9 ᠳ᠋ᠦ᠋ᠭᠡᠷ ᠰᠠᠷ᠎ᠠ ᠶᠢᠨ 18 ᠤ ᠡᠳᠦᠷ᠂ 2023 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠡᠳᠦᠷ ᠤᠨ ᠤᠰᠤᠨ ᠠᠰᠢᠭᠯᠠᠯᠲᠠ ᠶᠢᠨ ᠭᠤᠤᠯ ᠲᠠᠯᠠᠪᠤᠷ ᠤᠨ ᠠᠵᠢᠯᠯᠠᠭ᠎ᠠ ᠵᠢᠴᠢ ᠤᠰᠤᠨ | ᠠᠰᠢᠭᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠠᠷᠠᠭ ᠤᠨ ᠡᠬᠢᠯᠡᠯᠲᠡ ᠶᠢᠨ ᠶᠣᠰᠣᠯᠠᠯ ᠪᠡᠭᠡᠵᠢᠩ ᠳᠤ | ᠠᠮᠵᠢᠯᠲᠠ ᠲᠠᠢ ᠶᠠᠪᠤᠭᠳᠠᠪᠠ᠃ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠵᠦ ᠴᠧᠩ ᠴᠢᠩ | ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠤᠰᠬᠠᠶ ᠲᠤᠰᠢᠶᠠᠯᠲᠤ ᠳᠡᠳ᠋ ᠲᠡᠷᠢᠭᠦᠯᠡᠭᠴᠢ᠂ ᠱᠦᠵᠢ ᠨᠡᠷ ᠤᠨ ᠭᠠᠵᠠᠷ ᠤᠨ | ᠱᠦᠵᠢ ᠮᠧᠩ ᠴᠢᠩ ᠬᠠᠶ ᠠᠵᠢᠯᠯᠠᠭ᠎ᠠ ᠳᠤ ᠣᠷᠣᠯᠴᠠᠪᠠ᠃ | ᠵᠦ ᠴᠧᠩ ᠴᠢᠩ ᠪᠠᠶᠠᠷ ᠤᠨ ᠦᠭᠡ ᠳᠡᠭᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠶᠡᠷᠦᠩᠬᠡᠢ ᠱᠦᠵᠢ ᠰᠢ ᠶᠢᠨ ᠫᠢᠩ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠳᠤ ᠤᠯᠠᠨ ᠤᠳᠠᠭ᠎ᠠ | ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯ ᠰᠢᠨ᠎ᠡ ᠶᠢ ᠡᠭᠦᠳᠬᠦ ᠬᠥᠭᠵᠢᠯᠲᠡ ᠶᠢ ᠪᠡᠶᠡᠯᠡᠭᠦᠯᠬᠦ ᠬᠤᠶᠠᠷ ᠵᠢᠭᠦᠷ | ᠮᠥᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠢ | ᠠᠳᠠᠯᠢᠬᠠᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ︾ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ | ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠨᠢ ᠪᠢᠳᠡᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ | ᠰᠠᠶᠢᠲᠤᠷ ᠬᠢᠬᠦ ᠳᠤ ᠠᠵᠢᠯᠯᠠᠭᠠᠨ ᠤ ᠵᠦᠭᠯᠡᠭᠦᠷ ᠪᠠ ᠦᠨᠳᠦᠰᠦᠨ ᠵᠢᠷᠤᠮᠯᠠᠯ ᠬᠠᠩᠭᠠᠪᠠ᠃ ᠵᠦ ᠴᠧᠩ ᠴᠢᠩ | ᠲᠠᠷᠠᠭᠠᠴᠢ ᠶᠢᠨ ᠠᠯᠬᠤᠮ ᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠳᠤ | ᠳᠥᠷᠪᠡᠨ ᠬᠦᠰᠡᠯ ᠳᠤᠷᠠᠳᠪᠠ᠄ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ | ᠨᠡᠮᠡᠭᠳᠡᠭᠦᠯᠬᠦ ᠬᠡᠷᠡᠭᠲᠡᠶ︔ ᠬᠤᠶᠠᠷ ᠲᠤ᠂ ᠤᠰᠤᠨ ᠠᠰᠢᠭᠯᠠᠯᠲᠠ ᠶᠢᠨ ᠣᠨᠴᠠᠯᠢᠭ ᠲᠤ ᠰᠠᠭᠤᠷᠢᠯᠠᠨ᠂ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠠᠵᠢᠯ ᠤᠨ ᠬᠦᠴᠦᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ︔ | ᠭᠤᠷᠪᠠ ᠳᠤ᠂ ᠰᠠᠭᠤᠷᠢ ᠦᠢᠯᠡᠴᠢᠯᠡᠭᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ︔ ᠳᠥᠷᠪᠡ ᠳᠤ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠬᠠᠮᠲᠤ ᠪᠠᠷ ᠠᠬᠢᠭᠤᠯᠬᠤ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠦᠨ᠎ᠡ᠃ | ᠭᠤᠤᠯ ᠲᠠᠯᠠᠪᠤᠷ ᠤᠨ ᠠᠵᠢᠯᠯᠠᠭ᠎ᠠ ᠶᠢᠨ ᠬᠤᠭᠤᠴᠠᠭᠠᠨ ᠳᠤ᠂ ᠵᠦ ᠴᠧᠩ ᠴᠢᠩ᠂ ᠮᠧᠩ ᠴᠢᠩ ᠬᠠᠶ | ᠬᠠᠮᠲᠤ ᠪᠠᠷ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠᠳᠤ ᠤᠯᠤᠰ︾ ᠤᠰᠤᠨ ᠠᠰᠢᠭᠯᠠᠯᠲᠠ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠰᠡᠳᠦᠪᠲᠦ ᠡᠬᠢ ᠪᠠᠶᠠᠯᠢᠭ ᠢ ᠰᠦᠯᠵᠢᠶᠡᠨ ᠳᠤ | ᠳᠠᠭᠠᠭᠠᠴᠢᠯᠠᠭᠤᠯᠬᠤ ᠶᠣᠰᠣᠯᠠᠯ ᠢ ᠡᠬᠢᠯᠡᠭᠦᠯᠪᠡ᠃ ᠬᠥᠬᠡᠮᠥ᠋ᠷᠡᠨ ᠤ ᠰᠢᠨᠵᠢᠯᠡᠬᠦ ᠤᠬᠠᠭᠠᠨ ᠤ ᠬᠦᠷᠢᠶᠡᠯᠡᠩ᠂ ᠬᠠᠲᠤᠨ | ᠭᠤᠤᠯ ᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ 2 ᠲᠤᠰᠬᠠᠶ | ᠮᠡᠷᠭᠡᠵᠢᠯᠲᠡᠨ ᠤᠷᠢᠯᠭ᠎ᠠ ᠪᠠᠷ ᠲᠣᠰ ᠲᠣᠰ ᠬᠥᠬᠡᠮᠥ᠋ᠷᠡᠨ ᠤ ᠡᠬᠢ ᠣᠷᠣᠨ ᠤ ᠤᠰᠤᠨ ᠤ ᠠᠮᠢ ᠠᠬᠤᠶ ᠶᠢᠨ ᠰᠢᠨᠵᠢᠯᠡᠬᠦ | ᠤᠬᠠᠭᠠᠨ ᠤ ᠰᠢᠨᠵᠢᠯᠡᠨ ᠪᠠᠶᠢᠴᠠᠭᠠᠯᠲᠠ᠂ ᠬᠠᠲᠤᠨ ᠭᠤᠤᠯ ᠤᠨ ᠤᠰᠤ ᠡᠯᠡᠰᠦᠨ ᠤ ᠬᠠᠷᠢᠴᠠᠭ᠎ᠠ ᠬᠢᠭᠡᠳ ᠤᠰᠤ | ᠲᠣᠬᠢᠷᠠᠭᠤᠯᠬᠤ ᠡᠯᠡᠰᠦ ᠶᠢᠨ ᠲᠣᠭᠤᠷᠢᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠰᠡᠳᠦᠪᠲᠦ | ᠮᠡᠳᠡᠭᠦᠯᠦᠯᠲᠡ ᠬᠢᠪᠠ᠃ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠤᠨ ︽ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ | ᠴᠠᠬᠢᠯᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠧᠯᠸᠢᠰ ᠰᠣᠨᠣᠰᠬᠠᠯ ᠤᠨ ᠴᠤᠪᠤᠷᠠᠯ ᠪᠢᠴᠢᠭ︾ ᠢ | ᠤᠬᠠᠭᠤᠯᠤᠨ ᠲᠠᠨᠢᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠲᠥᠪ ᠤᠨ ᠤᠰᠤᠨ | ᠠᠰᠢᠭᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠯᠢᠳᠡᠭ ᠣᠬᠤᠷ ᠸᠢᠳᠢᠣ᠋᠂ ᠰᠧᠴᠤᠸᠠᠨ ᠮᠤᠵᠢ ᠶᠢᠨ | ᠤᠰᠤᠨ ᠠᠰᠢᠭᠯᠠᠯᠲᠠ ᠶᠢᠨ ᠲᠢᠩᠬᠢᠮ᠂ ᠨᠠᠨᠵᠢᠩ ᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢᠨ ᠤᠷᠤᠯᠳᠤᠭᠠᠨ ᠤ 2 | ᠨᠡᠷᠡᠰ ᠱᠠᠩᠨᠠᠯ ᠬᠦᠷᠲᠡᠭᠴᠢ ᠳ᠋ᠦ᠋ ᠵᠢᠶᠠᠩ ᠶᠠᠨ ᠤᠰᠤᠨ ᠠᠰᠢᠭᠯᠠᠯᠲᠠ ᠶᠢᠨ ᠢᠨᠵᠧᠨᠧᠷᠢᠩ᠂ ︽ᠢᠦᠶ ᠯᠦᠩ | ᠨᠡᠷᠡᠮᠵᠢᠲᠦ︾ ᠭᠦᠨ ᠤᠰᠤᠨ ᠤ ᠰᠢᠯᠭᠠᠨ ᠪᠠᠶᠢᠴᠠᠭᠠᠯᠲᠠ ᠶᠢᠨ ᠬᠥᠮᠦᠨ ᠰᠠᠭᠤᠯᠭᠠᠭᠰᠠᠨ ᠱᠤᠩᠭᠤᠭᠤᠷ ᠤᠨ | ᠲᠣᠭᠤᠷᠢᠨ ᠳᠤ ᠲᠤᠬᠠᠶ ᠶᠢᠨ ᠲᠠᠯᠠᠪᠠᠶ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠪᠠ᠃ ᠳᠤᠮᠳᠠᠳᠤ | ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠬᠡᠪᠯᠡᠯ ᠤᠨ ᠵᠠᠭᠤᠴᠢᠯᠠᠭᠤᠷ ᠤᠨ ᠪᠦᠯᠦᠭᠯᠡᠯ | ᠠᠵᠢᠯᠯᠠᠭ᠎ᠠ ᠶᠢᠨ ᠠᠬᠤᠢ ᠲᠠᠯᠠᠪᠠᠢ ᠳᠤ ᠰᠢᠯᠢᠳᠡᠭ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠨᠣᠮ ᠪᠢᠴᠢᠭ ᠤᠨ ᠦᠵᠡᠭᠦᠯᠭᠡ ᠥᠷᠨᠢᠭᠦᠯᠪᠡ᠃ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠤ ᠪᠠᠶᠢᠭᠤᠯᠭ᠎ᠠ ᠶᠢᠨ ᠡᠯ᠎ᠡ ᠵᠤᠷᠭᠠᠨ | ᠲᠣᠪᠴᠢᠶ᠎ᠠ ᠪᠣᠯᠤᠨ ᠪᠡᠭᠡᠵᠢᠩ ᠳᠤ ᠪᠠᠶᠢᠭ᠎ᠠ ᠰᠢᠭᠤᠳ ᠬᠠᠷᠢᠶ᠎ᠠ ᠨᠢᠭᠡᠴᠢ᠂ ᠪᠡᠭᠡᠵᠢᠩ ᠠᠴᠠ ᠭᠠᠳᠠᠨᠠᠬᠢ ᠬᠤᠯᠪᠣᠭᠳᠠᠯ | ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ 50 ᠭᠠᠷᠤᠶ ᠨᠢᠭᠡᠴᠢ ᠶᠢᠨ | ᠲᠥᠯᠥᠭᠡᠯᠡᠭᠴᠢ ᠲᠤᠬᠠᠶ ᠶᠢᠨ ᠲᠠᠯᠠᠪᠠᠶ ᠳᠤ ᠠᠵᠢᠯᠯᠠᠭ᠎ᠠ ᠳᠤ ᠣᠷᠣᠯᠴᠠᠪᠠ᠃ ᠡᠭᠦᠨ ᠤ ᠬᠠᠮᠲᠤ᠂ ᠲᠣᠰ ᠤᠳᠠᠭ᠎ᠠ ᠶᠢᠨ | ᠠᠵᠢᠯᠯᠠᠭ᠎ᠠ ᠶᠢ ︽ᠳᠤᠮᠳᠠᠳᠤ ᠤᠯᠤᠰ ᠤᠨ ᠤᠰᠤᠨ ᠤ ᠶᠠᠪᠤᠳᠠᠯ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ | ᠰᠢᠭᠤᠳ ᠨᠡᠪᠲᠡᠷᠡᠭᠦᠯᠵᠦ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠮᠡ ᠭᠠᠷᠤᠶ | ᠳᠤᠷ᠎ᠠ ᠪᠠᠭ᠋ᠠᠲᠠᠶ ᠬᠥᠮᠦᠰ ᠰᠦᠯᠵᠢᠶᠡᠨ ᠳᠡᠭᠡᠷ᠎ᠡ ᠪᠣᠳᠠᠲᠤ ᠪᠠᠶᠢᠳᠠᠯ ᠢ ᠭᠥᠯᠢᠶᠡᠨ ᠠᠪᠴᠤ ᠦᠵᠡᠪᠡ᠃ | 2023 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ ᠠᠴᠠ 23 ᠤ ᠡᠳᠦᠷ ᠪᠣᠯᠲᠠᠯ᠎ᠠ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠥᠪ ᠤᠨ ᠤᠬᠠᠭᠤᠯᠬᠤ ᠬᠡᠯᠲᠡᠰ᠂ ᠤᠰᠤᠨ | ᠠᠰᠢᠭᠯᠠᠯᠲᠠ ᠶᠢᠨ ᠶᠠᠮᠤᠨ ᠵᠡᠷᠭᠡ 21 ᠰᠠᠯᠠᠭ᠎ᠠ ᠮᠥᠴᠢᠷ ᠬᠠᠮᠲᠤᠷᠠᠨ 2023 ᠣᠨ ᠤ ᠪᠥᠬᠦ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠠᠵᠢᠯᠯᠠᠭ᠎ᠠ ᠡᠷᠭᠢᠯᠡᠪᠡ᠃ ᠤᠰᠤᠨ | ᠠᠰᠢᠭᠯᠠᠯᠲᠠ ᠶᠢᠨ ᠶᠠᠮᠤᠨ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ | ᠬᠤᠭᠤᠴᠠᠭᠠᠨ ᠳᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠭᠠᠷᠠᠭ ᠤᠨ | ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠬᠠᠮᠢᠶ᠎ᠠ ᠪᠥᠬᠦᠶ ᠨᠢᠭᠡᠴᠢ ᠶᠢ ᠵᠣᠬᠢᠶᠠᠨ ᠪᠠᠶᠢᠭᠤᠯᠤᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠠᠴᠢᠶᠠᠯᠠᠪᠤᠷᠢ ᠶᠢᠨ ᠨᠡᠭᠡᠭᠡᠯᠲᠡ ᠶᠢᠨ ᠡᠳᠦᠷ ᠢ ᠬᠠᠮᠲᠤᠪᠠᠷ ᠥᠷᠨᠢᠭᠦᠯᠵᠦ᠂ ᠠᠺᠠᠳᠧᠮᠢᠴᠢ | ᠲᠤᠰᠬᠠᠶ ᠮᠡᠷᠭᠡᠵᠢᠯᠲᠡᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠡᠬᠢ ᠪᠠᠶᠠᠯᠢᠭ ᠢ ᠲᠥᠪᠯᠡᠷᠡᠭᠦᠯᠦᠨ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠲᠠᠶᠢᠯᠤᠮᠵᠢ ᠬᠢᠬᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ︽ᠲᠠᠪᠤ ᠶᠢ ᠠᠬᠢᠭᠤᠯᠬᠤ︾ | ᠵᠡᠷᠭᠡ ᠰᠢᠷᠢᠰ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠥᠷᠨᠢᠭᠦᠯᠵᠦ᠂ ᠠᠭᠤᠯᠭ᠎ᠠ ᠪᠠᠷ ᠪᠠᠶᠠᠯᠢᠭ᠂ ᠰᠢᠨᠵᠢᠯᠡᠬᠦ | ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠭᠠᠷᠠᠭ ᠤᠨ ᠠᠵᠢᠯᠯᠠᠭ᠎ᠠ ᠶᠢ ᠨᠠᠷᠢᠨ | ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠦᠨ᠎ᠡ᠃ | |