ᠬᠤᠶᠠᠳᠤᠭᠠᠷ ᠤᠳᠠᠭ᠎ᠠ ᠶᠢᠨ ᠳᠤᠮᠳᠠᠳᠤ ᠧᠦ᠋ᠷᠣᠫᠠ ᠶᠢᠨ ᠲᠣᠭᠠᠴᠢᠯᠠᠭᠰᠠᠨ ᠬᠦᠷᠢᠶᠡᠨ ᠤ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠠᠪᠤᠭᠳᠠᠪᠠ ᠵᠠᠩ ᠭᠦᠸᠧ ᠴᠢᠩ ᠶᠣᠣ ᠯᠦᠸᠧ ᠸᠠ ᠲᠠᠢ ᠬᠠᠮᠲᠤ ᠡᠷᠬᠢᠯᠡᠪᠡ
ᠨᠡᠶᠢᠲᠡᠯᠡᠭᠰᠡᠨ ᠴᠠᠭ᠄
2023/9/18
        ᠬᠤᠶᠠᠳᠤᠭᠠᠷ ᠤᠳᠠᠭᠠᠨ ᠤ ᠳᠤᠮᠳᠠᠳᠤ ᠧᠦ᠋ᠷᠣᠫᠠ ᠶᠢᠨ ᠲᠣᠭᠠᠴᠢᠯᠠᠭᠰᠠᠨ ᠬᠦᠷᠢᠶᠡᠨ ᠳᠠᠬᠢ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠠᠪᠤᠭᠳᠠᠪᠠ         ᠵᠠᠩ ᠭᠦᠸᠧ ᠴᠢᠩ ᠪᠣᠯᠤᠨ ᠶᠣᠣ ᠯᠦᠸᠧ ᠸᠠ ᠬᠠᠮᠲᠤ ᠪᠠᠷ ᠡᠷᠬᠢᠯᠡᠪᠡ     ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠵᠠᠩ ᠭᠦᠸᠧ ᠴᠢᠩ 18 ᠤ ᠡᠳᠦᠷ ᠪᠡᠭᠡᠵᠢᠩ ᠳᠤ ᠧᠦ᠋ᠷᠣᠫᠠ ᠶᠢᠨ ᠬᠤᠯᠪᠣᠭᠠᠨ ᠤ ᠵᠥᠪᠯᠡᠯ ᠤᠨ ᠳᠡᠳ᠋ ᠲᠡᠷᠢᠭᠦᠯᠡᠭᠴᠢ ᠶᠣᠣ ᠯᠦᠸᠧ ᠸᠠ ᠲᠠᠢ ᠬᠠᠮᠲᠤ ᠬᠤᠶᠠᠳᠤᠭᠠᠷ ᠤᠳᠠᠭᠠᠨ ᠤ ᠳᠤᠮᠳᠠᠳᠤ ᠧᠦ᠋ᠷᠣᠫᠠ ᠶᠢᠨ ᠲᠣᠭᠠᠴᠢᠯᠠᠭᠰᠠᠨ ᠬᠦᠷᠢᠶᠡᠨ ᠤ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠢ ᠡᠷᠭᠢᠯᠡᠵᠦ᠂ ᠬᠤᠶᠠᠷ ᠲᠠᠯ᠎ᠠ ᠪᠠᠷ ᠢᠶᠠᠨ ᠲᠣᠭᠠᠴᠢᠯᠠᠭᠰᠠᠨ ᠬᠦᠷᠢᠶᠡᠨ ᠤ ᠬᠥᠭᠵᠢᠯᠲᠡ ᠪᠠ ᠲᠥᠷᠥ ᠶᠢᠨ ᠪᠣᠳᠣᠯᠭ᠎ᠠ᠂ ᠵᠣᠬᠢᠶᠠᠮᠠᠯ ᠣᠶᠤᠨ ᠴᠢᠳᠠᠪᠤᠷᠢ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠮᠡᠷᠭᠡᠵᠢᠯ ᠪᠠ ᠪᠠᠷᠢᠮᠵᠢᠶ᠎ᠠ᠂ ᠰᠤᠳᠤᠯᠭᠠᠨ ᠪᠠ ᠰᠢᠨ᠎ᠡ ᠡᠭᠦᠳᠦᠯᠲᠡ᠂ ᠲᠤᠭ᠎ᠠ ᠪᠠᠷᠢᠮᠲᠠ ᠶᠢᠨ ᠬᠢᠯᠢ ᠠᠯᠤᠰᠯᠠᠨ ᠰᠢᠯᠵᠢᠬᠦ᠂ ᠢᠳᠡᠭᠡᠨ ᠤ ᠪᠤᠰᠤ ᠬᠡᠷᠡᠭᠯᠡᠭᠡᠨ ᠤ ᠵᠦᠢᠯ ᠤᠨ ᠠᠮᠤᠷ ᠲᠦᠪᠰᠢᠨ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠭᠦᠨᠵᠡᠭᠡᠶ ᠶᠠᠷᠢᠯᠴᠠᠵᠤ᠂ ᠠᠯᠢ ᠣᠯᠠᠨ ᠦᠷ᠎ᠡ ᠪᠦᠲᠦᠭᠡᠯ ᠤᠯᠪᠠ᠃  ᠬᠤᠶᠠᠷ ᠲᠠᠯ᠎ᠠ ᠪᠠᠷ ᠢᠶᠠᠨ᠂ ᠳᠤᠮᠳᠠᠳᠤ ᠧᠦ᠋ᠷᠣᠫᠠ ᠨᠢ ᠲᠣᠭᠠᠴᠢᠯᠠᠭᠰᠠᠨ ᠬᠦᠷᠢᠶᠡᠨ ᠳᠤ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠪᠠ ᠨᠡᠯᠢᠶᠡᠳ ᠴᠢᠩᠭ᠎ᠠ ᠬᠠᠷᠢᠯᠴᠠᠨ ᠨᠥᠬᠦᠪᠥᠷᠢᠯᠡᠬᠦ ᠴᠢᠨᠠᠷ ᠲᠠᠢ ᠶᠤᠮ᠂ ᠳᠤᠷᠠᠲᠠᠶ᠎ᠠ ᠬᠠᠮᠲᠤ ᠪᠠᠷ ᠴᠢᠷᠮᠠᠶᠢᠵᠤ᠂ ᠰᠣᠯᠢᠯᠴᠠᠭ᠎ᠠ ᠪᠠᠨ ᠴᠢᠩᠭᠠᠳᠬᠠᠵᠤ᠂ ᠲᠣᠭᠠᠴᠢᠯᠠᠭᠰᠠᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠡᠭᠡᠭᠡᠯᠲᠡᠲᠡᠢ᠂ ᠪᠠᠭᠲᠠᠭᠠᠮᠵᠢᠲᠠᠢ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠪᠠ ᠠᠵᠤ ᠠᠬᠤᠢ ᠶᠢᠨ ᠰᠡᠷᠭᠦᠨ ᠬᠥᠭᠵᠢᠬᠦ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ ᠭᠡᠵᠦ ᠦᠵᠡᠪᠡ᠃  ᠵᠠᠩ ᠭᠦᠸᠧ ᠴᠢᠩ ᠢᠯᠡᠷᠬᠡᠶᠢᠯᠡᠭᠰᠡᠨ ᠨᠢ᠂ ᠳᠤᠮᠳᠠᠳᠤ ᠤᠯᠤᠰ ᠲᠣᠭᠠᠴᠢᠯᠠᠭᠰᠠᠨ ᠬᠦᠷᠢᠶᠡᠨ ᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠠᠬᠢᠭᠤᠯᠤᠨ᠎ᠠ᠂ ᠧᠦ᠋ᠷᠣᠫᠠ ᠲᠢᠪ ᠤᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠠᠵᠠ ᠲᠣᠬᠢᠶᠠᠯ ᠢ ᠬᠤᠪᠢᠶᠠᠯᠴᠠᠨ ᠡᠳ᠋ᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠡᠢ᠃ ᠶᠣᠣ ᠯᠦᠸᠧ ᠸᠠ ᠢᠯᠡᠷᠬᠡᠶᠢᠯᠡᠭᠰᠡᠨ ᠨᠢ᠂ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠪᠣᠯᠤᠨ ᠳᠤᠮᠳᠠᠳᠤ ᠤᠯᠤᠰ ᠲᠣᠭᠠᠴᠢᠯᠠᠭᠰᠠᠨ ᠬᠦᠷᠢᠶᠡᠨ ᠳᠤ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠪᠣᠯᠤᠨ ᠠᠯᠤᠰ ᠢᠷᠡᠭᠡᠳᠦᠢ ᠲᠠᠢ ᠶᠤᠮ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠯᠪᠣᠭᠳᠠᠯ ᠪᠦᠬᠦᠢ ᠬᠦᠷᠢᠶᠡᠨ ᠳᠤ ᠶᠠᠷᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ ᠭᠡᠵᠡᠢ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号