9 ᠳ᠋ᠦ᠋ᠭᠡᠷ ᠰᠠᠷ᠎ᠠ ᠶᠢᠨ 15 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠤᠷᠢᠶᠠᠨ ᠤ ᠠᠷᠪᠠᠨ ᠬᠤᠶᠠᠳᠤᠭᠠᠷ | ᠤᠳᠠᠭ᠎ᠠ ᠶᠢᠨ ᠡᠪᠯᠡᠯ ᠤᠨ ᠭᠡᠰᠢᠭᠦᠳ ᠤᠨ ᠶᠡᠭᠡ ᠬᠤᠷᠠᠯ ᠤᠷᠤᠭᠰᠢᠲᠠᠢ ᠬᠤᠷᠠᠯᠳᠤᠵᠤ᠂ 69 ᠨᠡᠷᠡᠰ ᠡᠪᠯᠡᠯ ᠤᠨ | ᠭᠡᠰᠢᠭᠦᠨ ᠪᠠ ᠡᠪᠯᠡᠯ ᠤᠨ ᠺᠠᠳ᠋ᠷ ᠬᠤᠷᠠᠯ ᠳᠤ ᠣᠷᠣᠯᠴᠠᠪᠠ᠃ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ | ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠠᠢ᠃ | | | | | | ᠬᠤᠷᠠᠯ ᠠᠴᠠ ︽ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠠᠵᠢᠯ ᠤᠨ | ᠮᠡᠳᠡᠭᠦᠯᠦᠯᠲᠡ︾᠂ ︽ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠡᠪᠯᠡᠯ ᠤᠨ | ᠰᠦᠢᠳᠬᠡᠯ ᠢ ᠬᠤᠷᠢᠶᠠᠬᠤ᠂ ᠬᠡᠷᠡᠭᠯᠡᠬᠦ ᠪᠠ ᠬᠠᠮᠢᠶᠠᠷᠬᠤ ᠪᠠᠶᠢᠳᠠᠯ ᠤᠨ ᠮᠡᠳᠡᠭᠦᠯᠦᠯᠲᠡ︾᠂ ︽ᠡᠪ ᠬᠠᠮᠲᠤ | ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠤᠨ ᠠᠷᠪᠠᠨ ᠬᠤᠶᠠᠳᠤᠭᠠᠷ ᠤᠳᠠᠭ᠎ᠠ ᠶᠢᠨ ᠡᠪᠯᠡᠯ ᠤᠨ ᠭᠡᠰᠢᠭᠦᠨ ᠢ ᠰᠣᠩᠭᠤᠬᠤ ᠠᠷᠭ᠎ᠠ ︵ᠲᠥᠰᠦᠯ︶︾ ᠶᠢ | ᠰᠣᠨᠣᠰᠴᠤ ᠬᠢᠨᠠᠨ ᠵᠥᠪᠯᠡᠵᠦ ᠪᠠᠲᠤᠯᠠᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠷᠪᠠᠨ ᠬᠤᠶᠠᠳᠤᠭᠠᠷ ᠬᠤᠭᠤᠴᠠᠭᠠᠨ ᠤ | ᠬᠤᠷᠢᠶᠠᠨ ᠤ ᠭᠡᠰᠢᠭᠦᠨ ᠢ ᠰᠣᠩᠭᠤᠨ ᠭᠠᠷᠭᠠᠪᠠ᠃ ᠠᠷᠪᠠᠨ ᠬᠤᠶᠠᠳᠤᠭᠠᠷ ᠬᠤᠭᠤᠴᠠᠭᠠᠨ ᠤ ᠡᠪᠯᠡᠯ ᠤᠨ ᠬᠤᠷᠢᠶ᠎ᠠ | ᠠᠩᠬᠠᠳᠤᠭᠠᠷ ᠬᠤᠷᠠᠯᠳᠤᠭᠠᠨ ᠬᠤᠷᠠᠯᠳᠤᠭᠤᠯᠵᠤ᠂ ᠱᠦᠵᠢ ᠪᠣᠯᠤᠨ ᠳᠡᠳ᠋ ᠱᠦᠵᠢ ᠶᠢ ᠰᠣᠩᠭᠤᠨ ᠭᠠᠷᠭᠠᠪᠠ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠠᠵᠢᠯ ᠤᠨ ᠢᠯᠡᠳᠬᠡᠯ ᠳᠤ | ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠬᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ | ᠲᠠᠯ᠎ᠠ ᠳᠤ ᠦᠢᠯᠡᠴᠢᠯᠡᠬᠦ᠂ ᠵᠠᠯᠠᠭᠤᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ᠂ ᠡᠪᠯᠡᠯ ᠤᠨ ᠬᠤᠷᠢᠶ᠎ᠠ ᠶᠢ | ᠪᠦᠬᠦ ᠲᠠᠯ᠎ᠠ ᠪᠠᠷ ᠴᠢᠩᠭ᠎ᠠ ᠬᠠᠮᠢᠶᠠᠷᠬᠤ ᠵᠡᠷᠭᠡ ᠲᠠᠯ᠎ᠠ ᠪᠠᠷ ᠥᠩᠭᠡᠷᠡᠭᠰᠡᠨ ᠭᠤᠷᠪᠠᠨ ᠵᠢᠯ ᠳᠤ ᠣᠯᠤᠭᠰᠠᠨ | ᠠᠮᠵᠢᠯᠲᠠ ᠶᠢ ᠡᠷᠭᠢᠴᠡᠭᠦᠯᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠳᠤ ᠰᠠᠨᠠᠭᠤᠯᠭ᠎ᠠ | ᠳᠤᠷᠠᠳᠴᠠᠢ᠃ ᠠᠷᠪᠠᠨ ᠬᠤᠶᠠᠳᠤᠭᠠᠷ ᠬᠤᠭᠤᠴᠠᠭᠠᠨ ᠤ ᠡᠪᠯᠡᠯ ᠤᠨ ᠬᠤᠷᠢᠶᠠᠨ ᠤ ᠱᠦᠵᠢ ᠡᠪᠯᠡᠯ ᠤᠨ ᠭᠡᠰᠢᠭᠦᠨ | ᠵᠠᠯᠠᠭᠤᠴᠤᠳ ᠲᠤ ᠦᠢᠯᠡᠴᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠯᠠᠭᠤᠴᠤᠳ ᠢ ᠵᠣᠬᠢᠶᠠᠨ | ᠪᠠᠶᠢᠭᠤᠯᠵᠤ ᠬᠦᠳᠦᠯᠦᠨ ᠵᠢᠯᠣᠭᠤᠳᠬᠤ ᠡᠭᠦᠷᠭᠡ ᠴᠢᠳᠠᠪᠬᠢ ᠪᠠᠨ ᠤᠯᠠᠮ ᠴᠢᠨᠠᠭᠰᠢᠳᠠ ᠰᠠᠶᠢᠲᠤᠷ ᠪᠠᠳᠠᠷᠠᠭᠤᠯᠵᠤ᠂ | ᠪᠦᠬᠦ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠵᠠᠯᠠᠭᠤ ᠨᠠᠰᠤᠨ ᠤ | ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠵᠡᠷᠭᠡ ᠭᠤᠷᠪᠠᠨ ᠲᠠᠯ᠎ᠠ ᠪᠠᠷ ᠣᠪᠣᠷ ᠢᠶᠠᠨ ᠢᠯᠡᠳᠬᠡᠬᠦ ᠦᠭᠡ | ᠬᠡᠯᠡᠵᠡᠢ᠃ | ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠨᠥᠬᠦᠳ ᠠᠷᠪᠠᠨ ᠬᠤᠶᠠᠳᠤᠭᠠᠷ | ᠬᠤᠭᠤᠴᠠᠭᠠᠨ ᠤ ᠡᠪᠯᠡᠯ ᠤᠨ ᠬᠤᠷᠢᠶ᠎ᠠ ᠳᠤ ᠪᠠᠶᠠᠷ ᠬᠦᠷᠭᠡᠭᠰᠡᠨ ᠪᠥᠭᠡᠳ ᠭᠤᠷᠪᠠᠨ ᠱᠠᠭᠠᠷᠳᠠᠯᠭ᠎ᠠ ᠳᠤᠷᠠᠳᠪᠠ᠃ | ᠨᠢᠭᠡ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ᠂ ᠤᠯᠤᠰ | ᠲᠦᠷᠦ ᠪᠠᠲᠤ ᠴᠢᠩᠭ᠎ᠠ ᠪᠠᠶᠢᠬᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ︔ ᠬᠤᠶᠠᠷ ᠲᠤ᠂ ᠠᠵᠠ ᠲᠣᠬᠢᠶᠠᠯ ᠢ | ᠨᠠᠨᠳᠢᠩᠨᠠᠵᠤ᠂ ᠴᠤᠭ ᠰᠦᠯᠳᠡ ᠪᠠᠨ ᠪᠠᠳᠠᠷᠠᠭᠤᠯᠵᠤ᠂ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ᠂ ᠵᠠᠯᠠᠭᠤ ᠨᠠᠶᠢᠵᠠ ᠪᠤᠯᠵᠤ᠂ ᠵᠠᠯᠠᠭᠤ ᠳᠠᠷᠤᠭ᠎ᠠ ᠪᠣᠯᠬᠤ ᠦᠭᠡᠢ᠂ ᠨᠠᠮ | ᠪᠣᠯᠤᠨ ᠵᠠᠯᠠᠭᠤᠴᠤᠳ ᠤᠨ ᠬᠥᠭᠦᠷᠭᠡ ᠬᠤᠯᠪᠣᠭᠠᠰᠤ ᠪᠣᠯᠬᠤ ᠬᠡᠷᠡᠭᠲᠡᠢ᠃ | |