ᠥᠪᠥᠷ ᠮᠣᠩᠭᠤᠯ ᠤᠨ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠰᠢᠨ᠎ᠡ ᠪᠠᠷ ᠠᠵᠢᠯ ᠳᠤ ᠤᠷᠤᠭᠰᠠᠨ ᠠᠵᠢᠯᠲᠠᠨ ᠠᠵᠢᠯᠴᠢᠨ ᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/13
  ᠠᠵᠢᠯ ᠳᠤ ᠰᠢᠨ᠎ᠡ ᠪᠠᠷ ᠣᠷᠣᠬᠤ ᠠᠵᠢᠯᠲᠠᠨ ᠠᠵᠢᠯᠴᠢᠨ ᠤ ᠦᠵᠡᠯ ᠰᠠᠨᠠᠭᠠᠨ ᠤ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ᠠᠵᠢᠯ᠂ ᠠᠮᠢᠳᠤᠷᠠᠯ ᠤᠨ ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ ᠢ ᠰᠢᠢᠳᠪᠦᠷᠢᠯᠡᠨ᠂ ᠳᠦᠷᠢ ᠪᠠᠨ ᠲᠦᠷᠭᠡᠬᠡᠨ ᠬᠤᠪᠢᠷᠠᠭᠤᠯᠵᠤ᠂ ᠰᠢᠨ᠎ᠡ ᠠᠵᠢᠯ ᠤᠨ ᠪᠠᠶᠢᠷᠢ ᠳᠤ ᠵᠣᠬᠢᠴᠠᠭᠤᠯᠤᠨ᠂ ᠰᠢᠨ᠎ᠡ ᠬᠠᠮᠲᠤ ᠳᠤ ᠠᠭᠤᠰᠬᠠᠨ ᠣᠷᠣᠭᠤᠯᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠴᠢᠩᠭᠠᠷᠠᠭᠤᠯᠵᠤ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠲᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ 9 ᠳ᠋ᠦ᠋ᠭᠡᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ 2023 ᠣᠨ ᠳᠤ ᠰᠢᠨ᠎ᠡ ᠪᠠᠷ ᠠᠵᠢᠯ ᠳᠤ ᠭᠠᠷᠤᠭᠰᠠᠨ ᠠᠵᠢᠯᠲᠠᠨ ᠠᠵᠢᠯᠴᠢᠨ ᠤ ᠶᠠᠷᠢᠯᠴᠠᠬᠤ ᠬᠤᠷᠠᠯ ᠬᠢᠪᠠ᠃  ᠰᠢᠨ᠎ᠡ ᠪᠠᠷ ᠠᠵᠢᠯ ᠳᠤ ᠭᠠᠷᠤᠭᠰᠠᠨ ᠠᠵᠢᠯᠲᠠᠨ ᠠᠵᠢᠯᠴᠢᠨ ᠥᠪᠡᠷ ᠢ ᠪᠠᠨ ᠲᠠᠨᠢᠯᠴᠠᠭᠤᠯᠬᠤ ᠪᠠ ᠠᠵᠢᠯ ᠤᠨ ᠲᠥᠷᠥᠭᠳᠡᠯ ᠢᠶᠠᠨ ᠶᠠᠷᠢᠵᠤ᠂ ᠠᠵᠢᠯ ᠤᠨ ᠪᠠᠶᠢᠷᠢ ᠲᠠᠢ ᠪᠠᠨ ᠤᠶᠠᠯᠳᠤᠭᠤᠯᠤᠨ ᠥᠪᠡᠷ ᠤᠨ ᠬᠥᠭᠵᠢᠯᠲᠡ ᠶᠢᠨ ᠲᠥᠯᠥᠪᠵᠢᠭᠦᠯᠭᠡ ᠪᠠᠨ ᠴᠢᠯᠥᠭᠡᠲᠡᠶ ᠶᠠᠷᠢᠯᠴᠠᠵᠠᠶ᠃ ᠬᠦᠷᠢᠶᠡᠯᠡᠩ ᠤᠨ ᠤᠳᠤᠷᠢᠳᠤᠯᠭ᠎ᠠ ᠨᠠᠷ ᠰᠢᠨ᠎ᠡ ᠪᠠᠷ ᠲᠤᠰᠢᠶᠠᠯ ᠳᠤ ᠭᠠᠷᠤᠭᠰᠠᠨ ᠠᠵᠢᠯᠲᠠᠨ ᠠᠵᠢᠯᠴᠢᠨ ᠤ ᠣᠷᠣᠯᠴᠠᠬᠤ ᠶᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠨᠢᠭᠡᠴᠢ ᠶᠢᠨ ᠢᠶᠠᠨ ᠬᠥᠭᠵᠢᠯᠲᠡ ᠶᠢᠨ ᠥᠩᠭᠡᠷᠡᠯᠲᠡ ᠪᠠ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠳᠦᠷᠢ ᠲᠥᠷᠬᠦ ᠶᠢᠨ ᠬᠤᠪᠢᠷᠠᠯᠲᠠ᠂ ᠠᠵᠢᠯ ᠦᠢᠯᠡᠰ ᠤᠨ ᠬᠡᠷᠡᠭᠴᠡᠭᠡ᠂ ᠠᠵᠢᠯ ᠤᠨ ᠪᠠᠶᠢᠷᠢ ᠳᠠᠭᠠᠨ ᠦᠨᠳᠦᠰᠦᠯᠡᠬᠦ᠂ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ︽ᠶᠠᠭᠤ ᠶᠢ ᠰᠠᠶᠢᠨ ᠺᠠᠳ᠋ᠷ ᠭᠡᠬᠦ︾ ︽ᠬᠡᠷᠬᠢᠨ ᠰᠠᠶᠢᠨ ᠺᠠᠳ᠋ᠷ ᠪᠣᠯᠬᠤ︾ ᠬᠦᠰᠡᠯ ᠱᠠᠭᠠᠷᠳᠠᠯᠭ᠎ᠠ ᠳᠤᠷᠠᠳᠴᠠᠶ᠂ ᠲᠠᠳᠠ ᠨᠠᠷ ᠢ ᠤᠯᠤᠰ ᠲᠥᠷᠥ ᠶᠢᠨ ᠪᠠᠲᠤ ᠴᠢᠩᠭ᠎ᠠ ᠪᠠᠷᠢᠮᠵᠢᠶ᠎ᠠ ᠶᠢ ᠪᠣᠶ ᠪᠣᠯᠭᠠᠵᠤ᠂ ᠬᠡᠲᠦ᠋ᠢᠳᠦᠭᠰᠡᠨ ᠴᠢᠳᠠᠪᠤᠷᠢ ᠶᠢᠨ ᠪᠠᠷᠢᠮᠵᠢᠶ᠎ᠠ ᠶᠢ ᠪᠣᠯᠪᠠᠰᠤᠷᠠᠭᠤᠯᠵᠤ᠂ ᠰᠠᠶᠢᠨ ᠰᠠᠶᠢᠬᠠᠨ ᠰᠤᠷᠲᠠᠯ ᠤᠨ ᠪᠠᠷᠢᠮᠵᠢᠶ᠎ᠠ ᠶᠢ ᠢᠯᠡᠷᠡᠭᠦᠯᠵᠦ᠂ ᠣᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠯᠢ ᠲᠦᠷᠭᠡᠨ ᠢᠶᠠᠷ ᠲᠤᠬᠠᠶᠢᠯᠠᠭᠰᠠᠨ ᠠᠵᠢᠯ ᠤᠨ ᠴᠢᠳᠠᠪᠤᠷᠢᠲᠠᠨ ᠪᠣᠯᠵᠣ᠂ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃  ᠰᠢᠨ᠎ᠡ ᠪᠠᠷ ᠠᠵᠢᠯ ᠳᠤ ᠭᠠᠷᠤᠭᠰᠠᠨ ᠠᠵᠢᠯᠲᠠᠨ ᠠᠵᠢᠯᠴᠢᠨ ᠢᠯᠡᠷᠬᠡᠶᠢᠯᠡᠬᠦ ᠳᠡᠭᠡᠨ᠂ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠨᠡ ᠬᠦ ᠬᠠᠮᠲᠤ ᠨᠡᠶᠢᠲᠡ ᠳᠤ ᠠᠯᠢ ᠲᠦᠷᠭᠡᠨ ᠢᠶᠠᠷ ᠠᠭᠤᠰᠤᠨ ᠣᠷᠣᠵᠤ᠂ ᠠᠬᠠᠮᠡᠳ ᠨᠢᠭᠡ ᠦᠶ᠎ᠡ ᠠᠴᠠ ᠢᠯᠡᠭᠦᠦ ᠰᠤᠷᠤᠯᠴᠠᠵᠤ᠂ ᠥᠪᠡᠷ ᠤᠨ ᠪᠡᠶ᠎ᠡ ᠳᠡᠭᠡᠨ ᠬᠠᠷᠢᠭᠤᠴᠠᠵᠤ᠂ ᠠᠵᠢᠯ ᠤᠨ ᠪᠠᠶᠢᠷᠢ ᠳᠠᠭᠠᠨ ᠬᠠᠷᠢᠭᠤᠴᠠᠵᠤ᠂ ᠬᠥᠮᠦᠨ ᠤ ᠠᠮᠢᠳᠤᠷᠠᠯ ᠤᠨ ᠵᠥᠪ ᠠᠶᠠᠯᠠᠯ ᠤᠨ ᠴᠢᠭᠯᠡᠯ ᠢ ᠪᠠᠲᠤ ᠡᠵᠡᠮᠳᠡᠵᠦ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠵᠦ᠂ ᠬᠥᠮᠦᠨ ᠤ ᠠᠮᠢᠳᠤᠷᠠᠯ ᠤᠨ ᠦᠨ᠎ᠡ ᠥᠷᠲᠡᠭ ᠢ ᠪᠡᠶᠡᠯᠡᠭᠦᠯᠦᠨ᠎ᠡ ᠭᠡᠵᠡᠶ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号