9 ᠳ᠋ᠦ᠋ᠭᠡᠷ ᠰᠠᠷ᠎ᠠ ᠶᠢᠨ 18 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠯᠢ ᠭᠦᠸᠧ ᠶᠢᠩ ᠤᠰᠤᠨ ᠠᠰᠢᠭᠯᠠᠯᠲᠠ ᠶᠢᠨ ᠶᠠᠮᠤᠨ ᠤ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠲᠤᠬᠠᠶ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ 2019 ᠣᠨ ᠤ 9 ᠳ᠋ᠦ᠋ᠭᠡᠷ ᠰᠠᠷ᠎ᠠ ᠶᠢᠨ 18 ᠤ ᠡᠳᠦᠷ ᠶᠡᠷᠦᠩᠬᠡᠶ ᠱᠦᠵᠢ ᠰᠢ ᠶᠢᠨ ᠫᠢᠩ ᠤᠨ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ | ᠶᠠᠷᠢᠯᠴᠠᠬᠤ ᠬᠤᠷᠠᠯ ᠢ ᠪᠡᠶ᠎ᠡ ᠪᠠᠷ ᠢᠶᠠᠨ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ | ᠲᠠᠯᠪᠢᠭᠰᠠᠨ ᠠᠴᠠ ᠨᠠᠭᠠᠰᠢᠬᠢ ᠠᠵᠢᠯ ᠤᠨ ᠠᠬᠢᠴᠠ ᠶᠢ ᠳ᠋ᠦᠩᠨᠡᠨ ᠪᠠᠶᠢᠴᠠᠭᠠᠵᠤ᠂ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ | ᠦᠨᠳᠦᠰᠦᠲᠡᠨ ᠪᠣᠯᠤᠨ ᠳᠤᠮᠳᠠᠳᠤ ᠶᠢᠨ ᠪᠣᠯᠪᠠᠰᠤᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢᠨ | ᠦᠨᠳᠤᠷᠴᠡ ᠠᠴᠠ ᠪᠡᠶ᠎ᠡ ᠪᠠᠷ ᠢᠶᠠᠨ ᠲᠥᠰᠦᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ | ᠠᠬᠢᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠪᠣᠯᠤᠨ᠎ᠠ᠃ ᠤᠰᠤᠨ ᠠᠰᠢᠭᠯᠠᠯᠲᠠ ᠶᠢᠨ | ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠬᠠᠮᠠᠭᠠᠯᠠᠯᠲᠠ ᠵᠠᠰᠠᠯᠲᠠ ᠶᠢᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ ᠲᠣᠭᠲᠠᠭᠠᠯᠲᠠ ᠶᠢ ᠠᠬᠢᠭᠤᠯᠬᠤ᠂ | ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠡᠭᠦᠯᠳᠡᠷᠵᠢᠭᠦᠯᠬᠦ᠂ ᠤᠰᠤᠨ ᠤ ᠡᠬᠢ | ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠬᠦ᠂ ᠭᠤᠣᠯ ᠮᠥᠷᠡᠨ ᠨᠠᠭᠤᠷ | ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠰᠠᠪᠠ ᠭᠠᠵᠠᠷ ᠤᠨ ᠪᠠᠶᠢᠭᠤᠯᠤᠮᠵᠢ | ᠲᠣᠭᠲᠠᠴᠠ ᠶᠢᠨ ᠬᠠᠤᠯᠢ ᠪᠠᠷ ᠵᠠᠰᠠᠬᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠴᠢᠬᠤᠯᠠ ᠱᠠᠳᠤᠴᠢ | ᠴᠢᠨᠠᠷᠲᠠᠢ ᠠᠬᠢᠴᠠ ᠲᠠᠢ ᠪᠣᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠵᠠᠷᠴᠢᠮ᠂ | ᠴᠢᠬᠤᠯᠠ ᠶᠡᠭᠡ ᠠᠰᠠᠭᠤᠳᠠᠯ᠂ ᠬᠠᠷᠠᠯᠲᠠ ᠡᠭᠦᠷᠭᠡ ᠶᠢ ᠪᠠᠲᠤ ᠡᠵᠡᠮᠳᠡᠵᠦ᠂ ᠯᠠᠪᠳᠠᠭᠤᠨ ᠪᠠᠲᠤᠲᠠᠢ ᠠᠵᠢᠯᠯᠠᠵᠤ᠂ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠳᠠᠭᠠᠨ ᠳᠠᠭᠠᠭᠠᠮᠠᠭᠠᠢ ᠵᠢᠳᠬᠦᠵᠦ᠂ ᠬᠠᠳᠤᠨ ᠭᠤᠣᠯ ᠤᠨ ᠥᠨᠢ | ᠡᠭᠦᠷᠢᠳᠡ ᠳᠤᠮᠳᠠᠳᠤ ᠶᠢᠨ ᠦᠨᠳᠦᠰᠦᠲᠡᠨ ᠳᠤ ᠪᠤᠶᠠᠨ ᠦᠢᠯᠡᠳᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ | ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ ᠠᠴᠠ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠲᠤ ᠣᠯᠭᠤᠭᠰᠠᠨ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠶ ᠭᠦᠢᠴᠡᠳᠭᠡᠵᠦ᠂ ᠪᠥᠬᠦ ᠲᠠᠯ᠎ᠠ ᠪᠠᠷ ᠪᠠᠶᠢᠴᠠᠭᠠᠨ ᠦᠵᠡᠵᠦ᠂ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠦᠢᠯ ᠳᠠᠷᠠᠭᠠᠯᠠᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠦᠢᠯ ᠳᠠᠷᠠᠭᠠᠯᠠᠨ ᠠᠬᠢᠭᠤᠯᠵᠤ᠂ | ᠡᠯ᠎ᠡ ᠵᠦᠢᠯ ᠤᠨ ᠬᠠᠤᠯᠢ ᠪᠠᠷ ᠲᠣᠭᠲᠠᠭᠠᠭᠰᠠᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠬᠡᠷᠡᠭᠲᠡᠶ᠃ ᠰᠠᠪᠠ ᠭᠠᠵᠠᠷ ᠤᠨ ᠤᠰᠤ ᠡᠯᠡᠰᠦ ᠶᠢ ᠲᠤᠬᠢᠷᠠᠭᠤᠯᠤᠨ ᠡᠵᠡᠮᠳᠡᠬᠦ ᠪᠠ | ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠴᠢᠩᠭᠠᠳᠬᠠᠵᠤ᠂ ᠰᠠᠪᠠ ᠭᠠᠵᠠᠷ ᠤᠨ ᠤᠰᠤ ᠡᠯᠡᠰᠦ ᠶᠢ ᠲᠤᠬᠢᠷᠠᠭᠤᠯᠤᠨ | ᠡᠵᠡᠮᠳᠡᠬᠦ ᠰᠢᠰᠲ᠋ᠧᠮ ᠪᠣᠯᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠢ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠤᠰᠤᠨ ᠴᠥᠭᠦᠷᠥᠮ᠂ ᠭᠤᠣᠯ ᠤᠨ ᠵᠠᠮ ᠵᠢᠴᠢ ᠬᠠᠰᠢᠯᠭ᠎ᠠ ᠳᠠᠯᠠᠩ᠂ ᠦᠶᠡᠷ ᠢ ᠲᠣᠭᠲᠠᠭᠠᠨ | ᠬᠤᠷᠠᠭᠤᠯᠬᠤ ᠣᠷᠣᠨ ᠢᠶᠠᠷ ᠭᠤᠣᠯ ᠪᠦᠷᠢᠯᠳᠦᠬᠦᠨ ᠪᠣᠯᠭᠠᠭᠰᠠᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ | ᠢᠨᠵᠧᠨᠧᠷᠢᠩ ᠤᠨ ᠰᠢᠰᠲ᠋ᠧᠮ ᠢ ᠪᠦᠷᠢᠨᠰᠢᠬᠦᠯᠵᠤ᠂ ᠴᠠᠭ ᠠᠭᠤᠷ ᠤᠨ ᠳᠠᠭᠠᠭᠤᠯᠢ ᠤᠳᠤ ᠪᠣᠯᠤᠨ ᠪᠣᠷᠣᠭᠠᠨ ᠢ ᠬᠡᠮᠵᠢᠬᠦ | ᠷᠠᠳᠠᠷ᠂ ᠪᠣᠷᠣᠭᠠᠨ ᠤ ᠬᠡᠮᠵᠢᠶ᠎ᠡ ᠶᠢᠨ ᠦᠷᠳᠡᠭᠡ᠂ ᠤᠰᠤᠨ ᠰᠢᠨᠵᠢᠯᠡᠭᠡᠨ ᠤ ᠦᠷᠳᠡᠭᠡ ᠪᠠᠷ ᠪᠦᠷᠢᠯᠳᠦᠭᠰᠡᠨ | ᠪᠣᠷᠣᠭᠠᠨ ᠤ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ︽ᠭᠤᠷᠪᠠᠨ ᠰᠡᠷᠭᠡᠶᠢᠯᠡᠯᠲᠡ ᠶᠢᠨ | ᠱᠤᠭᠤᠮ︾ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠲᠠᠢ | ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ | ᠬᠤᠣᠰ ᠡᠵᠡᠮᠳᠡᠯ ᠤᠨ ᠳᠦᠷᠢᠮ ᠢ ᠨᠠᠶᠢᠳᠠᠪᠤᠷᠢᠵᠢᠭᠤᠯᠵᠤ᠂ ᠠᠯᠪᠠᠳᠠᠯᠭ᠎ᠠ ᠶᠢᠨ ᠴᠢᠨᠠᠷᠲᠠᠢ ᠤᠰᠤ ᠬᠡᠷᠡᠭᠯᠡᠬᠦ ᠨᠤᠷᠮᠠᠳᠦ | ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠠᠷᠪᠢᠯᠠᠬᠤ ᠤᠰᠤ ᠶᠢ ᠬᠢᠵᠠᠭᠠᠷᠯᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ᠂ ᠤᠰᠤ ᠬᠡᠷᠡᠭᠯᠡᠬᠦ ᠶᠢ ᠬᠢᠨᠠᠨ ᠬᠡᠮᠵᠢᠬᠦ ᠬᠡᠮᠵᠢᠯᠲᠡ ᠶᠢᠨ ᠰᠢᠰᠲ᠋ᠧᠮ ᠢ | ᠪᠦᠷᠢᠨᠰᠢᠬᠦᠯᠵᠤ᠂ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠠᠵᠢᠯᠯᠠᠭ᠎ᠠ ᠶᠢ ᠡᠷᠡᠰ ᠬᠤᠷᠢᠭᠯᠠᠬᠤ | ᠬᠡᠷᠡᠭᠲᠡᠢ᠃ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ | ︽ᠤᠯᠤᠰ ᠤᠨ ᠤᠰᠤᠨ ᠤ ᠲᠤᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ︾ | ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠣᠷᠣᠨ ᠪᠦᠰᠡ ᠪᠠ ᠮᠤᠵᠢ ᠬᠤᠲᠠ ᠰᠢᠶᠠᠨ ᠤ ᠤᠰᠤᠨ ᠤ | ᠲᠤᠤᠷ ᠤᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠶ᠃ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠬᠠᠳᠤᠨ ᠭᠤᠣᠯ ᠤᠨ ᠡᠬᠢ ᠶᠢᠨ ᠣᠷᠣᠨ ᠢ ᠪᠢᠲᠡᠭᠦᠮᠵᠢᠯᠡᠨ ᠪᠤᠶᠢᠵᠢᠭᠤᠯᠵᠤ ᠬᠠᠮᠠᠭᠠᠯᠠᠬᠤ᠂ | ᠳᠤᠮᠳᠠ ᠳᠡᠭᠡᠳᠦ ᠤᠷᠤᠰᠬᠠᠯ ᠤᠨ ᠬᠥᠷᠥᠰᠥ ᠰᠢᠷᠣᠢ ᠶᠢ ᠬᠠᠮᠠᠭᠠᠯᠠᠬᠤ᠂ ᠭᠤᠣᠯ ᠤᠨ ᠠᠳᠠᠭ ᠤᠨ ᠭᠤᠷᠪᠠᠯᠵᠢᠨ | ᠬᠤᠶᠢᠭ ᠤᠨ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠤᠰᠤᠨ ᠤ ᠬᠡᠮᠵᠢᠶ᠎ᠡ ᠶᠢ ᠪᠠᠲᠤᠯᠠᠬᠤ ᠶᠢ | ᠴᠢᠩᠭᠠᠳᠬᠠᠵᠤ᠂ ᠬᠠᠳᠤᠨ ᠭᠤᠣᠯ ᠤᠨ ᠡᠷᠡᠭᠦᠯ ᠮᠠᠨᠳᠤ ᠠᠮᠢ ᠨᠠᠰᠤ ᠶᠢ ᠬᠠᠮᠠᠭᠠᠯᠠᠬᠤ ᠬᠡᠷᠡᠭᠲᠡᠢ᠃ ᠰᠠᠪᠠ ᠭᠠᠵᠠᠷ ᠢ | ᠨᠢᠭᠡᠳᠦᠯᠲᠡᠶ ᠲᠥᠯᠥᠪᠵᠢᠭᠦᠯᠬᠦ᠂ ᠨᠢᠭᠡᠳᠦᠯᠲᠡᠶ ᠵᠠᠰᠠᠬᠤ᠂ ᠨᠢᠭᠡᠳᠦᠯᠲᠡᠶ ᠲᠣᠬᠢᠷᠠᠭᠤᠯᠬᠤ᠂ ᠨᠢᠭᠡᠳᠦᠯᠲᠡᠶ ᠬᠠᠮᠢᠶᠠᠷᠬᠤ ᠶᠢ | ᠴᠢᠩᠭᠠᠳᠬᠠᠵᠤ᠂ ᠣᠷᠣᠨ ᠪᠦᠰᠡ ᠠᠯᠤᠰᠯᠠᠨ ᠬᠤᠯᠪᠣᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠠᠯᠤᠰᠯᠠᠨ | ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠲᠠᠢ ᠵᠣᠯᠭᠠᠭᠤᠯᠬᠤ᠂ ᠤᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠬᠠᠮᠵᠢᠯᠴᠠᠭ᠎ᠠ ᠶᠢᠨ ᠲᠣᠭᠲᠠᠴᠠ ᠶᠢ ᠪᠦᠷᠢᠨᠰᠢᠬᠦᠯᠵᠥ᠂ ︽ᠣᠭ ᠬᠡᠯᠪᠡᠷᠢ ᠪᠣᠯᠬᠤ ᠬᠠᠲᠤᠨ ᠭᠤᠤᠯ︾᠂ ︽ᠵᠠᠭᠪᠤᠷ | ᠪᠣᠯᠬᠤ ᠬᠠᠲᠤᠨ ᠭᠤᠤᠯ︾᠂ ︽ᠲᠣᠭᠠᠴᠢᠯᠠᠭᠰᠠᠨ ᠬᠠᠲᠤᠨ ᠭᠤᠤᠯ︾ ᠤᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠬᠠᠲᠤᠨ ᠭᠤᠤᠯ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠥᠬᠦ | ᠬᠦᠴᠦᠨ ᠢᠶᠠᠷ ᠪᠠᠲᠤᠯᠠᠬᠤ ᠬᠡᠷᠡᠭᠲᠡᠶ ᠭᠡᠵᠡᠢ᠃ | |