9 ᠳ᠋ᠦ᠋ᠭᠡᠷ ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ ᠤᠰᠤᠨ ᠠᠰᠢᠭᠯᠠᠯᠲᠠ ᠶᠢᠨ ᠶᠠᠮᠤᠨ ᠤ | ᠰᠠᠶᠢᠳ ᠯᠢ ᠭᠦᠸᠧ ᠶᠢᠩ ᠪᠡᠭᠡᠵᠢᠩ ᠳᠤ ᠤᠷᠢᠳ ᠬᠤᠵᠢᠳ ᠳᠤᠮᠳᠠᠳᠤ ᠤᠯᠤᠰ ᠲᠤ ᠢᠷᠡᠵᠦ 18 ᠳ᠋ᠤᠭᠠᠷ | ᠬᠤᠭᠤᠴᠠᠭᠠᠨ ᠤ ᠳᠡᠯᠡᠬᠡᠶ ᠶᠢᠨ ᠤᠰᠤᠨ ᠤ ᠡᠬᠢ ᠪᠠᠶᠠᠯᠢᠭ ᠤᠨ ᠶᠡᠭᠡ ᠬᠤᠷᠠᠯ ᠳᠤ ᠣᠷᠣᠯᠴᠠᠭᠰᠠᠨ ᠣᠯᠠᠨ ᠤᠯᠤᠰ ᠤᠨ | ᠰᠠᠶᠢᠳ ᠪᠠ ᠬᠠᠮᠢᠶ᠎ᠠ ᠪᠥᠬᠦᠶ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠲᠠᠢ | ᠠᠭᠤᠯᠵᠠᠵᠤ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠶᠠᠮᠤᠨ ᠤ ᠶᠡᠷᠦᠩᠬᠡᠶ ᠱᠦᠵᠢ ᠰᠢ ᠶᠢᠨ ᠫᠢᠩ ᠤᠨ | ︽ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ | ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠭᠦᠨᠵᠡᠭᠡᠶ | ᠦᠢᠯᠡᠳᠦᠯᠭᠡᠵᠢᠭᠦᠯᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠵᠤ᠂ ᠤᠰᠤᠨ ᠠᠰᠢᠭᠯᠠᠯᠲᠠ ᠶᠢᠨ ᠬᠤᠶᠠᠷ | ᠲᠠᠯᠠᠲᠤ ᠪᠠ ᠣᠯᠠᠨ ᠲᠠᠯᠠᠲᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠶ ᠪᠣᠳᠠᠲᠠᠶ ᠰᠠᠨᠠᠯ | ᠰᠠᠨᠠᠭᠤᠯᠭ᠎ᠠ ᠳᠤᠷᠠᠳᠪᠠ᠃ | | | | | | ᠯᠢ ᠭᠦᠸᠧ ᠶᠢᠩ ᠳ᠋ᠠᠨᠮᠠᠷᠺ ᠤᠨ ᠣᠷᠴᠢᠨ ᠲᠣᠭᠤᠷᠢᠨ ᠤ ᠰᠠᠶᠢᠳ ᠮᠠᠭᠨᠦ᠋ᠰ ᠾᠦᠢᠨᠢᠺ ᠲᠠᠢ ᠠᠭᠤᠯᠵᠠᠭᠰᠠᠨ | ᠳ᠋ᠠᠨᠮᠠᠷᠺ ᠤᠨ ᠣᠷᠴᠢᠨ ᠲᠣᠭᠤᠷᠢᠨ ᠤ ᠰᠠᠶᠢᠳ ᠮᠠᠭᠨᠦ᠋ᠰ ᠾᠦᠢᠨᠢᠺ ᠲᠠᠢ ᠠᠭᠤᠯᠵᠠᠬᠤ ᠳᠠᠭᠠᠨ ᠯᠢ ᠭᠦᠸᠧ | ᠶᠢᠩ ᠵᠢᠭᠠᠵᠤ ᠭᠠᠷᠭᠠᠭᠰᠠᠨ ᠨᠢ᠂ ᠳᠤᠮᠳᠠᠳᠤ ᠳ᠋ᠠᠨᠮᠠᠷᠺ ᠬᠤᠶᠠᠷ ᠤᠯᠤᠰ ᠤᠰᠤᠨ ᠠᠰᠢᠭᠯᠠᠯᠲᠠ ᠶᠢᠨ ᠬᠦᠷᠢᠶᠡᠨ ᠳᠤ | ᠤᠷᠲᠤ ᠬᠤᠭᠤᠴᠠᠭ᠎ᠠ ᠨᠥᠬᠦᠷᠰᠡᠭ ᠬᠠᠮᠵᠢᠯᠴᠠᠭᠠᠨ ᠤ ᠬᠠᠷᠢᠴᠠᠭ᠎ᠠ ᠪᠠᠨ ᠪᠠᠲᠤᠯᠠᠵᠤ᠂ ᠭᠠᠵᠠᠷ ᠳᠤᠤᠷᠠᠬᠢ ᠤᠰᠤᠨ ᠤ | ᠬᠠᠮᠢᠶᠠᠷᠤᠯᠲᠠ ᠵᠡᠷᠭᠡ ᠬᠠᠮᠲᠤ ᠶᠢᠨ ᠠᠵᠢᠯᠯᠠᠭᠠᠨ ᠤ ᠲᠠᠯ᠎ᠠ ᠳᠤ ᠡᠯᠪᠡᠭ ᠠᠮᠵᠢᠯᠲᠠ ᠣᠯᠵᠠᠶ᠃ ᠯᠢ ᠭᠦᠸᠧ ᠶᠢᠩ ᠪᠦᠬᠦ | ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠨᠥᠯᠥᠭᠡ ᠰᠢᠷᠦᠭᠦᠰᠴᠦ᠂ ᠣᠨᠴᠠᠭᠠᠢ ᠴᠠᠭ ᠠᠭᠤᠷ ᠤᠨ | ᠬᠡᠷᠡᠭ ᠤᠯᠠᠨ ᠡᠭᠦᠰᠴᠦ ᠪᠠᠶᠢᠬᠤ ᠪᠠᠶᠢᠳᠠᠯ ᠳᠣᠣᠷ᠎ᠠ᠂ ᠳᠤᠮᠳᠠᠳᠤ ᠶᠢᠨ ᠲᠠᠯ᠎ᠠ ᠶᠢᠨ ᠬᠢᠨ ᠤᠷᠢᠳᠴᠢᠯᠠᠨ ᠮᠡᠳᠡᠭᠡᠯᠡᠵᠦ | ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠲᠣᠭᠯᠠᠬᠤ ᠪᠡᠯᠡᠳᠬᠡᠯ ᠲᠥᠰᠦᠯ ᠤᠨ ᠴᠢᠳᠠᠪᠤᠷᠢ ᠪᠠᠨ | ᠳᠡᠭᠡᠭᠰᠢᠯᠡᠭᠦᠯᠦᠭᠰᠡᠨ ᠬᠢᠳᠡᠯ ᠢᠶᠠᠨ ᠲᠠᠨᠢᠯᠴᠠᠭᠤᠯᠵᠤ᠂ ᠳᠤᠷᠠᠲᠠᠶ᠎ᠠ ᠳ᠋ᠠᠨᠮᠠᠷᠺ ᠤᠨ ᠬᠢᠨ ᠲᠠᠢ ᠭᠠᠵᠠᠷ ᠳᠣᠣᠷᠠᠬᠢ | ᠤᠰᠤᠨ ᠤ ᠬᠠᠮᠢᠶᠠᠷᠤᠯᠲᠠ᠂ ᠲᠦᠢᠯ ᠤᠨ ᠦᠶᠡᠷ ᠤᠰᠤᠲᠤᠯ ᠭᠠᠩ ᠬᠠᠭᠰᠠᠷᠠᠭᠠᠨ ᠤ ᠭᠠᠮᠰᠢᠭ ᠤᠨ ᠵᠢᠮ᠎ᠡ ᠶᠣᠰᠣ ᠪᠠ | ᠵᠢᠮ᠎ᠡ ᠶᠣᠰᠣᠨ ᠤ ᠰᠤᠳᠤᠯᠭᠠᠨ᠂ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ | ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠰᠤᠨ ᠤ ᠠᠮᠤᠷ ᠲᠦᠪᠰᠢᠨ ᠤ | ᠪᠠᠲᠤᠯᠠᠭ᠎ᠠ ᠶᠢᠨ ᠴᠢᠳᠠᠪᠤᠷᠢ ᠪᠠᠨ ᠬᠠᠮᠲᠤ ᠪᠠᠷ ᠳᠡᠭᠡᠭᠰᠢᠯᠡᠭᠦᠯᠦᠨ᠎ᠡ ᠭᠡᠵᠡᠢ᠃ | | | | | | ᠯᠢ ᠭᠦᠸᠧ ᠶᠢᠩ ᠦᠽᠪᠧᠺᠰᠲ᠋ᠠᠨ ᠤ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠱᠠᠹᠺᠠᠲ᠋ᠧ | ᠬᠠᠮᠯᠠᠶᠧᠹ ᠲᠠᠢ ᠠᠭᠤᠯᠵᠠᠪᠠ | ᠦᠽᠪᠧᠺᠰᠲ᠋ᠠᠨ ᠤ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠱᠠᠹᠺᠠᠲ᠋ᠧ ᠬᠠᠮᠯᠠᠶᠧᠹ ᠲᠠᠢ | ᠠᠭᠤᠯᠵᠠᠬᠤ ᠳᠠᠭᠠᠨ᠂ ᠯᠢ ᠭᠦᠸᠧ ᠶᠢᠩ ᠳᠤᠮᠳᠠᠳᠤ ᠤᠯᠤᠰ ᠤᠨ ᠰᠢᠨ᠎ᠡ ᠱᠠᠲᠤᠨ ᠤ ᠤᠰᠤᠨ ᠠᠰᠢᠭᠯᠠᠯᠲᠠ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠪᠠᠶᠢᠳᠠᠯ᠂ ᠢᠯᠠᠩᠭᠤᠶ᠎ᠠ ︽ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ︾ ᠴᠢᠭᠯᠡᠯᠲᠡ ᠶᠢ ᠪᠠᠷᠢᠮᠲᠠᠯᠠᠨ ᠨᠠᠶᠢᠳᠠᠪᠤᠷᠢᠵᠢᠭᠤᠯᠬᠤ᠂ ᠲᠠᠷᠢᠶᠠᠯᠠᠩ ᠤᠨ | ᠤᠰᠤ ᠠᠷᠪᠢᠯᠠᠬᠤ ᠤᠰᠤᠯᠠᠯᠲᠠ ᠶᠢ ᠠᠬᠢᠭᠤᠯᠬᠤ ᠵᠡᠷᠭᠡ ᠲᠠᠯ᠎ᠠ ᠶᠢᠨ ᠲᠤᠷᠰᠢᠯᠭ᠎ᠠ ᠬᠢᠳᠡᠯ ᠢ ᠲᠠᠨᠢᠯᠴᠠᠭᠤᠯᠵᠤ᠂ | ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠶᠠᠮᠤᠨ ᠳᠤᠷᠠᠲᠠᠶ᠎ᠠ ᠦᠽᠪᠧᠺᠰᠲ᠋ᠠᠨ ᠤ ᠤᠰᠤᠨ | ᠠᠰᠢᠭᠯᠠᠯᠲᠠ ᠶᠢᠨ ᠶᠠᠮᠤᠨ ᠲᠠᠢ ᠬᠠᠮᠲᠤ ᠪᠠᠷ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ | ᠨᠠᠶᠢᠳᠠᠪᠤᠷᠢᠵᠢᠭᠤᠯᠵᠤ᠂ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠲᠦᠪᠰᠢᠨ ᠢ | ᠯᠠᠪᠳᠠᠭᠤᠨ ᠢᠶᠠᠷ ᠳᠡᠭᠡᠭᠰᠢᠯᠡᠭᠦᠯᠵᠦ᠂ ᠬᠥᠮᠦᠰ ᠤᠨ ᠰᠣᠯᠢᠯᠴᠠᠭ᠎ᠠ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠭᠠᠷ ᠬᠤᠯᠪᠣᠨ ᠳᠤᠮᠳᠠᠳᠤ ᠦᠽᠪᠧᠺᠰᠲ᠋ᠠᠨ ᠤ ᠤᠰᠤᠨ ᠠᠰᠢᠭᠯᠠᠯᠲᠠ ᠶᠢᠨ ᠬᠠᠮᠲᠤᠷᠠᠯᠴᠠᠭ᠎ᠠ ᠰᠢᠨ᠎ᠡ | ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠪᠡ᠃ | | | | | | ᠯᠢ ᠭᠦᠸᠧ ᠶᠢᠩ ᠢᠨᠳᠦᠨᠧᠰᠢᠶ᠎ᠠ ᠶᠢᠨ ᠤᠯᠠᠨ ᠨᠡᠶᠢᠲᠡ ᠶᠢᠨ ᠢᠨᠵᠧᠨᠧᠷᠢᠩ ᠪᠣᠯᠤᠨ ᠣᠷᠣᠨ ᠰᠠᠭᠤᠴᠠ ᠶᠢᠨ | ᠶᠠᠮᠤᠨ ᠤ ᠰᠠᠶᠢᠳ ᠪᠠᠰᠦ᠋ᠵᠢ ᠬᠠᠳᠢᠮᠦ᠋ᠷᠶᠦ᠋ᠸᠧᠨᠣ᠋ ᠲᠠᠢ ᠠᠭᠤᠯᠵᠠᠪᠠ | ᠢᠨᠳᠦᠨᠧᠰᠢᠶ᠎ᠠ ᠶᠢᠨ ᠤᠯᠠᠨ ᠨᠡᠶᠢᠲᠡ ᠶᠢᠨ ᠢᠨᠵᠧᠨᠧᠷᠢᠩ ᠪᠣᠯᠤᠨ ᠣᠷᠣᠨ ᠰᠠᠭᠤᠴᠠ ᠶᠢᠨ ᠶᠠᠮᠤᠨ ᠤ ᠰᠠᠶᠢᠳ | ᠪᠠᠰᠦ᠋ᠵᠢ ᠬᠠᠳᠢᠮᠦ᠋ᠷᠶᠦ᠋ᠸᠧᠨᠣ᠋ ᠲᠠᠢ ᠠᠭᠤᠯᠵᠠᠬᠤ ᠳᠠᠭᠠᠨ᠂ ᠯᠢ ᠭᠦᠸᠧ ᠶᠢᠩ ᠵᠢᠭᠠᠵᠤ ᠭᠠᠷᠭᠠᠭᠰᠠᠨ ᠨᠢ᠂ ᠬᠤᠶᠠᠷ | ᠲᠠᠯ᠎ᠠ ᠪᠠᠷ ᠢᠶᠠᠨ ᠤᠰᠤᠨ ᠠᠰᠢᠭᠯᠠᠯᠲᠠ ᠶᠢᠨ ᠬᠦᠷᠢᠶᠡᠨ ᠳᠤ ᠤᠷᠳᠤ ᠬᠤᠭᠤᠴᠠᠭᠠᠨ ᠤ ᠭᠦᠨᠵᠡᠭᠡᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃ ᠬᠤᠶᠠᠷ ᠲᠠᠯ᠎ᠠ ᠪᠠᠷ ᠢᠶᠠᠨ ︽ | ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢᠨ ᠪᠣᠷᠣ ᠲᠥᠯᠥᠪ ᠤᠨ ᠳᠣᠣᠷ᠎ᠠ ᠤᠰᠤᠨ ᠠᠰᠢᠭᠯᠠᠯᠲᠠ ᠶᠢᠨ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠲᠦᠷᠦ ᠶᠢᠨ ᠪᠤᠳᠤᠯᠭ᠎ᠠ ᠶᠢᠨ | ᠶᠠᠷᠢᠯᠴᠠᠭ᠎ᠠ ᠪᠠ ᠮᠡᠷᠭᠡᠵᠢᠯ ᠤᠨ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠬᠤ ᠶᠢ ᠬᠦᠰᠡᠵᠦ ᠪᠠᠶᠢᠨ᠎ᠠ᠂ | ᠳᠤᠮᠳᠠᠳᠤ ᠤᠯᠤᠰ ᠳᠤᠷᠠᠲᠠᠶ᠎ᠠ ᠤᠰᠤᠨ ᠴᠥᠭᠦᠷᠥᠮ ᠤᠨ ᠬᠠᠰᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ | ᠲᠤᠷᠰᠢᠯᠭ᠎ᠠ ᠪᠠᠨ ᠬᠤᠪᠢᠶᠠᠯᠴᠠᠵᠤ᠂ ᠢᠨᠳᠦᠨᠧᠰᠢᠶ᠎ᠠ ᠶᠢᠨ ᠤᠰᠤᠨ ᠴᠥᠭᠦᠷᠥᠮ ᠤᠨ ᠬᠠᠰᠢᠯᠭ᠎ᠠ ᠶᠢᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠢᠳᠡᠪᠬᠢᠲᠡᠢ ᠡᠭᠦᠷᠭᠡᠯᠡᠵᠦ᠂ ᠲᠣᠭᠠᠴᠢᠯᠠᠭᠰᠠᠨ ᠢᠬᠡᠷ᠎ᠡ ᠤᠰᠤᠨ | ᠠᠰᠢᠭᠯᠠᠯᠲᠠ ᠶᠢᠨ ᠢᠨᠵᠧᠨᠧᠷᠢᠩ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠠᠮᠲᠤ ᠪᠠᠷ ᠠᠬᠢᠭᠤᠯᠵᠤ᠂ | ᠤᠰᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠡᠢ᠃ | | | | | | ᠯᠢ ᠭᠦᠸᠧ ᠶᠢᠩ ᠳᠡᠯᠡᠬᠡᠢ ᠶᠢᠨ ᠤᠰᠤᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠯᠤᠺᠧ ᠹᠦ᠋ | ᠰᠢᠶᠦ᠋ᠨ ᠲᠠᠢ ᠠᠭᠤᠯᠵᠠᠪᠠ | ᠳᠡᠯᠡᠬᠡᠶ ᠶᠢᠨ ᠤᠰᠤᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠯᠦᠸᠧ ᠺᠧ ᠹᠦ᠋ | ᠰᠢᠶᠦ᠋ᠨ ᠲᠠᠢ ᠠᠭᠤᠯᠵᠠᠬᠤ ᠳᠠᠭᠠᠨ ᠯᠢ ᠭᠦᠸᠧ ᠶᠢᠩ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠶᠠᠮᠤᠨ | ᠪᠣᠯᠤᠨ ᠳᠡᠯᠡᠬᠡᠶ ᠶᠢᠨ ᠤᠰᠤᠨ ᠤ ᠬᠡᠷᠡᠭ ᠡᠷᠬᠢᠯᠡᠭᠴᠢᠳ ᠤᠨ ᠬᠤᠷᠠᠯ ᠤᠨ ᠨᠥᠬᠦᠷᠰᠡᠭ ᠬᠠᠮᠲᠤᠷᠠᠯᠴᠠᠭ᠎ᠠ | ᠥᠷᠨᠢᠭᠦᠯᠦᠭᠡᠳ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠢᠳᠡᠪᠬᠢᠲᠡᠶ ᠦᠨᠡᠯᠡᠭᠰᠡᠨ ᠪᠥᠭᠡᠳ ᠤᠰᠤᠨ ᠤ | ᠡᠬᠢ ᠪᠠᠶᠠᠯᠢᠭ ᠤᠨ ᠬᠠᠮᠢᠶᠠᠷᠤᠯᠲᠠ ᠶᠢᠨ ᠬᠦᠷᠢᠶᠡᠨ ᠳᠠᠬᠢ ᠤᠯᠠᠮ ᠨᠢᠭᠡ ᠠᠯᠬᠤᠮ ᠬᠠᠮᠲᠤᠷᠠᠨ ᠠᠵᠢᠯᠯᠠᠬᠤ ᠴᠢᠭᠯᠡᠯ ᠪᠠ | ᠬᠠᠷᠠᠯᠲᠠ ᠶᠢᠨ ᠲᠤᠬᠠᠶ ᠰᠠᠨᠠᠯ ᠨᠢᠭᠡᠳᠪᠡ᠃ ᠬᠤᠶᠠᠷ ᠲᠠᠯ᠎ᠠ ᠪᠠᠷ ᠢᠶᠠᠨ ᠨᠢᠭᠡᠨᠲᠡ ᠣᠯᠤᠭᠰᠠᠨ ᠬᠠᠮᠲᠤᠷᠠᠯᠴᠠᠭᠠᠨ ᠤ | ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ | ᠬᠠᠷᠢᠯᠴᠠᠨ ᠳᠡᠮᠵᠢᠵᠦ᠂ ᠲᠣᠭᠲᠠᠭᠤᠨ ᠢᠶᠠᠷ ᠬᠤᠯᠠ ᠠᠶᠠᠯᠠᠵᠤ᠂ ᠪᠦᠬᠦ ᠪᠥᠮᠪᠥᠷᠴᠡᠭ ᠤᠨ ᠤᠰᠤᠨ ᠤ ᠠᠮᠤᠷ | ᠲᠦᠪᠰᠢᠨ ᠤ ᠥᠷᠢᠰᠥᠯᠳᠦᠭᠡᠨ ᠢ ᠠᠷᠭᠠᠴᠠᠭᠠᠬᠤ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | | | | | | ᠯᠢ ᠭᠦᠸᠧ ᠶᠢᠩ ᠠᠽᠢᠶ᠎ᠠ ᠲᠢᠪ ᠤᠨ ᠤᠰᠤᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠶᠢᠨ | ᠰᠢ ᠳ᠋ᠡ ᠲᠠᠢ ᠠᠭᠤᠯᠵᠠᠪᠠ | ᠠᠽᠢᠶ᠎ᠠ ᠲᠢᠪ ᠤᠨ ᠤᠰᠤᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠶᠢᠨ ᠰᠢ ᠳ᠋ᠡ ᠲᠠᠢ | ᠠᠭᠤᠯᠵᠠᠬᠤ ᠳᠠᠭᠠᠨ᠂ ᠯᠢ ᠭᠦᠸᠧ ᠶᠢᠩ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠪᠣᠯ ᠠᠽᠢᠶ᠎ᠠ ᠲᠢᠪ ᠤᠨ | ᠤᠰᠤᠨ ᠤ ᠬᠡᠷᠡᠭ ᠡᠷᠬᠢᠯᠡᠭᠴᠢᠳ ᠤᠨ ᠬᠤᠷᠠᠯ ᠤᠨ ᠡᠭᠦᠰᠭᠡᠨ ᠪᠠᠶᠢᠭᠤᠯᠤᠭᠴᠢ ᠪᠦᠷᠢᠯᠳᠦᠬᠦᠨ ᠤᠯᠤᠰ ᠮᠥᠨ᠂ | ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠶᠠᠮᠤᠨ ᠪᠣᠯᠤᠨ ᠠᠽᠢᠶ᠎ᠠ | ᠲᠢᠪ ᠤᠨ ᠤᠰᠤᠨ ᠤ ᠬᠡᠷᠡᠭ ᠡᠷᠬᠢᠯᠡᠭᠴᠢᠳ ᠤᠨ ᠬᠤᠷᠠᠯ ᠨᠢᠭᠲᠠ ᠨᠥᠬᠦᠷᠰᠡᠭ ᠬᠠᠮᠲᠤᠷᠠᠯᠴᠠᠭ᠎ᠠ ᠪᠠᠨ ᠪᠠᠲᠤᠯᠠᠭᠰᠠᠭᠠᠷ | ᠢᠷᠡᠵᠠᠢ᠃ ᠠᠽᠢᠶ᠎ᠠ ᠲᠢᠪ ᠤᠨ ᠤᠰᠤᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠠᠪᠴᠠᠩ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠠᠽᠢᠶ᠎ᠠ ᠲᠢᠪ ᠤᠨ ᠡᠯ᠎ᠡ ᠤᠯᠤᠰ ᠯᠤᠭ᠎ᠠ ᠤᠰᠤ ᠵᠠᠰᠠᠬᠤ ᠲᠤᠷᠰᠢᠯᠭ᠎ᠠ ᠪᠠᠨ | ᠬᠤᠪᠢᠶᠠᠯᠴᠠᠵᠤ᠂ ᠤᠰᠤ ᠶᠢ ᠵᠠᠰᠠᠬᠤ ᠲᠡᠷᠢᠭᠦᠨ ᠤ ᠮᠡᠷᠭᠡᠵᠢᠯ ᠢ ᠬᠠᠷᠢᠯᠴᠠᠨ ᠰᠤᠷᠤᠯᠴᠠᠨ ᠲᠣᠯᠢᠳᠠᠵᠤ᠂ ᠤᠰᠤ ᠶᠢ | ᠵᠠᠰᠠᠬᠤ ᠴᠢᠳᠠᠪᠤᠷᠢ ᠪᠠ ᠲᠦᠪᠰᠢᠨ ᠢᠶᠠᠨ ᠬᠠᠮᠲᠤ ᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠠᠭᠤᠯᠵᠠᠯᠲᠠ ᠳᠤ ᠣᠷᠣᠯᠴᠠᠭᠰᠠᠨ ᠤᠯᠤᠰ ᠤᠨ ᠰᠠᠶᠢᠳ ᠪᠣᠯᠤᠨ ᠣᠯᠠᠨ ᠤᠯᠤᠰ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠥᠮᠦᠰ 18 ᠳ᠋ᠤᠭᠠᠷ ᠬᠤᠭᠤᠴᠠᠭᠠᠨ ᠤ ᠳᠡᠯᠡᠬᠡᠶ ᠶᠢᠨ ᠤᠰᠤᠨ ᠤ ᠡᠬᠢ | ᠪᠠᠶᠠᠯᠢᠭ ᠤᠨ ᠶᠡᠭᠡ ᠬᠤᠷᠠᠯ ᠪᠡᠭᠡᠵᠢᠩ ᠳᠤ ᠠᠮᠵᠢᠯᠲᠠ ᠲᠠᠢ ᠶᠠᠪᠤᠭᠳᠠᠭᠰᠠᠨ ᠳᠤ ᠪᠠᠶᠠᠷ ᠬᠦᠷᠭᠡᠵᠡᠶ᠂ ᠶᠡᠭᠡ ᠬᠤᠷᠠᠯ ᠨᠢ | ᠣᠯᠠᠨ ᠤᠯᠤᠰ ᠤᠨ ᠤᠰᠤᠨ ᠤ ᠡᠬᠢ ᠪᠠᠶᠠᠯᠢᠭ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠤᠨ ᠦᠢᠯᠡᠳᠦᠯ ᠢ | ᠭᠦᠢᠴᠡᠳ ᠪᠠᠳᠠᠷᠠᠭᠤᠯᠪᠠ ᠭᠡᠵᠦ ᠦᠵᠡᠪᠡ᠂ ᠡᠯ᠎ᠡ ᠲᠠᠯ᠎ᠠ ᠶᠢᠨ ᠬᠢᠨ ᠤ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠪᠡᠶᠡᠯᠡᠭᠦᠯᠬᠦ ᠶᠢ ᠠᠬᠢᠭᠤᠯᠬᠤ | ᠤᠰᠤᠨ ᠳᠤ ᠬᠤᠯᠪᠣᠭᠳᠠᠭᠰᠠᠨ ᠬᠠᠷᠠᠯᠲᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠤᠯᠠᠮ ᠴᠢᠨᠠᠭᠰᠢᠳᠠ | ᠨᠢᠭᠲᠠᠷᠠᠭᠤᠯᠪᠠ᠂ ᠡᠭᠦᠨ ᠤ ᠬᠠᠮᠲᠤ ᠳᠤᠮᠳᠠᠳᠤ ᠤᠯᠤᠰ ᠤᠨ ᠤᠰᠤ ᠵᠠᠰᠠᠭᠰᠠᠨ ᠲᠤᠷᠰᠢᠯᠭ᠎ᠠ ᠠᠷᠭ᠎ᠠ ᠬᠢᠳᠡᠯ ᠵᠢᠴᠢ | ᠪᠦᠬᠦ ᠪᠥᠮᠪᠥᠷᠴᠡᠭ ᠤᠨ ᠤᠰᠤᠨ ᠤ ᠵᠠᠰᠠᠯᠲᠠ ᠳᠤ ᠣᠷᠣᠯᠴᠠᠭᠰᠠᠨ ᠬᠤᠪᠢ ᠨᠡᠮᠡᠷᠢ ᠶᠢ ᠮᠠᠭᠲᠠᠨ ᠰᠠᠶᠢᠰᠢᠶᠠᠵᠤ | ᠪᠠᠶᠢᠬᠤ ᠪᠠᠨ ᠢᠯᠡᠳᠬᠡᠪᠡ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢᠨ ᠲᠡᠩᠴᠡᠭᠦᠷᠢ᠂ | ᠰᠢᠰᠲ᠋ᠧᠮᠲᠦ ᠵᠠᠰᠠᠯᠲᠠ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠨᠢ ᠤᠰᠤ ᠶᠢ ᠵᠠᠰᠠᠬᠤ | ᠪᠣᠳᠠᠲᠤ ᠪᠠᠶᠢᠳᠠᠯ ᠪᠣᠯᠤᠨ ᠤᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠴᠡᠭᠡ ᠳᠤ ᠪᠦᠷᠢᠮᠦᠰᠦᠨ ᠨᠡᠶᠢᠴᠡᠵᠦ | ᠪᠠᠶᠢᠨ᠎ᠠ᠂ ᠨᠠᠩ ᠣᠯᠠᠨ ᠤᠯᠤᠰ ᠲᠤ ᠳᠡᠯᠭᠡᠷᠡᠭᠦᠯᠦᠨ ᠬᠤᠪᠢᠶᠠᠯᠴᠠᠭᠤᠰᠢᠲᠠᠶ᠂ ᠳᠤᠮᠳᠠᠳᠤ ᠤᠯᠤᠰ ᠤᠨ ᠤᠰᠤᠨ | ᠠᠰᠢᠭᠯᠠᠯᠲᠠ ᠶᠢᠨ ᠶᠠᠮᠤᠨ ᠲᠠᠢ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠶᠢ ᠬᠦᠰᠡᠵᠦ ᠪᠠᠶᠢᠨ᠎ᠠ᠂ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠂ ᠬᠠᠮᠲᠤ ᠪᠠᠷ ᠲᠤᠯᠭᠠᠷᠠᠵᠤ ᠪᠠᠶᠢᠭ᠎ᠠ | ᠤᠰᠤᠨ ᠤ ᠠᠮᠤᠷ ᠲᠦᠪᠰᠢᠨ ᠤ ᠥᠷᠢᠰᠥᠯᠳᠦᠭᠡᠨ ᠢ ᠭᠠᠷ ᠬᠤᠯᠪᠤᠯᠴᠠᠨ ᠠᠷᠭᠠᠴᠠᠶ᠎ᠠ᠃ | |