠢ ᠪᠢᠨ ᠤ ᠯᠠᠨᠼᠠᠩᠵᠢᠶᠠᠩ ᠮᠥᠷᠡᠨ ᠮᠸᠢᠢᠭᠤᠩ | ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠰᠠᠨᠠᠭᠤᠯᠭ᠎ᠠ ᠶᠢ ᠳᠡᠭᠡᠳᠦ | ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠶᠢᠨ ᠲᠠᠯ᠎ᠠ ᠶᠢᠨ ᠬᠢᠨ ᠤ ᠤᠰᠤᠨ ᠤ ᠡᠬᠢ ᠪᠠᠶᠠᠯᠢᠭ ᠤᠨ | ᠬᠦᠷᠢᠶᠡᠨ ᠳᠤ ᠲᠤᠰ ᠤᠯᠤᠰ ᠲᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ | ᠢᠯᠡᠳᠬᠡᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠰᠠᠪᠠ ᠭᠠᠵᠠᠷ ᠤᠨ ᠬᠠᠮᠢᠶᠠᠷᠤᠯᠲᠠ᠂ ᠤᠰᠤᠨ ᠰᠢᠨᠵᠢᠯᠡᠭᠡᠨ ᠤ | ᠮᠡᠳᠡᠭᠡ ᠵᠠᠩᠭᠢ᠂ ᠬᠥᠳᠡᠭᠡ ᠲᠣᠰᠬᠤᠨ ᠤ ᠤᠤᠭᠤᠬᠤ ᠤᠰᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠨ᠎ᠠ ᠭᠡᠵᠦ ᠳᠤᠷᠠᠳᠪᠠ᠃ ᠠᠨᠦ᠋ᠯᠠᠺ | ᠵᠢᠲ᠋ᠢᠺᠦ᠋ᠨ ᠳᠤᠮᠳᠠᠳᠤ ᠶᠢᠨ ᠲᠠᠯ᠎ᠠ ᠬᠢᠭᠡᠳ ᠮᠸᠢᠢᠭᠤᠦ᠋ᠨᠠ ᠶᠢᠨ ᠵᠥᠪᠯᠡᠯ ᠤᠨ ᠶᠠᠷᠢᠯᠴᠠᠭ᠎ᠠ ᠰᠣᠯᠢᠯᠴᠠᠭ᠎ᠠ᠂ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ᠂ ᠬᠠᠮᠲᠤᠷᠠᠭᠰᠠᠨ ᠰᠤᠳᠤᠯᠭᠠᠨ ᠵᠡᠷᠭᠡ ᠬᠦᠷᠢᠶᠡᠨ ᠳᠠᠬᠢ ᠢᠳᠡᠪᠬᠢᠲᠡᠢ | ᠬᠠᠮᠲᠤᠷᠠᠯᠴᠠᠭ᠎ᠠ ᠳᠤ ᠲᠠᠯᠠᠷᠬᠠᠵᠤ᠂ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠬᠠᠮᠲᠤ ᠪᠠᠷ ᠳᠡᠳ᠋ ᠣᠷᠣᠨ ᠪᠦᠰᠡ ᠶᠢᠨ | ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠪᠦᠬᠦ ᠰᠠᠪᠠ ᠭᠠᠵᠠᠷ ᠤᠨ ᠰᠠᠶᠢᠨ ᠰᠠᠶᠢᠬᠠᠨ ᠢᠷᠡᠭᠡᠳᠦᠢ ᠶᠢ | ᠬᠠᠮᠲᠤ ᠪᠠᠷ ᠴᠣᠭᠴᠠᠯᠠᠨ᠎ᠠ ᠭᠡᠵᠦ ᠢᠯᠡᠳᠬᠡᠪᠡ᠃ | ᠲᠣᠰ ᠤᠳᠠᠭ᠎ᠠ ᠶᠢᠨ ᠶᠠᠷᠢᠶᠠᠨ ᠤ ᠲᠠᠪᠴᠠᠩ ᠨᠢ ︽ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠣᠷᠣᠨ ᠪᠦᠰᠡ ᠶᠢᠨ ᠤᠰᠤᠨ ᠤ ᠠᠮᠤᠷ ᠲᠦᠪᠰᠢᠨ ᠢ ᠪᠠᠲᠤᠯᠠᠬᠤ︾ ᠪᠠᠷ ᠭᠤᠤᠯ ᠰᠡᠳᠦᠪ | ᠪᠣᠯᠭᠠᠵᠤ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠭᠠᠵᠠᠷ ᠣᠷᠣᠨ ᠤ ᠤᠰᠤᠨ ᠠᠰᠢᠭᠯᠠᠯᠲᠠ ᠶᠢᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠣᠯᠤᠨ ᠤᠰᠤᠨ ᠤ ᠠᠮᠤᠷ ᠲᠦᠪᠰᠢᠨ᠂ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠤᠰᠤ ᠲᠠᠢ | ᠬᠤᠯᠪᠣᠭᠳᠠᠬᠤ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠰᠠᠨᠠᠯ ᠢᠶᠠᠨ | ᠭᠦᠨᠵᠡᠭᠡᠶ ᠰᠣᠯᠢᠯᠴᠠᠪᠠ᠃ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ | ᠬᠠᠮᠲᠤᠷᠠᠯᠴᠠᠭᠠᠨ ᠤ ᠬᠠᠮᠲᠤᠷᠠᠭᠰᠠᠨ ᠠᠵᠢᠯᠯᠠᠬᠤ ᠳᠤᠭᠤᠶᠢᠯᠠᠩ ᠪᠣᠯᠤᠨ ᠮᠸᠢᠢᠭᠤᠩ ᠮᠥᠷᠡᠨ ᠤ ᠡᠬᠢ ᠪᠠᠶᠠᠯᠢᠭ ᠤᠨ | ᠬᠠᠮᠲᠤᠷᠠᠯᠴᠠᠭᠠᠨ ᠤ ᠵᠥᠪᠯᠡᠯ ᠣᠨᠴᠠᠭᠠᠶ ᠬᠤᠷᠠᠯ ᠬᠤᠷᠠᠯᠳᠤᠭᠤᠯᠵᠤ᠂ ᠬᠠᠮᠲᠤᠷᠠᠨ ᠰᠤᠳᠤᠯᠬᠤ᠂ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠲᠠᠪᠴᠠᠩ ᠤᠨ ᠪᠠᠶᠢᠭᠤᠯᠤᠯᠲᠠ ᠵᠡᠷᠭᠡ ᠲᠣᠭᠲᠠᠴᠠ ᠶᠢᠨ ᠬᠤᠭᠤᠷᠣᠨᠳᠣᠬᠢ ᠬᠠᠮᠲᠤᠷᠠᠯᠴᠠᠭᠠᠨ ᠤ | ᠬᠡᠷᠡᠭ ᠶᠠᠪᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃ ᠶᠠᠷᠢᠶᠠᠨ ᠤ ᠲᠠᠪᠴᠠᠩ ᠠᠴᠠ ︽ᠭᠤᠷᠪᠠᠳᠤᠭᠠᠷ | ᠬᠤᠭᠤᠴᠠᠭᠠᠨ ᠤ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ | ᠶᠠᠷᠢᠶᠠᠨ ᠤ ᠲᠠᠪᠴᠠᠩ ᠤᠨ ᠰᠠᠨᠠᠭᠠᠴᠢᠯᠠᠭ᠎ᠠ︾ ᠶᠢ ᠨᠡᠶᠢᠲᠡᠯᠡᠪᠡ᠃ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ | ᠵᠢᠷᠭᠤᠭᠠᠨ ᠤᠯᠤᠰ ᠠᠴᠠ ᠢᠷᠡᠭᠰᠡᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠵᠢᠴᠢ ᠮᠸᠢᠢᠭᠤᠩ | ᠮᠥᠷᠡᠨ ᠤ ᠵᠥᠪᠯᠡᠯ ᠤᠨ ᠨᠠᠷᠢᠨ ᠪᠢᠴᠢᠭ ᠤᠨ ᠭᠠᠵᠠᠷ ᠵᠡᠷᠭᠡ ᠤᠯᠠᠨ ᠤᠯᠤᠰ ᠤᠨ ᠪᠠᠶᠢᠭᠤᠯᠤᠮᠵᠢ ᠶᠢᠨ ᠲᠤᠰᠬᠠᠢ | ᠮᠡᠷᠭᠡᠵᠢᠯᠲᠡᠨ ᠪᠣᠯᠤᠨ ᠲᠥᠯᠥᠭᠡᠯᠡᠭᠴᠢ 120 ᠰᠢᠬᠠᠮ ᠬᠥᠮᠦᠨ ᠶᠠᠷᠢᠶᠠᠨ ᠤ ᠲᠠᠪᠴᠠᠩ ᠳᠤ ᠣᠷᠣᠯᠴᠠᠪᠠ᠃ | |