ᠰᠢᠨᠬᠤᠸᠠ ᠬᠤᠷᠢᠶᠠᠨ ᠤ ᠨᠠᠨᠨᠢᠩ ᠤᠨ 9 ᠳ᠋ᠦ᠋ᠭᠡᠷ ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ | ᠰᠡᠳᠦᠪ᠄ ᠰᠢᠨ᠎ᠡ ᠢᠷᠡᠭᠡᠳᠦᠶ ᠵᠦᠭ ᠬᠠᠮᠲᠤᠪᠠᠷ ᠤᠷᠤᠭᠰᠢᠯᠠᠵᠤ ᠣᠷᠣᠨ ᠪᠦᠰᠡ ᠶᠢᠨ ᠠᠵᠤ ᠠᠬᠤᠶ ᠶᠢᠨ | ᠰᠡᠷᠭᠦᠯᠲᠡ ᠶᠢ ᠠᠬᠢᠭᠤᠯᠤᠶ᠎ᠠ — 20 ᠳ᠋ᠤᠭᠠᠷ ᠬᠤᠭᠤᠴᠠᠭᠠᠨ ᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠦᠵᠡᠰᠭᠦᠯᠡᠩ ᠤᠨ ᠴᠤᠭᠯᠠᠭᠠᠨ ᠢ ᠪᠠᠷᠠᠯᠠᠬᠤ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠦ ᠯᠢ ᠯᠢ | 20 ᠳ᠋ᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ 9 ᠳ᠋ᠦ᠋ᠭᠡᠷ ᠰᠠᠷ᠎ᠠ ᠶᠢᠨ 16 ᠠᠴᠠ 19 ᠤ ᠡᠳᠦᠷ ᠪᠣᠯᠲᠠᠯ᠎ᠠ | ᠭᠤᠸᠠᠩᠰᠢ ᠶᠢᠨ ᠨᠠᠨᠨᠢᠩ ᠳᠤ ᠶᠠᠪᠤᠭᠳᠠᠨ᠎ᠠ᠂ ︽ᠡᠶ᠎ᠡ ᠨᠠᠶᠢᠷᠲᠠᠶ ᠪᠠᠷ ᠬᠠᠮᠲᠤ ᠣᠷᠣᠰᠢᠵᠤ ᠬᠡᠷ ᠣᠷᠣᠨ ᠢᠶᠠᠨ | ᠪᠥᠲᠥᠭᠡᠨ ᠪᠠᠶᠢᠭᠤᠯᠵᠤ᠂ ᠬᠤᠪᠢ ᠵᠠᠶᠠᠭ᠎ᠠ ᠪᠠᠨ ᠬᠠᠮᠲᠤᠳᠬᠠᠨ ᠢᠷᠡᠭᠡᠳᠦᠶ ᠵᠦᠭ ᠤᠷᠤᠭᠰᠢᠯᠠᠵᠤ ︿ᠨᠢᠭᠡ ᠪᠦᠰᠡ | ᠨᠢᠭᠡ ᠵᠠᠮ﹀ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠠᠵᠤ ᠠᠬᠤᠶ ᠶᠢᠨ ᠨᠡᠮᠡᠭᠳᠡᠯ ᠤᠨ ᠲᠥᠪ ᠢ | ᠪᠠᠶᠢᠭᠤᠯᠤᠶ᠎ᠠ︾ ᠭᠡᠬᠦ ᠭᠤᠤᠯ ᠰᠡᠳᠦᠪ ᠲᠠᠢ᠃ ᠲᠤᠰ ᠬᠤᠭᠤᠴᠠᠭᠠᠨ ᠤ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠨᠢ ᠶᠠᠮᠠᠷ ᠢᠯᠭᠠᠭ᠎ᠠ ᠲᠠᠢ ᠪᠤᠢ︖ ᠳᠤᠮᠳᠠᠳᠤ | ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠤ | ᠨᠠᠷᠢᠨ ᠪᠢᠴᠢᠭ ᠤᠨ ᠭᠠᠵᠠᠷ ᠤᠨ ᠨᠠᠷᠢᠨ ᠪᠢᠴᠢᠭ ᠤᠨ ᠳᠠᠷᠤᠭ᠎ᠠ ᠸᠧᠢ ᠴᠤᠤ ᠬᠤᠢ 11 ᠤ ᠡᠳᠦᠷ ᠵᠠᠭᠤᠴᠢᠯᠠᠭᠤᠷ ᠤᠨ | ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ︽ᠰᠢᠨ᠎ᠡ ᠠᠵᠠ ᠲᠣᠬᠢᠶᠠᠯ︾ ᠢ ᠬᠠᠮᠲᠤᠪᠠᠷ ᠡᠷᠢᠯᠬᠢᠯᠡᠨ᠎ᠡ᠄ ᠣᠷᠣᠨ ᠪᠦᠰᠡ ᠶᠢᠨ ᠠᠵᠤ ᠠᠬᠤᠢ ᠶᠢᠨ | ᠰᠡᠷᠭᠦᠯᠲᠡ ᠶᠢ ᠠᠬᠢᠭᠤᠯᠤᠨ᠎ᠠ | ᠡᠨᠡ ᠵᠢᠯ ᠪᠣᠯ ᠨᠡᠩ ᠨᠢᠭᠲᠠ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠦᠵᠡᠰᠭᠦᠯᠡᠩ ᠤᠨ ᠴᠤᠭᠯᠠᠭᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ | ᠤᠢ ᠪᠣᠯᠬᠤ ᠪᠥᠭᠡᠳ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠦᠵᠡᠰᠬᠦᠯᠡᠩ ᠤᠨ | ᠴᠤᠭᠯᠠᠭᠠᠨ ᠢ ᠡᠭᠦᠰᠭᠡᠨ ᠪᠠᠶᠢᠭᠤᠯᠤᠭᠰᠠᠨ 20 ᠳ᠋ᠤᠭᠠᠷ ᠵᠢᠯ ᠪᠣᠯᠤᠨ᠎ᠠ᠃ | ᠸᠧᠢ ᠴᠤᠤ ᠬᠤᠢ ᠲᠠᠨᠢᠯᠴᠠᠭᠤᠯᠬᠤ ᠳᠠᠭᠠᠨ᠂ ᠬᠢᠯᠢ ᠶᠢᠨ ᠭᠠᠳᠠᠨᠠᠬᠢ ᠬᠤᠳᠠᠯᠳᠤᠭᠠᠴᠢᠨ ᠰᠦᠯᠵᠢᠶᠡᠨ ᠠᠴᠠ | ᠭᠠᠳᠠᠭᠤᠷᠬᠢ ᠦᠵᠡᠰᠭᠦᠯᠡᠩ ᠳᠤ ᠣᠷᠣᠯᠴᠠᠬᠤ ᠪᠠᠨ ᠪᠦᠬᠦ ᠲᠠᠯ᠎ᠠ ᠪᠠᠷ ᠰᠡᠷᠭᠦᠭᠡᠵᠦ᠂ ᠲᠤᠰ ᠬᠤᠭᠤᠴᠠᠭᠠᠨ ᠤ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠤ ᠬᠢᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠲᠠᠪᠴᠠᠩ ᠤᠨ ᠦᠢᠯᠡᠳᠦᠯ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ᠂ ᠣᠷᠣᠨ | ᠪᠦᠰᠡ ᠶᠢᠨ ᠠᠵᠤ ᠠᠬᠤᠢ ᠶᠢᠨ ᠰᠡᠷᠭᠦᠯᠲᠡ ᠶᠢ ᠬᠦᠴᠦᠯᠡᠨ ᠠᠬᠢᠭᠤᠯᠤᠨ᠎ᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠤᠭ᠎ᠠ ᠶᠢᠨ ᠦᠵᠡᠰᠬᠦᠯᠡᠩ ᠤᠨ ᠴᠤᠭᠯᠠᠭᠠᠨ ᠤ ᠪᠥᠬᠦ ᠲᠠᠯᠠᠪᠠᠶ ᠨᠢ 10.2 ᠲᠦᠮᠡᠨ ᠲᠡᠭᠰᠢ | ᠳᠥᠷᠪᠡᠯᠵᠢᠨ ᠮᠧᠲᠷ ᠪᠠᠶᠢᠵᠤ᠂ 2000 ᠰᠢᠬᠠᠮ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠠᠶ᠃ ᠳᠤᠮᠳᠠᠳᠤ | ᠤᠯᠤᠰ ᠤᠨ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠲᠣᠭᠠᠴᠢᠯᠠᠭᠰᠠᠨ ᠠᠵᠤ ᠠᠬᠤᠶ᠂ ᠪᠣᠬᠢᠷᠲᠤᠯ | ᠥᠬᠡᠶ ᠠᠵᠤ ᠠᠬᠤᠶ ᠵᠡᠷᠭᠡ ᠰᠢᠨ᠎ᠡ ᠦᠢᠯᠡᠳᠭᠦᠨ ᠰᠢᠨ᠎ᠡ ᠮᠡᠷᠭᠡᠵᠢᠯ ᠢ ᠳᠣᠪᠤᠶᠢᠯᠭᠠᠨ ᠳᠡᠯᠭᠡᠨ ᠦᠵᠡᠭᠦᠯᠦᠨ᠎ᠡ᠃ 45 | ᠤᠯᠤᠰ ᠠᠴᠠ ᠢᠷᠡᠭᠰᠡᠨ 750 ᠰᠢᠬᠠᠮ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠪᠠ᠂ ᠡᠭᠦᠨ ᠳᠤ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ | ᠪᠠᠷᠤᠭ 640 ᠪᠠᠶᠢᠵᠤ᠂ ᠺᠠᠮᠪᠣᠵᠠ᠂ ᠢᠨᠳᠦᠨᠧᠰᠢᠶ᠎ᠠ᠂ ᠯᠠᠤᠰ᠂ ᠮᠠᠯᠠᠶᠢᠰᠢᠶ᠎ᠠ᠂ ᠪᠢᠷᠮᠠ᠂ ᠲᠠᠢ ᠤᠯᠤᠰ᠂ ᠸᠢᠶᠧᠲᠨᠠᠮ | ᠵᠡᠷᠭᠡ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ 7 ᠤᠯᠤᠰ ᠢ ᠰᠡᠷᠭᠦᠭᠡᠭᠰᠡᠨ ᠪᠠᠶᠢᠨ᠎ᠠ᠃ | ᠬᠤᠷᠠᠯ ᠤᠨ ᠬᠤᠭᠤᠴᠠᠭᠠᠨ ᠳᠤ 19 ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠡᠷᠭᠢᠯᠡᠵᠦ᠂ ᠠᠵᠤ | ᠠᠬᠤᠶ ᠠᠷᠠᠯᠵᠢᠶ᠎ᠠ᠂ ᠦᠢᠯᠡᠳᠪᠦᠷᠢᠯᠡᠯ ᠤᠨ ᠴᠢᠳᠠᠪᠤᠷᠢ᠂ ᠡᠯᠧᠺᠲᠷᠣᠨ ᠬᠤᠳᠠᠯᠳᠤᠭ᠎ᠠ ᠵᠡᠷᠭᠡ ᠬᠦᠷᠢᠶ᠎ᠡ ᠶᠢ ᠬᠠᠮᠤᠷᠴᠤ᠂ | 70 ᠭᠠᠷᠤᠶ ᠠᠵᠤ ᠠᠬᠤᠶ ᠠᠷᠠᠯᠵᠢᠶᠠᠨ ᠤ ᠠᠵᠢᠯᠯᠠᠭ᠎ᠠ ᠡᠷᠭᠢᠯᠡᠵᠦ᠂ ᠡᠨᠧᠷᠭᠢ᠂ ᠰᠢᠨ᠎ᠡ ᠮᠠᠲ᠋ᠧᠷᠢᠶᠠᠯ ᠵᠡᠷᠭᠡ | ᠬᠦᠷᠢᠶ᠎ᠡ ᠳᠤ ᠨᠢᠭᠡ ᠪᠦᠯᠦᠭ ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠠᠩᠬ᠎ᠠ ᠤᠳᠠᠭ᠎ᠠ ︽ᠪᠠᠯᠠ | ᠣᠷᠣᠭᠤᠯᠤᠯᠲᠠ ᠶᠢᠨ ᠳᠤᠮᠳᠠᠳᠤ ᠤᠯᠤᠰ — ᠭᠤᠸᠠᠩᠰᠢ ᠳᠤ ᠣᠷᠣᠬᠤ︾ ᠲᠤᠰᠬᠠᠶ ᠲᠠᠯᠠᠪᠠᠶ᠂ ᠠᠵᠤ | ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠭᠠᠷᠠᠭ ᠵᠡᠷᠭᠡ ᠠᠵᠢᠯᠯᠠᠭ᠎ᠠ ᠡᠷᠭᠢᠯᠡᠵᠦ᠂ ᠶᠠᠫᠣᠨ ᠺᠣᠷᠢᠶᠠ ᠶᠢᠨ ᠠᠵᠤ | ᠠᠬᠤᠶᠢᠯᠠᠯ ᠤᠨ ᠭᠤᠸᠠᠩᠰᠢ ᠶᠢᠨ ᠠᠶᠠᠯᠠᠯ ᠵᠡᠷᠭᠡ ᠠᠵᠢᠯᠯᠠᠭ᠎ᠠ ᠶᠢ ᠦᠷᠭᠦᠯᠵᠢᠯᠡᠨ ᠡᠷᠭᠢᠯᠡᠬᠦ ᠪᠣᠯᠤᠨ᠎ᠠ᠃ | ︽ᠰᠢᠨ᠎ᠡ ᠠᠷᠭ᠎ᠠ ᠬᠡᠮᠵᠢᠶ᠎ᠡ︾ ᠭᠠᠷᠭᠠᠪᠠ᠄ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ | ᠠᠬᠢᠭᠤᠯᠤᠨ᠎ᠠ | 20 ᠳ᠋ᠤᠭᠠᠷ ᠬᠤᠭᠤᠴᠠᠭᠠᠨ ᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ | ᠦᠵᠡᠰᠬᠦᠯᠡᠩ ᠤᠨ ᠴᠤᠭᠯᠠᠭᠠᠨ ᠨᠢ ᠥᠨᠳᠥᠷ ᠲᠦᠪᠰᠢᠨ ᠪᠥᠬᠦᠶ ᠲᠦᠷᠢᠮ ᠤᠨ ᠬᠡᠯᠪᠡᠷᠢ ᠶᠢᠨ ᠨᠡᠭᠡᠭᠡᠯᠲᠡ ᠳᠤ | ᠬᠦᠴᠦᠯᠡᠨ ᠦᠢᠯᠡᠴᠢᠯᠡᠵᠦ᠂ ᠠᠩᠬ᠎ᠠ ᠤᠳᠠᠭ᠎ᠠ ︽ᠲᠦᠷᠢᠮ ᠤᠨ ᠬᠡᠯᠪᠡᠷᠢ ᠶᠢᠨ ᠨᠡᠭᠡᠭᠡᠯᠲᠡ᠄ ᠣᠷᠣᠨ ᠪᠦᠰᠡ ᠶᠢᠨ | ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ︾ ᠭᠡᠬᠦ ᠭᠤᠤᠯ ᠰᠡᠳᠦᠪᠲᠦ ᠲᠠᠯ᠎ᠠ ᠶᠢᠨ ᠬᠤᠷᠠᠯ ᠢ | ᠡᠷᠭᠢᠯᠡᠵᠦ᠂ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ᠂ 2023 ᠳᠤᠮᠳᠠᠳᠤ | ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠣᠯᠠᠨ ᠤᠯᠤᠰ ᠤᠨ | ᠪᠠᠷᠢᠮᠵᠢᠶᠠᠵᠢᠭᠤᠯᠤᠯᠲᠠ ᠶᠢᠨ ᠶᠠᠷᠢᠶᠠᠨ ᠤ ᠲᠠᠪᠴᠠᠩ ᠵᠡᠷᠭᠡ ᠶᠢ ᠬᠤᠷᠠᠯᠳᠤᠭᠤᠯᠵᠤ᠂ ᠲᠦᠷᠢᠮ ᠲᠣᠭᠲᠠᠭᠠᠯ᠂ | ᠬᠠᠮᠢᠶᠠᠷᠤᠯᠲᠠ᠂ ᠪᠠᠷᠢᠮᠵᠢᠶ᠎ᠠ ᠵᠡᠷᠭᠡ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢᠨ ᠬᠦᠷᠢᠶᠡᠨ ᠳᠤ ᠬᠠᠮᠢᠶ᠎ᠠ ᠪᠥᠬᠦᠶ | ᠦᠷ᠎ᠡ ᠪᠦᠲᠦᠭᠡᠯ ᠪᠣᠶ ᠪᠣᠯᠬᠤ ᠶᠢ ᠠᠬᠢᠭᠤᠯᠪᠠ᠃ | ᠸᠧᠢ ᠴᠤᠤ ᠬᠤᠢ ᠲᠠᠨᠢᠯᠴᠠᠭᠤᠯᠤᠭᠰᠠᠨ ᠨᠢ᠂ ᠲᠤᠰ ᠬᠤᠭᠤᠴᠠᠭᠠᠨ ᠤ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠤᠭ᠎ᠠ ᠶᠢᠨ ᠦᠵᠡᠰᠬᠦᠯᠡᠩ ᠤᠨ ᠴᠤᠭᠯᠠᠭᠠᠨ ᠨᠢ ᠳᠤᠮᠳᠠᠳᠤ ᠤᠯᠤᠰ — ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠴᠢᠯᠥᠭᠡᠲᠦ ᠠᠷᠠᠯᠵᠢᠶᠠᠨ ᠤ ᠣᠷᠣᠨ ᠤ 3.0 ᠬᠡᠪᠯᠡᠯ ᠤᠨ ᠪᠦᠲᠦᠭᠡᠨ | ᠪᠠᠶᠢᠭᠤᠯᠤᠯᠲᠠ ᠳᠤ ᠬᠦᠴᠦᠯᠡᠨ ᠦᠢᠯᠡᠴᠢᠯᠡᠵᠦ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ | ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠠᠵᠤ ᠠᠬᠤᠶᠢᠯᠠᠯ ᠤᠨ ᠦᠵᠡᠭᠦᠯᠭᠡ ᠳᠤ ᠣᠷᠣᠯᠴᠠᠬᠤ ᠬᠡᠪᠴᠢᠶ᠎ᠡ ᠶᠢ | ᠥᠷᠭᠡᠳᠬᠡᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠤᠯᠠᠨ | ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠳᠤ ᠬᠦᠴᠦᠨ ᠨᠡᠮᠡᠷᠢᠯᠡᠵᠦ᠂ ᠤᠯᠠᠨ ᠬᠦᠷᠢᠶᠡᠨ ᠤ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠠᠬᠢᠭᠤᠯᠤᠨ᠎ᠠ ᠭᠡᠵᠡᠢ᠃ | ᠲᠤᠰ ᠬᠤᠭᠤᠴᠠᠭᠠᠨ ᠤ ᠵᠡᠭᠦᠨ ᠡᠮᠦᠨᠡᠲᠦ ᠠᠽᠢᠶ᠎ᠠ ᠶᠢᠨ ᠦᠵᠡᠰᠬᠦᠯᠡᠩ ᠤᠨ ᠴᠤᠭᠯᠠᠭᠠᠨ ᠳᠤ RCEP | ᠦᠵᠡᠭᠦᠯᠭᠡ ᠶᠢᠨ ᠲᠣᠭᠤᠷᠢᠭ ᠲᠤᠬᠢᠷᠠᠭᠤᠯᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠠᠴᠠ | ᠭᠠᠳᠠᠨᠠᠬᠢ RCEP ᠶᠢᠨ ᠪᠦᠷᠢᠯᠳᠦᠬᠦᠨ ᠤᠯᠤᠰ ᠤᠨ ᠨᠡᠷᠡᠳᠤ ᠠᠵᠤ ᠠᠬᠤᠶᠢᠯᠠᠯ ᠢ ᠨᠠᠷᠢᠨ ᠨᠢᠮᠪᠠᠢ ᠵᠣᠬᠢᠶᠠᠨ | ᠪᠠᠶᠢᠭᠤᠯᠵᠤ ᠦᠵᠡᠰᠬᠦᠯᠡᠩ ᠳᠤ ᠣᠷᠣᠯᠴᠠᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ | ᠦᠵᠡᠭᠦᠯᠭᠡ ᠶᠢᠨ ᠲᠣᠭᠤᠷᠢᠭ ᠲᠤ ᠫᠠᠺᠢᠰᠲ᠋ᠠᠨ᠂ ᠫᠤᠯᠠᠨᠳ᠋᠂ ᠬᠠᠩᠭᠠᠷᠢ ᠵᠡᠷᠭᠡ ᠤᠯᠤᠰ ᠤᠨ ᠤᠨᠴᠠᠯᠢᠬᠳᠤ | ᠪᠦᠲᠦᠭᠡᠭᠳᠡᠬᠦᠨ ᠢ ᠳᠡᠯᠭᠡᠨ ᠦᠵᠡᠭᠦᠯᠦᠨ᠎ᠡ᠃ ᠡᠭᠦᠨ ᠤ ᠬᠠᠮᠲᠤ᠂ ᠬᠤᠷᠠᠯ ᠤᠨ ᠬᠤᠭᠤᠴᠠᠭᠠᠨ ᠳᠤ ᠭᠤᠷᠪᠠᠳᠤᠭᠠᠷ | ᠬᠤᠭᠤᠴᠠᠭᠠᠨ ᠤ RCEP ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠦᠢᠯᠡᠳᠪᠦᠷᠢ ᠬᠤᠳᠠᠯᠳᠤᠭᠠᠨ ᠤ | ᠲᠦᠷᠦᠭᠦᠴᠦᠳ ᠤᠨ ᠶᠠᠷᠢᠶᠠᠨ ᠤ ᠲᠠᠪᠴᠠᠩ ᠵᠢᠴᠢ ᠬᠤᠯᠪᠣᠭᠳᠠᠯ ᠪᠥᠬᠦᠶ ᠠᠵᠢᠯᠯᠠᠭ᠎ᠠ ᠶᠢ ᠡᠷᠭᠢᠯᠡᠬᠦ ᠪᠣᠯᠤᠨ᠎ᠠ᠃ | ︽ᠰᠢᠨ᠎ᠡ ᠣᠶᠢᠯᠠᠭᠠᠭᠳᠠᠬᠤᠨ︾ ᠢ ᠢᠯᠡᠷᠡᠭᠦᠯᠵᠦ᠄ ︽ᠰᠢᠭᠢᠳᠬᠡᠮᠡᠯ ᠠᠯᠮᠠᠰ ᠢᠶᠠᠷ ᠮᠠᠩᠯᠠᠶᠢᠯᠠᠭᠤᠯᠬᠤ︾ ᠲᠠᠰ | ᠳᠡᠪᠰᠢᠭᠦᠯᠦᠨ ᠬᠥᠭᠵᠢᠭᠦᠯᠬᠦ ᠳᠤ ᠬᠦᠴᠦᠨ ᠨᠡᠮᠡᠷᠢᠯᠡᠨ᠎ᠡ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠭᠦᠯᠡᠩ ᠤᠨ ᠴᠤᠭᠯᠠᠭᠠᠨ ᠨᠢ ︽ | ᠰᠢᠵᠢᠷ ᠠᠯᠳᠠᠨ 10 ᠵᠢᠯ︾᠂ ︽ᠠᠯᠮᠠᠰ ᠤᠨ 10 ᠵᠢᠯ︾ ᠢ ᠥᠩᠭᠡᠷᠡᠭᠡᠵᠦ᠂ ᠡᠭᠦᠰᠭᠡᠨ ᠪᠠᠶᠢᠭᠤᠯᠤᠭᠰᠠᠨ 20 | ᠵᠢᠯ ᠤᠨ ᠤᠢ ᠶᠢᠨ ᠴᠢᠬᠤᠯᠠ ᠵᠠᠩᠭᠢᠯᠠᠭ᠎ᠠ ᠶᠢᠨ ᠦᠶ᠎ᠡ ᠳᠤ᠂ ︽ᠰᠢᠭᠢᠳᠬᠡᠮᠡᠯ ᠠᠯᠮᠠᠰ ᠤᠨ ᠲᠢᠲᠢᠮ︾ ᠪᠣᠯᠬᠤ ᠰᠢᠨ᠎ᠡ | ᠢᠷᠡᠭᠡᠳᠦᠢ ᠪᠠᠨ ᠤᠭᠲᠤᠨ ᠠᠪᠤᠯ᠎ᠠ᠃ ︽ᠰᠢᠭᠢᠳᠬᠡᠮᠡᠯ ᠠᠯᠮᠠᠰ ᠤᠨ ᠲᠢᠲᠢᠮ︾ ᠤᠨ ᠰᠢᠨ᠎ᠡ ᠣᠶᠢᠯᠠᠭᠠᠭᠳᠠᠬᠤᠨ ᠤ | ᠲᠣᠭᠤᠷᠢᠨ ᠳᠤ᠂ 20 ᠳ᠋ᠤᠭᠠᠷ ᠬᠤᠭᠤᠴᠠᠭᠠᠨ ᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ | ᠦᠵᠡᠰᠬᠦᠯᠡᠩ ᠤᠨ ᠴᠤᠭᠯᠠᠭᠠᠨ ᠤ ᠬᠢᠨ ᠦᠵᠦ ᠲᠥᠯᠥᠪᠯᠡᠭᠡ ᠶᠢ ᠬᠦᠴᠦᠯᠡᠨ ᠰᠠᠶᠢᠲᠤᠷ ᠬᠢᠵᠦ᠂ ᠬᠤᠶᠢᠰᠢᠳᠠ ᠶᠢᠨ | ᠲᠠᠰ ᠳᠡᠪᠰᠢᠵᠦ ᠬᠥᠭᠵᠢᠬᠦ ᠳᠤ ᠪᠠᠶᠢᠷᠢᠯᠠᠭᠤᠯᠤᠯᠲᠠ ᠬᠢᠪᠠ᠃ | ᠲᠠᠨᠢᠯᠴᠠᠭᠤᠯᠤᠭᠰᠠᠨ ᠢᠶᠠᠷ᠂ ᠲᠤᠰ ᠬᠤᠭᠤᠴᠠᠭᠠᠨ ᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠦᠵᠡᠰᠬᠦᠯᠡᠩ ᠳᠤ ᠵᠡᠭᠦᠨ ᠠᠽᠢᠶ᠎ᠠ ᠶᠢᠨ ᠦᠵᠡᠰᠬᠦᠯᠡᠩ ᠵᠢᠴᠢ ᠲᠦᠷᠦᠭᠦᠴᠦᠳ ᠤᠨ ᠬᠤᠷᠠᠯ ᠤᠨ | 20 ᠵᠢᠯ ᠤᠨ ᠤᠢ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠲᠣᠭᠤᠷᠢᠭ᠂ ᠭᠤᠸᠠᠩᠰᠢ ᠶᠢᠨ ᠨᠡᠭᠡᠭᠡᠯᠲᠡᠲᠦ | ᠬᠥᠭᠵᠢᠯᠲᠡ ᠶᠢᠨ ᠦᠵᠡᠭᠦᠯᠭᠡ ᠶᠢᠨ ᠲᠣᠭᠤᠷᠢᠭ ᠢ ᠣᠨᠴᠠᠭᠠᠶᠢᠯᠠᠨ ᠪᠠᠶᠢᠭᠤᠯᠪᠠ᠃ ᠡᠭᠦᠨ ᠤ ᠬᠠᠮᠲᠤ᠂ ᠪᠠᠰᠠ | ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠴᠢᠯᠥᠭᠡᠲᠦ ᠠᠷᠠᠯᠵᠢᠶᠠᠨ ᠤ | ᠣᠷᠣᠨ ᠤ 3.0 ᠬᠡᠪᠯᠡᠯ ᠤᠨ ᠭᠤᠣᠯᠳᠠᠯᠭ᠎ᠠ ᠲᠠᠢ ᠬᠦᠷᠢᠶ᠎ᠡ ᠪᠠ ᠬᠡᠯᠡᠯᠴᠡᠭᠡ ᠬᠢᠬᠦ ᠠᠬᠢᠴᠠ ᠲᠠᠢ ᠤᠶᠠᠯᠳᠤᠭᠤᠯᠵᠤ᠂ | ᠲᠣᠭᠠᠴᠢᠯᠠᠭᠰᠠᠨ ᠮᠡᠷᠭᠡᠵᠢᠯ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠴᠠᠭ ᠤᠨ ᠤᠷᠤᠰᠬᠠᠯ ᠤᠨ | ᠠᠮᠢᠳᠤᠷᠠᠯ ᠵᠡᠷᠭᠡ ᠦᠵᠡᠭᠦᠯᠭᠡ ᠶᠢᠨ ᠲᠣᠭᠤᠷᠢᠭ ᠢ ᠰᠢᠨ᠎ᠡ ᠪᠠᠷ ᠪᠠᠶᠢᠭᠤᠯᠵᠤ᠂ ᠬᠠᠮᠲᠤᠷᠠᠯᠴᠠᠭᠠᠨ ᠤ ᠰᠢᠨ᠎ᠡ ᠳᠠᠯᠳᠠ | ᠬᠦᠴᠦᠨ ᠢ ᠠᠭᠤᠳᠠᠯᠤᠨ᠎ᠠ᠃ | ᠢᠷᠡᠭᠡᠳᠦᠢ ᠪᠠᠨ ᠪᠠᠷᠠᠯᠠᠬᠤᠶ᠎ᠠ᠂ ᠸᠧᠢ ᠴᠤᠤ ᠬᠤᠢ ᠢᠯᠡᠷᠬᠡᠶᠢᠯᠡᠭᠰᠡᠨ ᠨᠢ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢᠭᠡᠨᠲᠡ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ | ᠴᠤᠭᠯᠠᠭᠠᠨ ᠤ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢ ᠠᠩᠬ᠎ᠠ ᠠᠯᠬᠤᠮ ᠨᠠᠶᠢᠷᠠᠭᠤᠯᠤᠨ ᠵᠣᠬᠢᠶᠠᠵᠤ᠂ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠤ | ᠢᠷᠡᠭᠡᠳᠦᠢ ᠶᠢᠨ 5 ᠠᠴᠠ 10 ᠵᠢᠯ ᠤᠨ ᠲᠡᠰ ᠳᠡᠪᠰᠢᠭᠦᠯᠦᠨ ᠬᠥᠭᠵᠢᠭᠦᠯᠬᠦ ᠴᠢᠭᠯᠡᠯ ᠢ ᠳᠤᠷᠠᠳᠴᠤ᠂ ᠪᠠᠰᠠ ︽ | ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠴᠢᠯᠥᠭᠡᠲᠦ ᠠᠷᠠᠯᠵᠢᠶᠠᠨ ᠤ | ᠣᠷᠣᠨ 3.0 ᠬᠡᠪᠯᠡᠯ ᠤᠨ ᠬᠤᠳᠠᠯᠳᠤᠭᠠᠨ ᠤ ᠲᠣᠬᠢᠶᠠᠯ ᠤᠨ ᠪᠠᠷᠠᠯᠠᠯ︾ ᠭᠡᠬᠦ ᠬᠦᠬᠡ ᠭᠠᠳᠠᠷᠳᠤ ᠪᠢᠴᠢᠭ ᠢ | ᠨᠠᠶᠢᠷᠠᠭᠤᠯᠤᠨ ᠵᠣᠬᠢᠶᠠᠵᠤ᠂ ᠦᠢᠯᠡᠴᠢᠯᠡᠭᠡᠨ ᠤ ᠠᠵᠤ ᠠᠬᠤᠶᠢᠯᠠᠯ ᠳᠡᠯᠡᠬᠡᠢ ᠶᠢᠨ ᠵᠠᠬ᠎ᠠ ᠳᠡᠯᠭᠡᠭᠦᠷ ᠢ ᠨᠡᠭᠡᠭᠡᠪᠡ᠃ | |