ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠮᠠᠨ ᠤ ᠣᠷᠣᠨ ᠳᠤ ᠠᠶᠤᠯᠭᠦᠢ ᠦᠢᠯᠡᠳᠪᠦᠷᠢᠯᠡᠯ ᠤᠨ ᠬᠠᠤᠯᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/9/18
  ᠰᠦᠨ ᠱᠤᠤ ᠴᠧᠩ  ᠫᠧᠩ ᠴᠢᠩ ᠬᠤᠸᠠ ᠲᠠᠢ ᠪᠠᠷᠠᠳᠠᠨ ᠠᠭᠤᠯᠵᠠᠪᠠ  ᠴᠢᠨ ᠱᠧᠩ ᠰᠢᠶᠠᠩ  ᠸᠠᠩ ᠲᠢᠶᠧ ᠮᠢᠨ ᠪᠠᠶᠢᠴᠠᠭᠠᠯᠲᠠ ᠳᠤ ᠣᠷᠣᠯᠴᠠᠵᠠᠢ  9 ᠰᠠᠷ᠎ᠠ ᠶᠢᠨ 13 ᠠᠴᠠ 15 ᠤ ᠡᠳᠦᠷ ᠪᠤᠯᠲᠠᠯ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠫᠧᠩ ᠴᠢᠩ ᠬᠤᠸᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠤ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ︾ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ 9 ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠭᠦᠭᠡᠬᠤᠲᠠ ᠳᠤ ᠫᠧᠩ ᠴᠢᠩ ᠬᠤᠸᠠ ᠲᠠᠢ ᠪᠠᠷᠠᠳᠠᠨ ᠠᠭᠤᠯᠵᠠᠪᠠ᠃  9 ᠰᠠᠷ᠎ᠠ ᠶᠢᠨ 15 ᠤ ᠦᠳᠡ ᠶᠢᠨ ᠡᠮᠦᠨ᠎ᠡ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠫᠧᠩ ᠴᠢᠩ ᠬᠤᠸᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠲᠥᠯᠥᠭᠡᠯᠡᠨ ᠮᠠᠨ ᠤ ᠣᠷᠣᠨ ᠤ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠦᠢᠴᠡᠳ ᠨᠤᠲᠠᠯᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠪᠠ ᠪᠦᠲᠦᠮᠵᠢᠲᠡᠢ ᠬᠡᠷᠡᠭᠵᠢᠭᠦᠯᠬᠦ ᠶᠢ ᠴᠢᠨᠠᠭᠰᠢᠳᠠ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ᠂ ︽ ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠯᠠᠱᠠ ᠶᠢᠨ ︽ 2 · 22 ︾ ᠤᠨ ᠣᠨᠴᠠ ᠶᠡᠭᠡ ᠨᠤᠷᠠᠭᠰᠠᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ᠂ ᠪᠦᠭᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠣᠨᠴᠠ ᠶᠡᠭᠡ ᠠᠳᠡᠯ ᠡᠭᠦᠰᠬᠦ ᠶᠢ ᠡᠷᠡᠰ ᠬᠤᠷᠢᠭᠯᠠᠵᠤ᠂ ᠨᠢᠭᠡ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ︽ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠠᠷᠢᠯᠭᠠᠬᠤ᠂ ᠬᠢᠨᠠᠯᠲᠠ ᠬᠠᠮᠢᠶᠠᠷᠤᠯᠲᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠨᠠᠷᠢᠯᠢᠭ ᠤᠨᠤᠪᠴᠢᠲᠠᠢ ᠪᠠᠷ ᠬᠦᠴᠦᠯᠡᠨ ᠬᠢᠬᠦ᠂ ᠰᠠᠭᠤᠷᠢ ᠪᠠᠲᠤᠯᠠᠭ᠎ᠠ ᠶᠢ ᠪᠦᠭᠦ ᠲᠠᠯ᠎ᠠ ᠪᠠᠷ ᠪᠠᠬᠢᠵᠢᠭᠦᠯᠬᠦ ᠶᠢ ᠠᠬᠢᠭᠤᠯᠵᠤ᠂ ᠰᠠᠨᠠᠭᠠᠴᠢᠯᠠᠭᠠᠲᠤ ᠪᠤᠰᠤ ᠪᠠᠷ ᠬᠥᠳᠡᠯᠦᠯᠴᠡᠵᠦ ᠪᠠᠶᠢᠭᠰᠠᠨ ᠠᠴᠠ ᠰᠠᠨᠠᠭᠠᠴᠢᠯᠠᠭ᠎ᠠ ᠲᠠᠢ ᠪᠠᠷ ᠵᠠᠰᠠᠬᠤ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ ᠡᠮᠦᠨ᠎ᠡ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠣᠷᠳᠣᠰ᠂ ᠪᠤᠭᠤᠲᠤ᠂ ᠭᠦᠭᠡᠬᠤᠲᠠ ᠳᠤ ᠭᠦᠨᠵᠡᠭᠡᠶᠢᠷᠡᠵᠦ᠂ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂       ᠪᠠᠷᠢᠯᠭ᠎ᠠ᠂ ᠰᠣᠶᠣᠯ ᠵᠢᠭᠤᠯᠴᠢᠯᠠᠯ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠬᠡᠰᠡᠭ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠲᠤᠬᠠᠢ ᠶᠢᠨ ᠭᠠᠵᠠᠷ ᠤᠨ ᠪᠠᠶᠢᠴᠠᠭᠠᠯᠲᠠ ᠥᠷᠨᠢᠭᠦᠯᠪᠡ᠃  ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ  ᠶᠢᠨ ᠬᠤᠷᠢᠶ᠎ᠠ ᠶᠢᠨ ᠳᠡᠳ᠋ ᠡᠷᠭᠢᠯᠡᠭᠴᠢ ᠭᠡᠰᠢᠭᠦᠨ ᠴᠢᠨ ᠱᠧᠩ ᠰᠢᠶᠠᠩ᠂ ᠸᠠᠩ ᠲᠢᠶᠧ ᠮᠢᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠨᠢᠩ᠂ ᠶᠠᠩ ᠴᠦᠨ ᠫᠢᠩ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠸᠠᠩ ᠶᠢᠨ ᠱᠧᠩ ᠪᠠᠶᠢᠴᠠᠭᠠᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ᠂ ᠪᠦᠦ ᠭᠠᠩ᠂ ᠳ᠋ᠢᠩ ᠰᠢᠤ ᠹᠧᠩ᠂ ᠬᠤᠸᠠᠩ ᡁᠢ ᠴᠢᠶᠠᠩ᠂ ᠦ᠋ ᠶᠠᠨ ᠭᠠᠩ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号