ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ | ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠳᠤ ᠣᠷᠣᠯᠴᠠᠪᠠ ᠃ | ᠬᠤᠷᠠᠯ ᠳᠡᠭᠡᠷ᠎ᠡ ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ | ᠵᠥᠪᠯᠡᠯ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠵᠦ ᠂ 5 ᠨᠥᠬᠦᠷ ᠬᠤᠶᠢᠨ᠎ᠠ ᠬᠤᠶᠢᠨ᠎ᠠ ᠠᠴᠠ ᠪᠠᠨ | ᠬᠠᠷᠭᠤᠭᠤᠯᠤᠭᠰᠠᠨ ᠪᠠᠶᠢᠴᠠᠭᠠᠯᠲᠠ ᠶᠢᠨ ᠦᠭᠡ ᠬᠡᠯᠡᠵᠦ ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ ᠃ | ᠸᠠᠩ ᠯᠢ ᠰᠢᠶᠠ ᠂ ᠦᠵᠡᠯ ᠰᠠᠨᠠᠭ᠎ᠠ ᠶᠢ ᠰᠤᠷᠤᠯᠴᠠᠬᠤ ᠪᠣᠯ ᠥᠨᠢᠳᠡ ᠶᠢᠨ ᠰᠡᠳᠦᠪ ᠮᠥᠨ ᠂ ᠰᠢᠰᠲ᠋ᠧᠮ ᠲᠠᠢ | ᠨᠡᠪᠲᠡᠷᠡᠲᠡᠯ᠎ᠡ ᠰᠤᠷᠤᠯᠴᠠᠵᠤ ᠂ ᠪᠦᠭᠦ ᠲᠠᠯ᠎ᠠ ᠳᠤ ᠵᠣᠭᠰᠣᠨ ᠰᠤᠷᠤᠯᠴᠠᠵᠤ ᠂ ᠪᠣᠳᠠᠲᠠᠢ ᠲᠠᠢ ᠤᠶᠠᠯᠳᠤᠭᠤᠯᠤᠨ | ᠰᠤᠷᠤᠯᠴᠠᠵᠤ ᠂ ᠦᠵᠡᠯ ᠰᠠᠨᠠᠭᠠᠨ ᠤ ᠨᠡᠭᠡᠯᠡᠭᠡᠢ ᠶᠢ ᠴᠢᠩᠭᠠᠯᠠᠵᠤ ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ | ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ ᠬᠡᠷᠡᠭᠲᠡᠢ ᠃ ᠨᠠᠮᠴᠢ ᠴᠢᠨᠠᠷ ᠢ ᠴᠢᠩᠭᠠᠳᠬᠠᠬᠤ ᠳᠤ ᠡᠷᠬᠡᠪᠰᠢ ᠪᠣᠳᠠᠲᠠᠢ ᠳᠤ | ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠢᠶᠠᠷ ᠬᠡᠪ ᠳᠠᠭᠤᠷᠢᠶᠠᠯ ᠪᠤᠯᠭᠠᠵᠤ ᠂ ᠨᠠᠮ ᠤᠨ ᠭᠡᠰᠢᠭᠦᠨ | ᠡᠷᠬᠡᠪᠰᠢ ᠨᠠᠮ ᠢᠶᠠᠨ ᠬᠠᠶᠢᠷᠠᠯᠠᠬᠤ ᠨᠠᠮ ᠳᠠᠭᠠᠨ ᠵᠢᠳᠬᠦᠬᠦ ᠨᠠᠮ ᠤᠨ ᠲᠥᠯᠥᠭᠡ ᠰᠠᠨᠠᠭᠠᠰᠢᠷᠠᠬᠤ ᠶᠢ ᠢᠮᠠᠭᠲᠠ | ᠪᠠᠷᠢᠮᠲᠠᠯᠠᠵᠤ ᠂ ᠭᠤᠮᠣᠳᠠᠯ ᠭᠡᠮᠰᠢᠯ ᠭᠡᠵᠦ ᠦᠭᠡᠢ ᠂ ᠭᠤᠶᠠᠴᠢ ᠦᠭᠡᠢ ᠬᠠᠷᠠᠮᠰᠠᠯ ᠦᠭᠡᠢ ᠪᠠᠶᠢᠬᠤ ᠬᠡᠷᠡᠭᠲᠡᠢ ᠃ | ᠦᠢᠯᠡᠳᠦᠯᠭᠡ ᠶᠢ ᠴᠢᠬᠤᠯᠠᠴᠢᠯᠠᠬᠤ ᠶᠢᠨ ᠭᠤᠣᠯᠳᠠᠯᠭ᠎ᠠ ᠨᠢ ᠪᠣᠳᠠᠲᠠᠢ ᠠᠵᠢᠯᠯᠠᠬᠤ ᠳᠤ ᠪᠤᠢ ᠂ ᠤᠶᠤᠨ ᠴᠢᠳᠠᠯ ᠢᠶᠠᠨ ︽ | ᠬᠤᠶᠠᠷ ᠶᠡᠭᠡ ᠶᠠᠪᠤᠳᠠᠯ ︾ ᠢ ᠰᠠᠶᠢᠲᠤᠷ ᠬᠢᠬᠦ ᠦᠢᠯᠡᠳᠦᠯᠭᠡ ᠳᠤ ᠡᠷᠭᠦᠨ ᠵᠢᠳᠬᠦᠵᠦ ᠂ ︽ᠰᠢᠨ᠎ᠡ ᠵᠠᠮ ᠢ ᠨᠡᠭᠡᠭᠡᠵᠦ ᠂ | ᠳᠤᠮᠳᠠ ᠲᠦᠪᠰᠢᠨ ᠳᠤ ᠣᠷᠣᠬᠤ ︾ ᠬᠠᠷᠠᠯᠲᠠ ᠶᠢᠨ ᠲᠣᠭᠤᠷᠢᠨ ᠳᠤ ᠂ ᠲᠥᠯᠥᠪᠵᠢᠭᠦᠯᠬᠦ ᠶᠢ ᠴᠢᠬᠤᠯᠠᠴᠢᠯᠠᠵᠤ ᠂ | ᠦᠷ᠎ᠡ ᠪᠦᠲᠦᠮᠵᠢ ᠶᠢ ᠴᠢᠬᠤᠯᠠᠴᠢᠯᠠᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠬᠠᠷᠠᠯᠲᠠ ᠪᠠᠷ | ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ ᠂ ᠳ᠋ᠦᠩᠨᠡᠵᠦ ᠰᠢᠷᠭᠠᠭᠠᠨ ᠪᠤᠯᠪᠠᠰᠤᠷᠠᠭᠤᠯᠵᠤ ᠰᠢᠯᠢᠳᠡᠭᠵᠢᠭᠦᠯᠦᠨ | ᠳᠡᠭᠡᠭᠰᠢᠯᠡᠭᠦᠯᠭᠦ ᠳᠡᠭᠡᠷ᠎ᠡ ᠬᠦᠴᠦ ᠣᠷᠣᠭᠤᠯᠵᠤ ᠂ ᠮᠦᠷᠳᠡᠨ ᠲᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠵᠦ ᠂ ᠨᠠᠷᠢᠨ | ᠬᠢᠨᠠᠮᠠᠭᠠᠢ ᠲᠠᠯᠪᠢᠯ ᠦᠭᠡᠢ ᠮᠦᠷᠳᠡᠨ ᠭᠦᠢᠴᠡᠳᠬᠡᠯᠭᠡᠵᠦ ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠃ | ᠰᠢᠨ᠎ᠡ ᠭᠠᠪᠢᠶ᠎ᠠ ᠪᠠᠶᠢᠭᠤᠯᠬᠤ ᠳᠤ ᠲᠡᠷᠢᠭᠦᠨ ᠤ ᠬᠢ ᠪᠠᠷ ᠪᠠᠷᠢᠮᠵᠢᠶᠠᠯᠠᠵᠤ ᠂ ᠲᠡᠷᠢᠭᠦᠨ ᠤ ᠬᠢ ᠪᠤᠯᠬᠤ ᠪᠠᠷ ᠴᠢᠷᠮᠠᠶᠢᠵᠤ ᠂ | ᠳᠠᠭᠢᠨ ᠳᠠᠪᠲᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠰᠠᠨᠠᠭᠠᠴᠢᠯᠠᠭᠠᠲᠤ ᠪᠤᠰᠤ ᠪᠠᠶᠢᠭᠰᠠᠨ ᠠᠴᠠ ᠪᠠᠨ | ᠰᠠᠨᠠᠭᠠᠴᠢᠯᠠᠭᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ ᠂ ᠰᠤᠷᠤᠯᠴᠠᠬᠤ ᠶᠢᠨ ᠳᠠᠭᠠᠤ ᠳᠡᠭᠡᠭᠰᠢᠯᠡᠭᠦᠯᠵᠦ ᠂ | ᠵᠣᠬᠢᠶᠠᠯ ᠤᠨ ᠰᠤᠷᠲᠠᠯ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ ᠂ ᠬᠠᠮᠲᠤ ᠨᠡᠶᠢᠲᠡ ᠶᠢᠨ ᠤᠬᠠᠮᠰᠠᠷ ᠂ ᠬᠤᠪᠢ | ᠨᠡᠮᠡᠷᠢ ᠦᠵᠡᠭᠦᠯᠭᠦ ᠵᠣᠷᠢᠭ ᠰᠠᠨᠠᠭ᠎ᠠ ᠶᠢ ᠴᠢᠩᠭᠠᠳᠬᠠᠵᠤ ᠂ ︽ᠤᠳᠠᠭᠠᠨ ᠂ ᠪᠦᠳᠦᠭᠦᠯᠢᠭ ᠂ ᠬᠡᠶᠢᠰᠪᠦᠷᠢ ︾ ᠪᠠᠶᠢᠬᠤ | ᠠᠰᠠᠭᠤᠳᠠᠯ ᠢ ᠰᠢᠢᠳᠪᠦᠷᠢᠯᠡᠵᠦ ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ ᠬᠤᠷᠳᠤᠴᠠ ᠪᠠᠨ ᠲᠦᠷᠭᠡᠳᠬᠡᠨ | ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ ᠠᠬᠢᠭᠤᠯᠬᠤ ᠬᠡᠷᠡᠭᠲᠡᠢ ᠭᠡᠵᠡᠢ ᠃ | |