9 ᠳ᠋ᠦ᠋ᠭᠡᠷ ᠰᠠᠷ᠎ᠠ ᠶᠢᠨ 13 ᠤ ᠦᠳᠡ ᠶᠢᠨ ᠡᠮᠦᠨ᠎ᠡ ᠵᠦᠵᠢᠶᠠᠩ ᠮᠥᠷᠡᠨ ᠤ ᠤᠰᠤᠨ ᠠᠰᠢᠭᠯᠠᠯᠲᠠ ᠶᠢᠨ | ᠵᠥᠪᠯᠡᠯ ᠤᠨ ᠵᠦᠵᠢᠶᠠᠩ ᠮᠥᠷᠡᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠤᠨ ᠳᠡᠳ᠋ ᠳᠠᠷᠤᠭ᠎ᠠ ᠬᠤᠸᠠᠩ ᠱᠧᠩ ᠸᠧᠶ ᠲᠠᠪᠤᠭᠤᠯᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠳᠤ ᠬᠦᠷᠴᠦ | ᠪᠠᠶᠢᠴᠠᠭᠠᠨ ᠰᠤᠳᠤᠯᠤᠯᠲᠠ ᠬᠢᠵᠦ᠂ ᠬᠤᠷᠠᠯ ᠳᠡᠭᠡᠷ᠎ᠡ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠲᠤᠷᠠᠯᠴᠠᠭᠠᠨ ᠤ ᠴᠠᠬᠤᠪᠴᠢ ᠵᠥᠪᠯᠡᠯᠴᠡᠭᠡᠷ ᠲᠣᠭᠲᠠᠪᠠ᠃ | | | | | | ᠲᠣᠰ ᠤᠳᠠᠭᠠᠨ ᠤ ᠬᠠᠮᠲᠤᠷᠠᠯᠴᠠᠭ᠎ᠠ ᠶᠢᠨ ᠵᠣᠷᠢᠯᠭ᠎ᠠ ᠨᠢ ᠨᠡᠪᠲᠡᠷᠡᠯᠴᠡᠭᠡ ᠬᠠᠮᠲᠤᠷᠠᠯᠴᠠᠭ᠎ᠠ ᠪᠠᠨ | ᠴᠢᠩᠭᠠᠳᠬᠠᠬᠤ ᠶᠢᠨ ᠲᠥᠯᠥᠭᠡ ᠶᠤᠮ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠳᠣᠪᠤᠶᠢᠯᠭᠠᠨ᠎ᠠ᠂ | ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ᠂ ᠤᠰᠤ ᠲᠠᠢ ᠬᠤᠯᠪᠣᠭᠳᠠᠭᠰᠠᠨ ᠬᠦᠷᠢᠶᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠶᠢ ᠲᠦᠷᠭᠡᠳᠬᠡᠨ᠎ᠡ᠂ ᠰᠢᠨ᠎ᠡ | ᠴᠠᠭ ᠦᠶ᠎ᠡ ᠶᠢᠨ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠪᠠ ᠣᠳᠣᠬᠢᠴᠢᠯᠠᠭᠰᠠᠨ | ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠪᠠ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ᠎ᠡ᠂ ᠬᠠᠮᠲᠤᠷᠠᠯᠴᠠᠭᠠᠨ ᠤ ᠬᠤᠶᠠᠷ ᠲᠠᠯ᠎ᠠ ᠶᠢᠨ ᠬᠠᠮᠵᠢᠯᠴᠠᠨ ᠰᠢᠨ᠎ᠡ ᠶᠢ ᠡᠭᠦᠳᠬᠦ ᠬᠥᠭᠵᠢᠯᠲᠡ ᠶᠢ | ᠠᠬᠢᠭᠤᠯᠤᠨ᠎ᠠ᠂ ᠣᠯᠠᠨ ᠢᠯᠠᠬᠤ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠬᠤ᠂ ᠰᠢᠨᠵᠢᠯᠡᠬᠦ ᠤᠬᠠᠭᠠᠨ ᠤ ᠰᠤᠳᠤᠯᠤᠯ | ᠪᠣᠯᠤᠨ ᠲᠡᠷᠢᠭᠦᠨ ᠤ ᠮᠡᠷᠭᠡᠵᠢᠯ ᠵᠢᠴᠢ ᠦᠢᠯᠡᠳᠭᠦᠨ ᠤ ᠬᠡᠷᠡᠭᠯᠡᠯᠲᠡ ᠪᠠᠷ ᠲᠦᠰᠢᠭ ᠪᠣᠯᠭᠠᠬᠤ᠂ ᠴᠢᠳᠠᠪᠤᠷᠢᠲᠠᠨ ᠤ | ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠶᠢ ᠬᠠᠮᠲᠤ ᠪᠠᠷ | ᠰᠤᠳᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ ᠬᠠᠮᠲᠤ ᠪᠠᠷ ᠡᠭᠦᠷᠭᠡᠯᠡᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠬᠠᠮᠲᠤ ᠪᠠᠷ ᠠᠬᠢᠭᠤᠯᠤᠨ᠎ᠠ᠂ ᠠᠵᠢᠯ ᠬᠤᠪᠢᠶᠠᠷᠢᠯᠠᠨ | ᠬᠠᠮᠲᠤᠷᠠᠯᠴᠠᠬᠤ ᠶᠢ ᠴᠢᠷᠮᠠᠶᠢᠨ ᠪᠦᠷᠢᠯᠳᠦᠭᠦᠯᠦᠨ᠎ᠡ᠂ ᠳᠠᠪᠠᠭᠤᠯᠢᠭ ᠲᠠᠯ᠎ᠠ ᠪᠠᠷ ᠢᠶᠠᠨ ᠨᠥᠬᠦᠪᠥᠷᠢᠯᠡᠬᠦ᠂ ᠬᠠᠮᠵᠢᠯᠴᠠᠨ | ᠰᠢᠨ᠎ᠡ ᠶᠢ ᠡᠭᠦᠳᠬᠦ᠂ ᠬᠠᠮᠲᠤ ᠪᠠᠷ ᠬᠥᠭᠵᠢᠬᠦ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠮᠡᠷᠭᠡᠵᠢᠯ ᠤᠨ ᠳᠠᠪᠰᠢᠯᠲᠠ ᠪᠠᠷ ᠭᠤᠤᠯ ᠪᠣᠯᠭᠠᠭᠰᠠᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ | ᠢᠯᠡᠷᠡᠭᠦᠯᠪᠡ᠃ | | | | | | ᠬᠤᠶᠠᠷ ᠲᠠᠯ᠎ᠠ ᠪᠠᠷ ᠢᠶᠠᠨ ᠠᠯᠤᠰ ᠰᠡᠷᠡᠯ ᠤᠨ ᠬᠡᠷᠡᠭᠯᠡᠭᠡ ᠪᠣᠯᠤᠨ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ᠂ ᠣᠶᠤᠨᠴᠢ ᠤᠰᠤᠨ ᠠᠰᠢᠭᠯᠠᠯᠲᠠ ᠶᠢ ᠶᠡᠷᠦᠩᠬᠡᠶᠢᠯᠡᠨ ᠠᠰᠢᠭᠯᠠᠬᠤ᠂ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠠᠮᠤᠷ ᠲᠦᠪᠰᠢᠨ ᠠᠵᠢᠯᠯᠠᠭᠠᠨ ᠤ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠲᠠᠷᠠᠭᠠᠴᠢ ᠶᠢᠨ | ᠠᠯᠬᠤᠮ ᠤᠨ ᠠᠭᠤᠰᠤᠯᠴᠠᠨ ᠬᠥᠭᠵᠢᠬᠦ᠂ ᠠᠯᠤᠰ ᠢᠷᠡᠭᠡᠳᠦᠢ ᠶᠢ ᠪᠠᠷᠠᠯᠠᠬᠤ᠂ ᠬᠠᠮᠲᠤᠷᠠᠯᠴᠠᠭᠠᠨ ᠤ ᠵᠦᠢᠯᠡᠰ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠲᠤᠬᠠᠢ ᠶᠠᠷᠢᠯᠴᠠᠵᠤ | ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ ᠪᠠᠶᠢᠩᠭᠤᠵᠢᠭᠰᠠᠨ ᠬᠠᠮᠲᠤᠷᠠᠯᠴᠠᠭᠠᠨ ᠤ ᠲᠣᠭᠲᠠᠴᠠ ᠶᠢ | ᠪᠠᠶᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ᠂ ᠠᠯᠤᠰ ᠰᠡᠷᠡᠯ ᠤᠨ ᠬᠡᠷᠡᠭᠯᠡᠭᠡ᠂ ᠣᠶᠤᠨᠴᠢ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ | ᠭᠦᠨᠵᠡᠭᠡᠶᠢᠷᠡᠭᠦᠯᠵᠦ᠂ ᠦᠵᠦ ᠲᠥᠯᠥᠪᠯᠡᠭᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠳᠡᠯᠭᠡᠷᠡᠭᠦᠯᠦᠨ ᠤᠨᠳᠤᠤᠰᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠤᠰᠤᠨ | ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠬᠡᠷᠡᠭᠴᠡᠭᠡ᠂ ᠰᠢᠨ᠎ᠡ | ᠠᠰᠠᠭᠤᠳᠠᠯ ᠢ ᠬᠠᠮᠲᠤ ᠪᠠᠷ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠴᠢᠨᠠᠷ | ᠰᠠᠶᠢᠲᠠᠶ ᠬᠥᠭᠵᠢᠯᠲᠡ ᠳᠤ ᠬᠠᠮᠲᠤ ᠪᠠᠷ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ | |