ᠥᠪᠥᠷ ᠮᠣᠩᠭᠤᠯ ᠭᠠᠨᠰᠦ ᠬᠠᠮᠲᠤᠷᠠᠨ ᠴᠢᠷᠮᠠᠶᠢᠵᠤ ︽ᠤᠮᠠᠷᠠᠲᠦ ᠶᠢᠨ ᠭᠤᠷᠪᠠᠨ ᠤᠷᠤᠨ︾ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠪᠠ
ᠨᠡᠶᠢᠲᠡᠯᠡᠭᠰᠡᠨ ᠴᠠᠭ᠄
2023/9/15
  ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠭᠠᠨᠰᠦ ᠮᠤᠵᠢ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠵᠠᠰᠠᠯᠲᠠ ᠶᠢᠨ ᠢᠨᠵᠧᠨᠧᠷᠢᠩ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠤ᠂ ᠬᠤᠶᠠᠷ ᠮᠤᠵᠢ ᠣᠷᠣᠨ ᠬᠠᠮᠵᠢᠯᠴᠠᠨ ᠬᠦᠴᠦᠯᠡᠵᠦ᠂ ᠬᠠᠲᠤᠨ ᠭᠤᠤᠯ ᠤᠨ ︽ᠶᠡᠭᠡ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠬᠠᠲᠤᠨ ᠭᠤᠤᠯ ᠤᠨ ᠪᠠᠷᠠᠭᠤᠨ ᠬᠤᠩᠭᠢᠯ ᠲᠠᠺᠯᠢᠮᠠᠺᠠᠨ ᠡᠯᠡᠰᠦᠨ ᠴᠥᠯ ᠤᠨ ᠬᠥᠪᠡᠭᠡ ᠵᠠᠬ᠎ᠠ ᠪᠠᠷ ᠬᠤᠷᠢᠭᠯᠠᠨ ᠴᠣᠬᠢᠬᠤ ᠳᠠᠶᠢᠯᠠᠯᠳᠤᠭᠠᠨ ᠢ ᠬᠠᠮᠲᠤ ᠪᠠᠷ ᠰᠠᠶᠢᠲᠤᠷ ᠬᠢᠬᠦ ᠪᠣᠯᠤᠨ᠎ᠠ᠃  ᠬᠡᠯᠡᠯᠴᠡᠭᠡᠷ ᠲᠤ᠂ 2025 ᠣᠨ ᠪᠣᠯᠬᠤ ᠳᠤ᠂ ᠥᠪᠥᠷ ᠮᠣᠩᠭᠤᠯ᠂ ᠭᠠᠨᠰᠦ ᠶᠢᠨ ᠬᠢᠯᠢ ᠠᠯᠤᠰᠯᠠᠭᠰᠠᠨ ᠣᠷᠣᠨ ᠪᠦᠰᠡ ᠶᠢᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠵᠠᠰᠠᠯᠲᠠ ᠶᠢᠨ ᠣᠷᠣᠨ ᠤ ᠭᠤᠣᠯ ᠪᠣᠯᠬᠤ ᠰᠠᠯᠬᠢᠨ ᠤ ᠠᠮᠠ ᠪᠣᠯᠤᠨ ᠡᠯᠡᠰᠦᠨ ᠰᠢᠭᠤᠷᠭ᠎ᠠ ᠶᠢᠨ ᠭᠤᠯᠤᠮᠳᠠ ᠶᠢ ᠠᠩᠬ᠎ᠠ ᠠᠯᠬᠤᠮ ᠵᠠᠰᠠᠵᠤ᠂ ᠬᠠᠳᠤᠨ ᠭᠤᠣᠯ ᠤᠨ ︽ᠶᠡᠭᠡ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠬᠠᠳᠤᠨ ᠭᠤᠣᠯ ᠤᠨ ᠪᠠᠷᠠᠭᠤᠨ ᠬᠡᠰᠡᠭ ᠤᠨ ᠬᠤᠩᠬᠢᠯ ᠲᠠᠺᠯᠠᠮᠠᠺᠠᠨ ᠡᠯᠡᠰᠦᠨ ᠴᠦᠯ ᠤᠨ ᠬᠥᠪᠡᠭᠡᠨ ᠳᠠᠬᠢ ᠬᠤᠷᠢᠭᠯᠠᠯᠲᠠ ᠶᠢᠨ ᠳᠠᠶᠢᠯᠠᠯᠳᠤᠭᠠᠨ ᠱᠠᠳᠤᠴᠢ ᠴᠢᠨᠠᠷᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ ᠭᠡᠵᠦ ᠳᠤᠷᠠᠳᠪᠠ᠃ 2030 ᠣᠨ ᠪᠣᠯᠬᠤ ᠳᠤ᠂ ᠬᠤᠶᠠᠷ ᠮᠤᠵᠢ ᠣᠷᠣᠨ ᠤ ᠬᠢᠯᠢ ᠠᠯᠤᠰᠯᠠᠭᠰᠠᠨ ᠣᠷᠣᠨ ᠪᠦᠰᠡ ᠶᠢᠨ ᠡᠯᠡᠰᠦᠨ ᠴᠦᠯ ᠤᠨ ᠬᠢᠯᠢ ᠶᠢ ᠪᠢᠲᠡᠭᠦᠮᠵᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠭᠤᠣᠯ ᠰᠠᠯᠬᠢᠨ ᠤ ᠠᠮᠠ ᠪᠣᠯᠤᠨ ᠡᠯᠡᠰᠦᠨ ᠰᠢᠭᠤᠷᠭ᠎ᠠ ᠶᠢᠨ ᠡᠬᠢ ᠭᠠᠵᠠᠷ ᠢ ᠪᠦᠲᠦᠮᠵᠢᠲᠡᠢ ᠵᠠᠰᠠᠵᠤ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢ ᠢᠯᠡᠳᠲᠡ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ︽ᠶᠡᠭᠡ ᠲᠤᠬᠤᠢ︾ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠬᠠᠲᠤᠨ ᠭᠤᠤᠯ ᠤᠨ ᠪᠠᠷᠠᠭᠤᠨᠳᠠᠬᠢ ᠬᠤᠩᠭᠢᠯ ᠲᠠᠺᠯᠢᠮᠠᠺᠠᠨ ᠡᠯᠡᠰᠦᠨ ᠴᠥᠯ ᠤᠨ ᠬᠥᠪᠡᠭᠡ ᠵᠠᠬ᠎ᠠ ᠪᠠᠷ ᠬᠤᠷᠢᠭᠯᠠᠨ ᠴᠣᠬᠢᠬᠤ ᠳᠠᠶᠢᠯᠠᠯᠳᠤᠭᠠᠨ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠮᠵᠢ ᠤᠯᠪᠠ᠃  ᠬᠤᠶᠠᠷ ᠮᠤᠵᠢ ᠣᠷᠣᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠣᠷᠣᠨ ᠤ ᠵᠠᠭᠠᠭ ᠢ ᠡᠪᠳᠡᠬᠦ᠂  ᠪᠠᠨᠳᠠᠢ ᠶᠢᠨ ᠵᠢᠷᠠᠨ᠂ ᠲᠩᠷᠢ ᠬᠤᠶᠠᠷ ᠶᠡᠭᠡ ᠡᠯᠡᠰᠦᠨ ᠴᠥᠯ ᠢᠶᠠᠷ ᠭᠤᠤᠯᠳᠠᠯᠭ᠎ᠠ ᠪᠣᠯᠭᠠᠨ᠎ᠠ᠂ ᠬᠠᠲᠤᠨ ᠭᠤᠤᠯ ᠤᠨ ︽ᠶᠡᠭᠡ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠬᠠᠲᠤᠨ ᠭᠤᠤᠯ ᠤᠨ ᠪᠠᠷᠠᠭᠤᠨ ᠬᠤᠩᠭᠢᠯ ᠤᠨ ᠲᠠᠺᠯᠢᠮᠠᠺᠠᠨ ᠡᠯᠡᠰᠦᠨ ᠴᠥᠯ ᠤᠨ ᠬᠥᠪᠡᠭᠡ ᠵᠠᠬ᠎ᠠ ᠪᠠᠷ ᠬᠤᠷᠢᠭᠯᠠᠨ ᠴᠣᠬᠢᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ᠂ ᠪᠠᠳᠠᠶ ᠶᠢᠨ ᠵᠢᠷᠠᠨ ᠡᠯᠡᠰᠦᠨ ᠴᠥᠯ ᠪᠣᠯᠤᠨ ᠲᠩᠷᠢ ᠡᠯᠡᠰᠦᠨ ᠴᠥᠯ ᠬᠤᠶᠠᠷ ᠮᠤᠵᠢ ᠣᠷᠣᠨ ᠤ ᠠᠭᠤᠯᠵᠠᠷ ᠣᠷᠣᠨ ᠤ ᠠᠮᠢ ᠠᠬᠤᠶ ᠶᠢᠨ ᠵᠠᠰᠠᠯᠲᠠ ᠶᠢ ᠬᠠᠮᠲᠤ ᠪᠠᠷ ᠲᠥᠯᠥᠪᠵᠢᠭᠦᠯᠦᠨ᠎ᠡ᠂ ᠳᠡᠯ ᠠᠭᠤᠯᠠ ᠪᠣᠭᠤᠮᠲᠠ ᠪᠠᠶᠢᠭᠤᠯᠬᠤ᠂ ᠪᠠᠳᠠᠶ ᠶᠢᠨ ᠵᠢᠷᠠᠨ ᠡᠯᠡᠰᠦᠨ ᠴᠦᠯ ᠤᠨ ᠪᠠᠷᠠᠭᠤᠨ ᠬᠥᠪᠡᠭᠡ᠂ ᠪᠠᠳᠠᠢ ᠶᠢᠨ ᠵᠢᠷᠠᠨ ᠡᠯᠡᠰᠦᠨ ᠴᠦᠯ ᠤᠨ ᠡᠮᠦᠨ᠎ᠡ ᠵᠠᠬ᠎ᠠ ᠪᠣᠯᠤᠨ ᠲᠩᠷᠢ ᠡᠯᠡᠰᠦᠨ ᠴᠦᠯ ᠤᠨ ᠬᠤᠶᠢᠲᠤ ᠵᠠᠬ᠎ᠠ ᠶᠢᠨ ᠠᠭᠤᠯᠵᠠᠷ᠂ ᠲᠩᠷᠢ ᠡᠯᠡᠰᠦᠨ ᠴᠦᠯ ᠤᠨ ᠪᠠᠷᠠᠭᠤᠨ ᠡᠮᠦᠨ᠎ᠡ ᠵᠠᠬ᠎ᠠ ᠳᠠᠬᠢ ︽ᠳᠥᠷᠪᠡᠨ ᠶᠡᠭᠡ ᠬᠤᠷᠢᠭᠯᠠᠯᠲᠠ ᠶᠢᠨ ᠰᠡᠷᠭᠡᠶᠢᠯᠡᠯᠲᠡ ᠶᠢᠨ ᠱᠤᠭᠤᠮ︾ ᠪᠠ ︽ᠳᠥᠷᠪᠡᠨ ᠶᠡᠭᠡ ᠬᠥᠪᠡᠭᠡ ᠶᠢ ᠣᠨᠢᠰᠤᠯᠠᠭᠰᠠᠨ ᠣᠢ ᠡᠪᠡᠰᠦᠨ ᠤ ᠪᠦᠰᠡ︾᠂ ᠡᠯᠡᠰᠦ ᠮᠠᠩᠬ᠎ᠠ ᠶᠢ ᠬᠠᠮᠵᠢᠯᠴᠠᠨ ᠵᠠᠰᠠᠬᠤ᠂ ᠡᠯᠡᠰᠦ ᠶᠢ ᠬᠠᠮᠢᠶᠠᠷᠬᠤ᠂ ᠡᠯᠡᠰᠦ ᠬᠡᠷᠡᠭᠯᠡᠬᠦ ᠠᠵᠢᠯ ᠤᠨ ᠰᠢᠨ᠎ᠡ ᠪᠠᠶᠢᠳᠠᠯ ᠢ ᠪᠣᠶ ᠪᠣᠯᠭᠠᠬᠤ ᠬᠡᠷᠡᠭᠲᠡᠶ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号