9 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠢᠯᠴᠢᠨ ᠤ | ᠶᠡᠷᠦᠩᠬᠡᠶ ᠡᠪᠯᠡᠯ ᠬᠠᠮᠲᠤᠷᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ | ᠬᠥᠭᠵᠢᠯᠲᠡ ᠶᠢᠨ ᠲᠥᠪ ᠳᠠᠭᠠᠭᠠᠴᠢᠯᠠᠨ ᠡᠷᠭᠢᠯᠡᠵᠦ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠪᠣᠯᠤᠨ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠬᠠᠮᠵᠢᠯᠴᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ | ᠬᠤᠭᠤᠴᠠᠭᠠᠨ ᠤ ᠤᠰᠤ ᠰᠢᠷᠤᠢ ᠶᠢ ᠬᠠᠮᠠᠭᠠᠯᠠᠵᠤ ᠵᠠᠰᠠᠬᠤ ᠠᠵᠢᠯᠴᠢᠨ ᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠬᠥᠬᠡᠬᠤᠲᠠ ᠳᠤ ᠡᠬᠢᠯᠡᠪᠡ᠃ ᠪᠦᠬᠦ ᠣᠷᠣᠨ ᠤ 12 ᠠᠶᠢᠮᠠᠭ ᠬᠤᠲᠠ ᠠᠴᠠ | ᠢᠷᠡᠭᠰᠡᠨ 48 ᠲᠠᠮᠢᠷᠴᠢᠨ 3 ᠡᠳᠦᠷ ᠤᠨ ᠬᠤᠭᠤᠴᠠᠭᠠᠨ ᠳᠤ ᠨᠢᠭᠡ ᠲᠠᠶᠢᠰᠠᠨ᠎ᠠ ᠤᠷᠤᠯᠳᠤᠵᠤ᠂ ᠤᠷ᠎ᠠ | ᠴᠢᠳᠠᠪᠤᠷᠢ ᠪᠠᠨ ᠦᠵᠡᠭᠦᠯᠪᠡ᠃ | | | | | | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠫᠧᠩ ᠶᠠ ᠯᠢ ᠢᠯᠡᠷᠬᠡᠶᠢᠯᠡᠭᠰᠡᠨ ᠨᠢ᠂ ᠲᠤᠰ | ᠤᠳᠠᠭᠠᠨ ᠤ ᠤᠷᠤᠯᠳᠤᠭᠠᠨ ᠢ ᠡᠷᠬᠢᠯᠡᠭᠰᠡᠨ ᠨᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠴᠢᠳᠠᠪᠤᠷᠢᠲᠠᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ | ᠦᠢᠯᠡᠳᠦᠯᠭᠡ ᠪᠣᠯᠤᠨ᠎ᠠ᠂ ᠰᠢᠨ᠎ᠡ ᠴᠠᠭ ᠦᠶ᠎ᠡ ᠶᠢᠨ ᠤᠰᠤ ᠰᠢᠷᠤᠢ ᠶᠢ ᠬᠠᠮᠠᠭᠠᠯᠠᠬᠤ ᠠᠵᠢᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ᠂ ᠪᠦᠬᠦ ᠣᠷᠣᠨ ᠤ ᠤᠰᠤ | ᠰᠢᠷᠤᠢ ᠶᠢ ᠬᠠᠮᠠᠭᠠᠯᠠᠬᠤ ᠠᠵᠢᠯ ᠡᠷᠬᠢᠯᠡᠭᠰᠡᠳ ᠤᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠳᠡᠭᠡᠳᠦ ᠤᠷ᠎ᠠ ᠮᠡᠷᠭᠡᠵᠢᠯ ᠲᠠᠢ | ᠴᠢᠳᠠᠪᠤᠷᠢᠲᠠᠨ ᠢ ᠬᠥᠮᠦᠵᠢᠭᠦᠯᠬᠦ ᠪᠦᠲᠦᠮᠵᠢᠲᠡᠢ ᠠᠷᠭ᠎ᠠ ᠵᠠᠮ ᠪᠣᠯᠤᠨ᠎ᠠ᠂ ᠤᠰᠤ ᠰᠢᠷᠤᠢ ᠶᠢ ᠬᠠᠮᠠᠭᠠᠯᠠᠬᠤ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠴᠢᠳᠠᠪᠤᠷᠢᠲᠠᠨ ᠤ ᠰᠠᠭᠤᠷᠢ ᠶᠢ ᠪᠠᠬᠢᠵᠢᠭᠦᠯᠬᠦ᠂ | ᠤᠰᠤ ᠰᠢᠷᠤᠢ ᠶᠢ ᠬᠠᠮᠠᠭᠠᠯᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ | ᠦᠢᠯᠡᠳᠦᠯ ᠦᠵᠡᠭᠦᠯᠦᠨ᠎ᠡ ᠭᠡᠪᠡ᠃ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠲᠤᠰ | ᠤᠳᠠᠭᠠᠨ ᠤ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠢᠶᠠᠷ ᠲᠣᠬᠢᠶᠠᠯ ᠪᠣᠯᠭᠠᠨ᠂ ᠳᠡᠭᠡᠳᠦ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠪᠠ ᠠᠵᠢᠯᠲᠠᠨ ᠠᠵᠢᠯᠴᠢᠨ ᠤ ᠮᠡᠷᠭᠡᠵᠢᠯ ᠤᠨ ᠴᠢᠳᠠᠪᠤᠷᠢ ᠶᠢ ᠨᠡᠶᠢᠳᠡᠮ | ᠳᠡᠭᠡᠭᠰᠢᠯᠡᠭᠦᠯᠬᠦ ᠯᠦᠭᠡ ᠤᠶᠠᠯᠳᠤᠭᠤᠯᠵᠤ᠂ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢᠨ ᠳᠡᠭᠡᠭᠰᠢᠯᠡᠯᠲᠡ ᠶᠢ | ᠳᠠᠶᠢᠴᠢᠯᠠᠬᠤ ᠬᠡᠷᠡᠭᠲᠡᠶ᠃ ᠥᠷᠭᠡᠨ ᠣᠯᠠᠨ ᠠᠵᠢᠯᠲᠠᠨ ᠠᠵᠢᠯᠴᠢᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠠᠴᠠ | ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠵᠤ᠂ ᠤᠷ᠎ᠠ ᠴᠢᠳᠠᠪᠤᠷᠢ ᠪᠠᠨ ᠬᠠᠲᠠᠭᠤᠵᠢᠯᠲᠠᠶ | ᠪᠣᠯᠪᠠᠰᠤᠷᠠᠵᠤ᠂ ᠥᠪᠡᠷ ᠢ ᠪᠠᠨ ᠰᠢᠨ᠎ᠡ ᠴᠠᠭ ᠦᠶ᠎ᠡ ᠶᠢᠨ ᠤᠰᠤ ᠰᠢᠷᠤᠢ ᠶᠢ ᠬᠠᠮᠠᠭᠠᠯᠠᠬᠤ ᠠᠵᠢᠯ ᠤᠨ ᠴᠢᠨᠠᠷ | ᠰᠠᠶᠢᠲᠠᠶ ᠬᠥᠭᠵᠢᠯᠲᠡ ᠶᠢᠨ ᠮᠡᠳᠡᠯᠭᠡ ᠶᠢᠨ ᠬᠡᠯᠪᠡᠷᠢ ᠶᠢᠨ᠂ ᠤᠷ᠎ᠠ ᠴᠢᠳᠠᠪᠤᠷᠢ ᠶᠢᠨ ᠬᠡᠯᠪᠡᠷᠢ ᠶᠢᠨ᠂ ᠰᠢᠨ᠎ᠡ ᠶᠢ | ᠡᠭᠦᠳᠬᠦ ᠬᠡᠯᠪᠡᠷᠢ ᠶᠢᠨ ᠴᠢᠳᠠᠪᠤᠷᠢᠲᠠᠨ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠵᠢᠩᠬᠢᠨᠢ ᠤᠷᠤᠯᠳᠤᠭᠠᠨ 9 ᠳ᠋ᠦ᠋ᠭᠡᠷ ᠰᠠᠷ᠎ᠠ ᠶᠢᠨ 12 ᠤᠨ ᠡᠳᠦᠷ ᠠᠴᠠ 9 ᠳ᠋ᠦ᠋ᠭᠡᠷ ᠰᠠᠷ᠎ᠠ ᠶᠢᠨ 14 ᠤ ᠡᠳᠦᠷ | ᠪᠣᠯᠲᠠᠯ᠎ᠠ ᠦᠷᠭᠦᠯᠵᠢᠯᠡᠵᠦ᠂ ᠣᠨᠣᠯ ᠤᠨ ᠰᠢᠯᠭᠠᠯᠲᠠ ᠪᠠ ᠤᠷ᠎ᠠ ᠴᠢᠳᠠᠪᠤᠷᠢ ᠶᠢᠨ ᠠᠵᠢᠯᠯᠠᠭ᠎ᠠ ᠬᠤᠶᠠᠷ ᠲᠠᠯ᠎ᠠ ᠠᠴᠠ | ᠲᠠᠮᠢᠷᠴᠢᠳ ᠲᠤ ᠪᠦᠬᠦ ᠲᠠᠯ᠎ᠠ ᠶᠢᠨ ᠬᠢᠨᠠᠨ ᠰᠢᠯᠭᠠᠯᠲᠠ ᠬᠢᠬᠦ ᠪᠣᠯᠤᠨ᠎ᠠ᠃ ᠣᠨᠣᠯ ᠤᠨ ᠰᠢᠯᠭᠠᠯᠲᠠ ᠨᠢ ᠤᠰᠤ | ᠰᠢᠷᠤᠢ ᠶᠢ ᠬᠠᠮᠠᠭᠠᠯᠠᠬᠤ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠣᠨᠣᠯ ᠪᠠ ᠮᠡᠳᠡᠯᠭᠡ ᠪᠠᠷ ᠭᠤᠤᠯᠳᠠᠯᠭ᠎ᠠ | ᠪᠣᠯᠭᠠᠨ᠎ᠠ᠃ ᠤᠷ᠎ᠠ ᠴᠢᠳᠠᠪᠤᠷᠢ ᠶᠢᠨ ᠠᠵᠢᠯᠯᠠᠭ᠎ᠠ ᠳᠤ ᠤᠰᠤ ᠰᠢᠷᠣᠶ ᠶᠢ ᠬᠠᠮᠠᠭᠠᠯᠠᠬᠤ ᠪᠠᠶᠢᠴᠠᠭᠠᠯᠲᠠ᠂ ᠪᠠᠷᠢᠯᠭ᠎ᠠ ᠶᠢᠨ | ᠠᠵᠢᠯ ᠵᠢᠴᠢ ᠬᠠᠮᠢᠶᠠᠷᠤᠯᠲᠠ ᠬᠠᠮᠠᠭᠠᠯᠠᠯᠲᠠ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠬᠡᠮᠵᠢᠯᠲᠡ᠂ | ᠤᠰᠤ ᠰᠢᠷᠣᠶ ᠶᠢ ᠬᠠᠮᠠᠭᠠᠯᠠᠬᠤ ᠬᠢᠨᠠᠨ ᠬᠡᠮᠵᠢᠯᠲᠡ ᠵᠡᠷᠭᠡ 5 ᠲᠥᠷᠥᠯ ᠢ ᠲᠣᠬᠢᠷᠠᠭᠤᠯᠵᠤ᠂ ᠵᠢᠯᠣᠭᠤᠴᠢ ᠥᠬᠡᠶ | ᠨᠢᠰᠬᠡᠯ ᠤᠨ ᠠᠵᠢᠯᠯᠠᠭ᠎ᠠ᠂ ᠠᠯᠤᠰ ᠰᠡᠷᠡᠯ ᠤᠨ ᠵᠢᠷᠤᠭ ᠳᠦᠷᠰᠦ ᠶᠢ ᠲᠠᠶᠢᠯᠪᠤᠷᠢᠯᠠᠬᠤ᠂ ᠤᠰᠤ ᠰᠢᠷᠣᠶ ᠶᠢᠨ ᠬᠠᠭᠤᠷᠠᠶ | ᠪᠠᠭᠲᠠᠭᠠᠮᠵᠢ ᠶᠢᠨ ᠬᠦᠨᠳᠦ ᠶᠢ ᠬᠡᠮᠵᠢᠨ ᠲᠣᠭᠲᠠᠭᠠᠬᠤ᠂ ᠪᠠᠷᠢᠯᠭ᠎ᠠ ᠶᠢᠨ ᠵᠢᠷᠤᠭ ᠵᠢᠷᠤᠬᠤ᠂ ᠬᠥ᠋ ᠹᠠᠩ ᠤᠨ | ᠪᠠᠷᠢᠯᠭ᠎ᠠ ᠶᠢᠨ ᠬᠡᠮᠵᠢᠶ᠎ᠡ ᠶᠢ ᠪᠤᠳᠤᠬᠤ᠂ ᠪᠥᠬᠦ ᠥᠷᠲᠡᠭᠡ ᠶᠢᠨ ᠬᠡᠮᠵᠢᠭᠦᠷᠯᠢᠭ ᠢ ᠬᠡᠮᠵᠢᠬᠦ᠂ ᠡᠯᠡᠰᠦᠨ ᠤ | ᠠᠭᠤᠯᠤᠭᠳᠠᠴᠠ ᠶᠢ ᠬᠡᠮᠵᠢᠨ ᠲᠣᠭᠲᠠᠭᠠᠬᠤ᠂ ᠲᠤᠨᠳᠠᠰᠤ ᠶᠢᠨ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ | ᠴᠡᠭᠴᠡᠯᠡᠨ ᠨᠠᠶᠢᠷᠠᠭᠤᠯᠬᠤ ᠵᠡᠷᠭᠡ 8 ᠬᠤᠪᠢᠶᠠᠷᠢ ᠲᠥᠷᠥᠯ ᠵᠦᠢᠯ ᠪᠠᠭᠲᠠᠨ᠎ᠠ᠃ ᠡᠴᠦᠰ ᠲᠤ ᠶᠡᠷᠦᠩᠬᠡᠶᠢᠯᠡᠭᠰᠡᠨ | ᠣᠨᠣᠯ ᠤᠨ ᠰᠢᠯᠭᠠᠯᠲᠠ᠂ ᠮᠡᠷᠭᠡᠵᠢᠯ ᠴᠢᠳᠠᠪᠤᠷᠢ ᠶᠢᠨ ᠠᠵᠢᠯᠯᠠᠭᠠᠨ ᠤ ᠬᠤᠶᠠᠷ ᠵᠦᠢᠯ ᠤᠨ ᠬᠢᠷᠢ ᠪᠦᠲᠦᠮᠵᠢ ᠶᠢ | ᠰᠢᠯᠭᠠᠷᠠᠭᠤᠯᠤᠨ ᠰᠣᠩᠭᠤᠵᠤ᠂ ᠤᠷᠤᠯᠳᠤᠭᠠᠨ ᠤ ᠨᠢᠭᠡᠳᠦᠭᠡᠷ ᠨᠡᠷᠡᠰ ᠢ ᠣᠯᠤᠭᠰᠠᠨ ᠠᠵᠢᠯᠲᠠᠨ ᠠᠵᠢᠯᠴᠢᠨ ᠤ | ᠲᠠᠮᠢᠷᠴᠢᠨ ᠢ ᠭᠤᠤᠯᠯᠠᠨ ᠡᠷᠭᠢᠯᠡᠭᠰᠡᠨ ᠨᠢᠭᠡᠴᠢ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ | ᠬᠠᠷᠭᠤᠭᠤᠯᠤᠭᠰᠠᠨ ᠤ ᠳᠠᠷᠠᠭ᠎ᠠ᠂ ︽ᠪᠥᠬᠦ ᠣᠷᠣᠨ ᠤ ᠮᠡᠷᠭᠡᠵᠢᠯ ᠤᠨ ᠴᠢᠳᠠᠪᠤᠷᠢᠲᠠᠨ︾ ᠤ ᠴᠣᠯᠠ ᠣᠯᠭᠤᠨ᠎ᠠ︔ | ᠪᠦᠬᠦ ᠤᠯᠤᠰ ᠤᠨ ᠤᠷᠤᠯᠳᠤᠭᠠᠨ ᠳᠤ ᠲᠦᠷᠦᠭᠦᠦ 6 ᠨᠡᠷ᠎ᠡ ᠳᠤ ᠤᠷᠤᠭᠰᠠᠨ ᠲᠠᠮᠢᠷᠴᠢᠨ ᠥᠪᠡᠷᠲᠡᠭᠡᠨ ᠵᠠᠰᠠᠬᠤ | ᠣᠷᠣᠨ ᠤ ᠠᠵᠢᠯᠴᠢᠨ ᠤ ᠶᠡᠷᠦᠩᠬᠡᠶ ᠡᠪᠯᠡᠯ ᠳᠤ ︽ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ | ᠬᠥᠳᠡᠯᠮᠦᠷᠢ ᠶᠢᠨ ᠱᠠᠩᠨᠠᠯ ᠤᠨ ᠲᠡᠮᠳᠡᠭ︾ ᠤᠨ ᠢᠷᠠᠭᠤ ᠠᠯᠳᠠᠷ ᠤᠨ ᠴᠣᠯᠠ ᠭᠤᠶᠤᠴᠢᠯᠠᠨ ᠮᠡᠳᠡᠭᠦᠯᠵᠦ ᠪᠣᠯᠤᠨ᠎ᠠ︔ | ᠶᠡᠷᠦᠩᠬᠡᠶᠢᠯᠡᠭᠰᠡᠨ ᠬᠢᠷᠢ ᠪᠦᠲᠦᠮᠵᠢ ᠶᠢᠨ ᠨᠢᠭᠡᠳᠦᠭᠡᠷ ᠨᠡᠷᠡᠰ ᠨᠢᠭᠡ ᠨᠡᠷ᠎ᠡ᠂ ᠬᠤᠶᠠᠳᠤᠭᠠᠷ ᠨᠡᠷᠡᠰ ᠭᠤᠷᠪᠠᠨ ᠨᠡᠷ᠎ᠡ᠂ | ᠳᠦᠷᠪᠠ — ᠵᠢᠷᠭᠤᠳᠤᠭᠠᠷ ᠤᠷᠤᠯᠴᠠᠭᠰᠠᠳ ᠲᠤᠰ ᠲᠤᠰ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ | ᠱᠠᠩᠨᠠᠯ ᠤᠨ ᠦᠨᠡᠮᠯᠡᠯ ᠣᠯᠭᠤᠨ᠎ᠠ᠃ | ᠪᠥᠬᠦ ᠣᠷᠣᠨ ᠤ ᠤᠰᠤ ᠰᠢᠷᠣᠶ ᠶᠢ ᠬᠠᠮᠠᠭᠠᠯᠠᠵᠤ ᠵᠠᠰᠠᠬᠤ ᠠᠵᠢᠯᠴᠢᠨ ᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠢ ᠡᠷᠭᠢᠯᠡᠬᠦ ᠨᠢ ᠠᠵᠢᠯ ᠡᠷᠬᠢᠯᠡᠭᠴᠢᠳ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠤ | ᠨᠢᠭᠡ ᠤᠳᠠᠭᠠᠨ ᠤ ᠦᠵᠡᠭᠦᠯᠭᠡ ᠪᠠᠶᠢᠵᠤ᠂ ᠥᠷᠭᠡᠨ ᠣᠯᠠᠨ ᠠᠵᠢᠯ ᠡᠷᠬᠢᠯᠡᠭᠴᠢᠳ ᠤᠨ ᠤᠷ᠎ᠠ ᠮᠡᠷᠭᠡᠵᠢᠯ ᠰᠤᠷᠬᠤ ᠪᠠ | ᠬᠡᠪ ᠴᠢᠨᠠᠷ ᠢᠶᠠᠨ ᠳᠡᠭᠡᠭᠰᠢᠯᠡᠭᠦᠯᠬᠦ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠬᠦ ᠳᠤ ᠢᠳᠡᠪᠬᠢᠲᠡᠶ ᠠᠬᠢᠭᠤᠯᠬᠤ | ᠪᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠬᠦ ᠨᠢ ᠯᠠᠪᠲᠠᠶ ᠶᠤᠮ᠃ | ︵ᠡᠬᠡ ᠪᠢᠴᠢᠭ ᠢ ᠤᠰᠤᠨ ᠤ ᠬᠠᠮᠠᠭᠠᠯᠠᠯᠲᠠ ᠶᠢᠨ ᠭᠠᠵᠠᠷ ᠠᠴᠠ ᠬᠠᠩᠭᠠᠪᠠ︶ | |