ᠥᠪᠥᠷ ᠮᠣᠩᠭᠤᠯ ᠤᠨ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠯᠤᠰ ᠢᠶᠠᠨ ᠬᠦᠴᠦᠷᠬᠡᠭᠵᠢᠭᠦᠯᠬᠦ ᠮᠡᠳᠡᠯᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2023/9/13
  ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ︾ ᠭᠤᠤᠯ ᠰᠡᠳᠦᠪᠲᠦ ᠬᠥᠮᠦᠵᠢᠯ ᠤᠨ ᠠᠵᠢᠯ ᠢ ᠭᠦᠨᠵᠡᠭᠡᠶ ᠥᠷᠨᠢᠭᠦᠯᠵᠦ᠂ ᠰᠤᠷᠤᠯᠴᠠᠬᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠢᠳᠡᠪᠬᠢᠲᠡᠶ ᠠᠬᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠬᠡᠷᠡᠭᠯᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ︽ᠦᠵᠡᠯ ᠰᠠᠨᠠᠭᠠᠨ ᠤ ᠠᠭᠤᠤ ᠬᠦᠴᠦᠨ ᠢ ᠣᠶᠢᠯᠠᠭᠠᠬᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ︾ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠮᠡᠳᠡᠯᠭᠡ ᠶᠢᠨ ᠤᠷᠤᠯᠳᠤᠭᠠᠨ ᠢ ᠡᠷᠭᠢᠯᠡᠪᠡ᠃  ᠰᠡᠳᠦᠪ ᠬᠠᠷᠢᠭᠤᠯᠬᠤ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠤᠷᠤᠯᠳᠤᠭᠠᠨ ᠤ ᠶᠠᠪᠤᠴᠠ ᠪᠠᠴᠢᠮ ᠶᠠᠭᠠᠷᠠᠤ ᠡᠮᠬᠢ ᠵᠢᠷᠤᠮ ᠲᠠᠢ ᠪᠠᠶᠢᠵᠤ᠂ ᠲᠠᠮᠢᠷᠴᠢᠳ ᠡᠯᠪᠡᠭ ᠪᠠᠶᠠᠯᠢᠭ ᠮᠡᠳᠡᠯᠭᠡ ᠶᠢᠨ ᠨᠥᠭᠡᠴᠡ ᠪᠠᠨ ᠢᠯᠡᠷᠡᠭᠦᠯᠵᠦ᠂ ᠤᠷᠤᠯᠳᠤᠭᠠᠨ ᠤ ᠳᠤᠮᠳᠠ ᠯᠠᠪᠳᠠᠭᠤᠨ ᠲᠣᠭᠲᠠᠭᠤᠨ᠂ ᠨᠠᠷᠢᠨ ᠬᠢᠨᠠᠮᠠᠭᠠᠶ ᠪᠣᠳᠣᠯᠬᠢᠯᠠᠵᠤ᠂ ᠬᠤᠪᠢ ᠨᠢ ᠬᠠᠷᠢᠯᠴᠠᠨ ᠬᠥᠭᠡᠭᠡᠴᠡᠯᠳᠦᠵᠦ᠂ ᠬᠠᠷᠢᠯᠴᠠᠨ ᠨᠠᠶᠢᠷ ᠲᠠᠯᠪᠢᠬᠤ ᠦᠭᠡᠢ       ᠪᠠᠶᠢᠵᠤ᠂ ᠰᠢᠷᠦᠭᠦᠨ ᠥᠷᠢᠰᠥᠯᠳᠦᠭᠡᠨ ᠢᠶᠠᠷ ᠳᠠᠮᠵᠢᠨ ᠬᠠᠮᠤᠭ ᠡᠴᠦᠰ ᠲᠤ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 4 ᠨᠡᠷᠡᠰ ᠳᠤᠳᠤᠷᠠᠵᠠᠢ᠃  ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠵᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠡᠶᠡᠯᠡᠭᠦᠯᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号