ᠮᠠᠨ ᠤ ᠤᠯᠤᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠦᠨᠳᠦᠰᠦᠨ ᠴᠢᠨᠠᠷᠲᠠᠶ ᠰᠠᠶᠢᠵᠢᠷᠠᠯᠲᠠ ᠲᠠᠢ ᠪᠣᠯᠪᠠ
ᠨᠡᠶᠢᠲᠡᠯᠡᠭᠰᠡᠨ ᠴᠠᠭ᠄
2023/9/12
  ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠯᠢᠦ ᠱᠢ ᠫᠢᠩ︶ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ 11 ᠤ ᠡᠳᠦᠷ 18 ᠳ᠋ᠤᠭᠠᠷ ᠬᠤᠭᠤᠴᠠᠭᠠᠨ ᠤ ᠳᠡᠯᠡᠬᠡᠶ ᠶᠢᠨ ᠤᠰᠤᠨ ᠤ ᠡᠬᠢ ᠪᠠᠶᠠᠯᠢᠭ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠢᠯᠡᠷᠬᠡᠶᠢᠯᠡᠬᠦ ᠳᠡᠭᠡᠨ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠭᠰᠠᠨ ᠢᠶᠠᠷ᠂ ᠮᠠᠨ ᠤ ᠤᠯᠤᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠣᠶᠢᠷ᠎ᠠ ᠶᠢᠨ ᠵᠢᠯ ᠤᠳ ᠲᠤ ᠦᠨᠳᠦᠰᠦᠨ ᠴᠢᠨᠠᠷᠲᠠᠶ ᠰᠠᠶᠢᠵᠢᠷᠠᠯᠲᠠ ᠲᠠᠢ ᠪᠣᠯᠪᠠ ᠭᠡᠵᠡᠶ᠃  ᠪᠦᠷᠢᠳᠬᠡᠯ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠰᠠᠪᠠ ᠭᠠᠵᠠᠷ ᠤᠨ ᠲᠠᠯᠠᠪᠠᠶ ᠨᠢ 50 ᠲᠡᠭᠰᠢ ᠳᠥᠷᠪᠡᠯᠵᠢᠨ ᠺᠢᠯᠣᠮᠧᠲᠷ ᠵᠢᠴᠢ ᠲᠡᠭᠦᠨ ᠠᠴᠠ ᠳᠡᠭᠡᠭᠰᠢᠬᠢ ᠭᠤᠤᠯ ᠮᠥᠷᠡᠨ 45203 ᠪᠠᠶᠢᠵᠤ᠂ ᠡᠩ ᠤᠨ ᠵᠢᠯ ᠤᠨ ᠤᠰᠤᠨ ᠤ ᠲᠠᠯᠠᠪᠠᠶ ᠨᠢ 1 ᠲᠡᠭᠰᠢ ᠳᠥᠷᠪᠡᠯᠵᠢᠨ ᠺᠢᠯᠣᠮᠧᠲᠷ ᠵᠢᠴᠢ ᠲᠡᠭᠦᠨ ᠠᠴᠠ ᠳᠡᠭᠡᠭᠰᠢᠬᠢ ᠨᠠᠭᠤᠷ ᠴᠥᠭᠦᠷᠥᠮ 2865 ᠪᠠᠶᠢᠨ᠎ᠠ᠃  ︽ᠪᠢᠳᠡ ᠰᠠᠪᠠ ᠭᠠᠵᠠᠷ ᠢᠶᠠᠷ ᠨᠢᠭᠡᠴᠢ ᠪᠣᠯᠭᠠᠵᠤ᠂ ᠭᠤᠣᠯ ᠮᠥᠷᠡᠨ ᠨᠠᠭᠤᠷ ᠴᠥᠭᠦᠷᠥᠮ ᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠎ᠠ᠃ ᠤᠰᠤᠨ ᠴᠥᠭᠦᠷᠥᠮ᠂ ᠭᠤᠣᠯ ᠤᠨ ᠵᠠᠮ ᠵᠢᠴᠢ ᠬᠠᠰᠢᠯᠭ᠎ᠠ ᠳᠠᠯᠠᠩ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠢᠶᠠᠷ ᠭᠤᠣᠯ ᠪᠦᠷᠢᠯᠳᠦᠬᠦᠨ ᠪᠣᠯᠭᠠᠭᠰᠠᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠤᠰᠤᠨ ᠴᠥᠭᠦᠷᠥᠮ ᠢ 9.8 ᠲᠦᠮᠡ ᠪᠠᠶᠢᠭᠤᠯᠵᠤ᠂ ᠭᠤᠣᠯ ᠮᠥᠷᠡᠨ ᠤ ᠬᠠᠰᠢᠯᠭ᠎ᠠ ᠳᠠᠯᠠᠩ ᠢ 43 ᠲᠦᠮᠡᠨ ᠺᠢᠯᠣᠮᠧᠲᠷ ᠵᠠᠰᠠᠵᠤ᠂ ᠤᠯᠤᠰ ᠤᠨ ᠦᠶᠡᠷ ᠢ ᠲᠣᠭᠲᠠᠭᠠᠨ ᠬᠤᠷᠠᠭᠤᠯᠬᠤ ᠣᠷᠣᠨ ᠢ 98 ᠪᠠᠶᠢᠭᠤᠯᠤᠨ᠎ᠠ︾᠃ ᠯᠢ ᠭᠦᠸᠧ ᠶᠢᠩ ᠬᠡᠯᠡᠬᠦ ᠳᠡᠭᠡᠨ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠲᠤᠷᠠᠭᠰᠠᠨ ᠲᠤᠬᠢᠷᠠᠭᠤᠯᠤᠯᠳᠠ ᠶᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠬᠡᠷᠡᠭᠵᠢᠭᠦᠯᠵᠦ᠂ ᠠᠯᠢ ᠤᠯᠠᠨ ᠬᠦᠨᠳᠦ ᠨᠣᠴᠢᠲᠠᠢ ᠦᠶᠡᠷ ᠭᠠᠩ ᠤᠨ ᠭᠠᠮᠰᠢᠭ ᠢ ᠠᠮᠵᠢᠯᠲᠠ ᠲᠠᠢ ᠢᠯᠠᠨ ᠳᠠᠪᠠᠵᠠᠢ ᠭᠡᠵᠦ ᠬᠡᠯᠡᠪᠡ᠃ 2013 ᠣᠨ ᠠᠴᠠ 2022 ᠣᠨ ᠪᠣᠯᠲᠠᠯ᠎ᠠ᠂ ᠮᠠᠨ ᠤ ᠤᠯᠤᠰ ᠤᠨ ᠦᠶᠡᠷ ᠤᠰᠤᠲᠤᠯ ᠤᠨ ᠭᠠᠮᠰᠢᠭ ᠤᠨ ᠵᠢᠯ ᠤᠨ ᠳᠤᠮᠳᠠᠴᠢ ᠬᠤᠬᠢᠷᠠᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ  ᠤᠨ ᠪᠥᠬᠦ ᠥᠷᠲᠡᠭ ᠲᠤ ᠡᠵᠡᠯᠡᠬᠦ ᠬᠠᠷᠢᠴᠠᠯ ᠢ ᠳᠡᠭᠡᠷ᠎ᠡ ᠠᠷᠪᠠᠨ ᠵᠢᠯ ᠤᠨ 0.55 % ᠪᠠᠶᠢᠭᠰᠠᠨ ᠠᠴᠠ 0.27 % ᠪᠣᠯᠲᠠᠯ᠎ᠠ ᠪᠠᠭᠤᠷᠠᠭᠤᠯᠤᠨ᠎ᠠ᠃  ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠬᠡᠷᠡᠭᠵᠢᠭᠦᠯᠵᠦ᠂ ᠨᠡᠩ ᠤᠯᠠᠨ ᠭᠤᠣᠯ ᠮᠥᠷᠡᠨ ᠠᠮᠢ ᠨᠠᠰᠤ ᠪᠠᠨ ᠰᠡᠷᠭᠦᠭᠡᠵᠦ᠂ ᠨᠡᠩ ᠤᠯᠠᠨ ᠰᠠᠪᠠ ᠭᠠᠵᠠᠷ ᠲᠤ ᠠᠮᠢᠵᠢᠷᠠᠯ ᠤᠨ ᠬᠦᠴᠦᠨ ᠲᠠᠬᠢᠨ ᠢᠯᠡᠷᠡᠵᠦ       ᠪᠠᠶᠢᠨ᠎ᠠ᠃ ᠶᠦᠩ ᠳ᠋ᠢᠩ ᠾᠧ ᠭᠤᠣᠯ ᠵᠡᠷᠭᠡ ᠤᠯᠠᠨ ᠵᠢᠯ ᠤᠷᠤᠰᠬᠠᠯ ᠲᠠᠰᠤᠷᠠᠭᠰᠠᠨ ᠭᠤᠣᠯ ᠮᠥᠷᠡᠨ ᠪᠦᠬᠦ ᠱᠤᠭᠤᠮ ᠢᠶᠠᠷ ᠤᠰᠤ ᠨᠡᠪᠲᠡᠷᠡᠵᠦ᠂ ᠤᠮᠠᠷᠠᠲᠤ ᠶᠢᠨ ᠭᠡᠷᠡᠯᠲᠦ ᠰᠤᠪᠤᠳ ᠪᠠᠢ ᠶᠠᠩ ᠳ᠋ᠢᠶᠠᠨ ᠤ ᠤᠢᠢᠷ᠎ᠡ ᠶᠢᠨ ᠵᠢᠯ ᠠᠴᠠ ᠨᠠᠭᠠᠰᠢ ᠤᠰᠤᠨ ᠤ ᠲᠠᠯᠠᠪᠠᠢ 250 ᠲᠡᠭᠰᠢ ᠳᠥᠷᠪᠡᠯᠵᠢᠨ ᠺᠢᠯᠤᠮᠧᠲᠷ ᠠᠴᠠ ᠳᠡᠭᠡᠭᠰᠢ ᠳᠤ ᠲᠣᠭᠲᠠᠪᠤᠷᠢᠵᠢᠪᠠ᠃ 2013 ᠣᠨ ᠠᠴᠠ 2022 ᠣᠨ ᠪᠣᠯᠲᠠᠯ᠎ᠠ᠂ ᠪᠦᠬᠦ ᠤᠯᠤᠰ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠭᠰᠠᠨ ᠲᠠᠯᠠᠪᠠᠢ 60.2 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠬᠥᠷᠥᠰᠥ ᠰᠢᠷᠣᠢ ᠶᠢᠨ ᠢᠳᠡᠭᠳᠡᠯ ᠤᠨ ᠲᠠᠯᠠᠪᠠᠢ ᠪᠠ ᠬᠦᠴᠦᠯᠡᠴᠡ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠪᠡ᠃  ᠯᠢ ᠭᠦᠸᠧ ᠶᠢᠩ ᠢᠯᠡᠷᠬᠡᠶᠢᠯᠡᠭᠰᠡᠨ ᠨᠢ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠮᠠᠨ ᠤ ᠤᠯᠤᠰ ᠤᠨ ᠤᠰᠤᠨ ᠤ ᠡᠬᠢ ᠪᠠᠶᠠᠯᠢᠭ ᠢ ᠠᠰᠢᠭᠯᠠᠬᠤ ᠠᠷᠭ᠎ᠠ ᠬᠡᠯᠪᠡᠷᠢ ᠳᠤ ᠭᠦᠨ ᠳᠠᠪᠬᠤᠷᠭ᠎ᠠ ᠶᠢᠨ ᠬᠤᠪᠢᠰᠤᠯᠲᠠ ᠶᠢ ᠪᠡᠶᠡᠯᠡᠭᠦᠯᠪᠡ᠃ 2013 ᠣᠨ ᠠᠴᠠ 2022 ᠣᠨ ᠪᠣᠯᠲᠠᠯ᠎ᠠ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠠᠳᠠᠯᠢ ᠬᠤᠭᠤᠴᠠᠭᠠᠨ ᠤ ᠬᠢ ᠠᠴᠠ 69.7 % ᠪᠠᠷ ᠨᠡᠮᠡᠭᠳᠡᠭᠰᠡᠨ ᠪᠣᠯᠪᠠᠴᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠡᠷᠦᠩᠬᠡᠢ ᠳᠡᠭᠡᠨ 6100 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠲᠣᠭᠲᠠᠪᠤᠷᠢᠵᠢᠪᠠ᠃ ᠪᠦᠬᠦ ᠪᠥᠮᠪᠥᠷᠴᠡᠭ ᠤᠨ 6 % ᠶᠢ ᠡᠵᠡᠯᠡᠬᠦ ᠴᠡᠩᠭᠡᠭ ᠤᠰᠤᠨ ᠤ ᠡᠬᠢ ᠪᠠᠶᠠᠯᠢᠭ ᠨᠢ ᠪᠦᠬᠦ ᠪᠥᠮᠪᠥᠷᠴᠡᠭ ᠤᠨ 20 % ᠰᠢᠬᠠᠮ ᠤᠨ ᠬᠥᠮᠦᠨ ᠠᠮᠠ ᠶᠢᠨ ᠤᠰᠤ ᠬᠡᠷᠡᠭᠯᠡᠬᠦ ᠶᠢ ᠪᠠᠲᠤᠯᠠᠵᠤ᠂ ᠪᠦᠬᠦ ᠪᠥᠮᠪᠥᠷᠴᠡᠭ ᠤᠨ 18 % ᠠᠴᠠ ᠳᠡᠭᠡᠭᠰᠢᠬᠢ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠡᠭᠦᠳᠪᠡ᠃  ᠡᠭᠦᠨ ᠤ ᠬᠠᠮᠲᠤ᠂ ᠰᠠᠪᠠ ᠭᠠᠵᠠᠷ ᠤᠨ ᠪᠦᠬᠦᠯᠢ ᠴᠣᠭᠴᠠ ᠪᠠ ᠤᠰᠤᠨ ᠤ ᠡᠬᠢ ᠪᠠᠶᠠᠯᠢᠭ ᠤᠨ ᠣᠷᠣᠨ ᠵᠠᠢ ᠶᠢ ᠲᠡᠩᠴᠡᠭᠦᠷᠢᠲᠡᠢ ᠲᠤᠬᠢᠷᠠᠭᠤᠯᠬᠤ ᠳᠤ ᠰᠠᠭᠤᠷᠢᠯᠠᠨ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠢᠶᠠᠷ ᠲᠥᠯᠥᠭᠡᠯᠡᠭᠦᠯᠦᠭᠰᠡᠨ 129 ᠴᠢᠬᠤᠯᠠ ᠶᠡᠭᠡ ᠰᠠᠪᠠ ᠭᠠᠵᠠᠷ ᠠᠯᠤᠰᠯᠠᠭᠰᠠᠨ᠂ ᠣᠷᠣᠨ ᠪᠦᠰᠡ ᠠᠯᠤᠰᠯᠠᠨ ᠤᠰᠤ ᠲᠠᠲᠠᠬᠤ ᠢᠨᠵᠧᠨᠧᠷᠢᠩ ᠢ ᠬᠡᠷᠡᠭᠵᠢᠭᠦᠯᠬᠦ ᠶᠢ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠵᠤ᠂ ᠮᠠᠨ ᠤ ᠤᠯᠤᠰ ᠤᠨ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠤᠨ ᠬᠡᠷᠡᠭᠴᠡᠭᠡ ᠶᠢ ᠬᠦᠴᠦᠲᠡᠢ ᠪᠥᠭᠡᠳ ᠪᠦᠲᠦᠮᠵᠢᠲᠡᠢ ᠪᠠᠷ ᠲᠡᠩᠴᠡᠭᠦᠷᠢᠲᠡᠢ ᠪᠣᠯᠭᠠᠪᠠ᠃  18 ᠳ᠋ᠤᠭᠠᠷ ᠬᠤᠭᠤᠴᠠᠭᠠᠨ ᠤ ᠳᠡᠯᠡᠬᠡᠶ ᠶᠢᠨ ᠤᠰᠤᠨ ᠤ ᠡᠬᠢ ᠪᠠᠶᠠᠯᠢᠭ ᠤᠨ ᠶᠡᠭᠡ ᠬᠤᠷᠠᠯ ᠪᠣᠯ ᠮᠠᠨ ᠤ ᠤᠯᠤᠰ ᠤᠨ ᠠᠩᠬ᠎ᠠ ᠤᠳᠠᠭ᠎ᠠ ᠬᠤᠷᠠᠯᠳᠤᠭᠤᠯᠤᠭᠰᠠᠨ ᠳᠡᠯᠡᠬᠡᠶ ᠶᠢᠨ ᠤᠰᠤᠨ ᠤ ᠡᠬᠢ ᠪᠠᠶᠠᠯᠢᠭ ᠤᠨ ᠶᠡᠭᠡ ᠬᠤᠷᠠᠯ ᠪᠣᠯᠤᠨ᠎ᠠ᠂ ᠭᠤᠤᠯ ᠰᠡᠳᠦᠪ ᠨᠢ ︽ᠤᠰᠤ ᠬᠢᠭᠡᠳ ᠲᠦᠮᠡᠨ ᠪᠣᠳᠠᠰ᠄ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ︾ ᠪᠣᠯᠤᠨ᠎ᠠ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号