ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠶ ᠶᠢᠨ ᠤᠷᠤᠰᠴᠠ ᠶᠢᠨ ᠬᠢᠨᠠᠨ ᠲᠣᠭᠲᠠᠭᠠᠬᠤ ᠪᠠ ᠪᠠᠲᠤᠯᠠᠬᠤ ᠶᠢ ᠤᠷᠢᠳᠠᠪᠠᠷ ᠬᠢᠵᠦ ᠤᠷᠢᠳᠠᠪᠠᠷ ᠲᠤᠷᠰᠢᠬᠤ ᠠᠵᠢᠯ ᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2023/9/15
  ᠭᠤᠣᠯ ᠮᠥᠷᠡᠨ ᠤ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠪᠣᠯ ᠦᠨᠳᠦᠰᠦᠨ ᠬᠦᠴᠦᠨ ᠵᠦᠢᠯ ᠪᠣᠯᠬᠤ ᠪᠥᠭᠡᠳ ᠤᠰᠤᠨ ᠤ ᠡᠬᠢ ᠪᠠᠶᠠᠯᠢᠭ ᠢ ᠨᠡᠭᠡᠭᠡᠬᠦ ᠡᠷᠴᠢᠮ ᠢ ᠬᠢᠵᠠᠭᠠᠷᠯᠠᠬᠤ ᠴᠢᠬᠤᠯᠠ ᠭᠦᠢᠴᠡᠳᠬᠡᠬᠦ ᠲᠤᠭ᠎ᠠ ᠪᠣᠯᠤᠨ ᠠᠮᠢᠳᠤᠷᠠᠯ᠂ ᠦᠢᠯᠡᠳᠪᠦᠷᠢᠯᠡᠯ᠂ ᠠᠮᠢ ᠠᠬᠤᠶ ᠶᠢᠨ ᠤᠰᠤ ᠬᠡᠷᠡᠭᠯᠡᠬᠦ ᠶᠢ ᠨᠢᠭᠡᠳᠦᠯᠲᠡᠶ ᠲᠥᠯᠥᠪᠯᠡᠬᠦ ᠴᠢᠬᠤᠯᠠ ᠰᠠᠭᠤᠷᠢ ᠪᠠᠶᠢᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠶᠤᠮ᠃  ᠤᠰᠤᠨ ᠠᠰᠢᠭᠯᠠᠯᠲᠠ ᠶᠢᠨ ᠶᠠᠮᠤᠨ ᠪᠣᠯᠤᠨ ᠰᠠᠪᠠ ᠭᠠᠵᠠᠷ ᠤᠨ ᠨᠠᠮ ᠤᠨ ᠬᠤᠷᠢᠶᠠᠨ ᠤ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠲᠣᠭᠲᠠᠭᠠᠬᠤ ᠪᠠ ᠪᠠᠲᠤᠯᠠᠬᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ 9 ᠳ᠋ᠦ᠋ᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠰᠢ ᠱᠠᠨ ᠸᠠᠨ ᠤᠰᠤᠨ ᠴᠥᠭᠦᠷᠥᠮ᠂ ᠳ᠋ᠠ ᠱᠢ ᠮᠧᠨ ᠤᠰᠤᠨ ᠴᠥᠭᠦᠷᠥᠮ᠂ ᠳ᠋ᠠ ᠬᠤ᠋ ᠱᠢ ᠤᠰᠤᠨ ᠴᠥᠭᠦᠷᠥᠮ᠂ ᠬᠠᠶᠢᠯᠠᠰᠤ ᠤᠰᠤᠨ ᠠᠰᠢᠭᠯᠠᠯᠲᠠ ᠶᠢᠨ ᠬᠦᠢᠰᠦ᠂ ᠳᠠᠷᠠᠰᠤᠨ ᠪᠤᠯᠤᠩ ᠤᠰᠤᠨ ᠴᠥᠭᠦᠷᠥᠮ᠂ ᠬᠠᠷᠠᠴᠢᠨ ᠤᠰᠤᠨ ᠴᠥᠭᠦᠷᠥᠮ᠂ ᠶᠦᠩ ᠹᠧᠩ ᠤᠰᠤᠨ ᠴᠥᠭᠦᠷᠥᠮ᠂ ᠱᠤᠸᠠᠩ ᠴᠧᠩ ᠤᠰᠤᠨ ᠴᠥᠭᠦᠷᠥᠮ᠂ ᠰᠢᠶᠠᠩ ᠶᠠᠩ ᠢᠦᠶ ᠤᠰᠤᠨ ᠴᠥᠭᠦᠷᠥᠮ ᠵᠡᠷᠭᠡ ᠶᠢᠰᠦᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠲᠣᠭᠲᠠᠭᠠᠬᠤ ᠪᠠ ᠪᠠᠲᠤᠯᠠᠬᠤ ᠬᠡᠷᠡᠭᠵᠢᠭᠦᠯᠬᠦ ᠲᠥᠰᠦᠯ ᠢ ᠬᠢᠨᠠᠨ ᠪᠠᠶᠢᠴᠠᠭᠠᠵᠤ ᠪᠠᠲᠤᠯᠠᠭᠠᠳ᠂ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠠᠵᠢᠯ ᠢ ᠵᠢᠩᠬᠢᠨᠢ ᠪᠠᠷ ᠡᠬᠢᠯᠡᠭᠦᠯᠪᠡ᠃  ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠠᠮᠢ ᠠᠬᠤᠶ ᠶᠢᠨ ᠤᠷᠤᠰᠴᠠ ᠶᠢ ᠬᠢᠨᠠᠨ ᠲᠣᠭᠲᠠᠭᠠᠬᠤ ᠪᠠ ᠪᠠᠲᠤᠯᠠᠬᠤ ᠤᠷᠢᠳᠠᠪᠠᠷ ᠬᠢᠵᠦ ᠤᠷᠢᠳᠠᠪᠠᠷ ᠲᠤᠷᠰᠢᠬᠤ ᠠᠵᠢᠯ ᠢ ᠥᠷᠨᠢᠭᠦᠯᠦᠨ᠎ᠡ᠂ ᠨᠡᠶᠢᠲᠡᠯᠢᠭ ᠭᠤᠤᠯ ᠮᠥᠷᠡᠨ ᠤ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠲᠣᠭᠲᠠᠭᠠᠬᠤ ᠪᠠ ᠪᠠᠲᠤᠯᠠᠬᠤ ᠠᠵᠢᠯ ᠤᠨ ᠵᠠᠭᠪᠤᠷ ᠢ ᠰᠦᠪᠡᠭᠴᠢᠯᠡᠬᠦ ᠪᠠᠷ ᠳᠠᠮᠵᠢᠭᠤᠯᠤᠨ᠂ ᠮᠡᠷᠭᠡᠵᠢᠯ ᠤᠨ ᠠᠷᠭ᠎ᠠ ᠵᠣᠬᠢᠴᠠᠭᠤᠯᠬᠤ ᠲᠣᠭᠲᠠᠴᠠ ᠪᠠ ᠬᠢᠨᠠᠨ ᠬᠠᠮᠢᠶᠠᠷᠬᠤ ᠲᠥᠷᠥ ᠶᠢᠨ ᠪᠣᠳᠣᠯᠭ᠎ᠠ ᠵᠡᠷᠭᠡ ᠪᠣᠯᠤᠨ᠎ᠠ᠂ ᠳᠡᠯᠭᠡᠷᠡᠭᠦᠯᠦᠨ ᠬᠡᠷᠡᠭᠯᠡᠵᠦ ᠪᠣᠯᠬᠤ ᠠᠵᠢᠯ ᠤᠨ ᠦᠷ᠎ᠡ ᠪᠦᠲᠦᠭᠡᠯ ᠪᠣᠯᠤᠨ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠰᠢᠷᠭᠠᠭᠠᠬᠤ ᠬᠡᠷᠡᠭᠲᠡᠶ᠂ ᠠᠮᠢ ᠠᠬᠤᠶ ᠶᠢᠨ ᠤᠷᠤᠰᠴᠠ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠬᠦ ᠬᠡᠷᠡᠭᠲᠡᠶ᠂ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠶ ᠶᠢᠨ ᠤᠷᠤᠰᠴᠠ ᠶᠢᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠪᠠ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠰᠢᠰᠲ᠋ᠧᠮ ᠢ ᠪᠦᠲᠦᠮᠵᠢᠲᠡᠶ ᠬᠠᠮᠠᠭᠠᠯᠠᠬᠤ ᠲᠤᠬᠠᠶ᠂ ᠰᠠᠪᠠ ᠭᠠᠵᠠᠷ ᠤᠨ ᠠᠮᠢᠳᠤᠷᠠᠯ ᠢ ᠪᠠᠲᠤᠯᠠᠬᠤ᠂ ᠦᠢᠯᠡᠳᠪᠦᠷᠢᠯᠡᠯ᠂ ᠠᠮᠢ ᠠᠬᠤᠢ ᠶᠢᠨ ᠤᠰᠤ ᠬᠡᠷᠡᠭᠯᠡᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃  ︵ᠡᠬᠡ ᠪᠢᠴᠢᠭ ᠢ ᠤᠰᠤᠨ ᠤ ᠡᠬᠢ ᠪᠠᠶᠠᠯᠢᠭ ᠤᠨ ᠭᠠᠵᠠᠷ ᠠᠴᠠ ᠬᠠᠩᠭᠠᠪᠠ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号