ᠨᠠᠮᠤᠷ ᠤᠨ ᠠᠮᠤ ᠪᠤᠳᠠᠭᠠᠨ ᠤ ᠤᠨᠠᠯᠲᠠ ᠨᠢ ᠪᠥᠬᠦ ᠵᠢᠯ ᠤᠨ ᠠᠮᠤ ᠪᠤᠳᠠᠭᠠᠨ ᠤ ᠶᠡᠷᠦᠩᠬᠡᠶ ᠤᠨᠠᠯᠲᠠ ᠶᠢᠨ | 75 % ᠶᠢ ᠡᠵᠡᠯᠡᠨ᠎ᠡ᠃ ᠣᠳᠣᠬᠠᠨ ᠳᠤ᠂ ᠡᠯ᠎ᠡ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠲᠠᠷᠢᠶᠠᠨ ᠭᠠᠵᠠᠷ ᠤᠨ ᠬᠠᠮᠢᠶᠠᠷᠤᠯᠲᠠ ᠶᠢ ᠠᠳᠬᠤᠵᠤ᠂ ᠣᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯᠪᠡᠭ ᠬᠤᠷᠢᠶᠠᠯᠲᠠ ᠶᠢ ᠠᠬᠢᠭᠤᠯᠵᠤ᠂ ᠨᠠᠮᠤᠷ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠶᠡᠷᠦᠩᠬᠡᠶ ᠠᠬᠢᠴᠠ ᠤᠷᠤᠭᠰᠢᠲᠠᠶ ᠪᠠᠶᠢᠨ᠎ᠠ᠃ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ | ᠲᠦᠷᠦᠭᠦᠬᠡᠨ᠂ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠥᠪ ᠤᠨ | ᠡᠳ᠋ ᠤᠨ ᠵᠠᠰᠠᠭ ᠤᠨ ᠲᠠᠷᠢᠶᠠᠯᠠᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ | ᠪᠠᠯᠠ ᠮᠥᠩᠭᠦ ᠶᠢ 7.23 ᠳ᠋ᠦᠩᠰᠢᠭᠤᠷ ᠲᠥᠭᠦᠷᠢᠭ ᠪᠠᠭᠤᠯᠭᠠᠪᠠ᠃ ᠡᠭᠦᠨ ᠳᠤ ᠭᠠᠩ ᠬᠠᠭᠰᠠᠷᠠᠭᠠᠨ ᠲᠠᠢ ᠲᠡᠮᠡᠴᠡᠵᠦ | ᠭᠠᠮᠰᠢᠭ ᠠᠴᠠ ᠠᠪᠤᠷᠠᠬᠤ ᠪᠡᠯᠡ ᠮᠥᠩᠭᠦ ᠶᠢ 1.26 ᠳ᠋ᠦᠩᠰᠢᠭᠤᠷ ᠲᠥᠭᠦᠷᠢᠭ ᠳᠤᠬᠢᠷᠠᠭᠤᠯᠵᠤ᠂ ᠭᠠᠨᠰᠦ᠂ ᠱᠠᠨᠰᠢ | ᠵᠡᠷᠭᠡ ᠭᠠᠵᠠᠷ ᠤᠨ ᠲᠠᠷᠢᠮᠠᠯ ᠤᠨ ᠭᠠᠩ ᠭᠠᠮᠰᠢᠭ ᠠᠴᠠ ᠪᠣᠯᠬᠤ ᠭᠠᠮᠰᠢᠭ ᠢ ᠠᠷᠭᠠᠴᠠᠬᠤ ᠶᠢ ᠳᠡᠮᠵᠢᠨ᠎ᠡ︔ ᠦᠶᠡᠷ | ᠤᠰᠤᠲᠤᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ 2.26 ᠳ᠋ᠦᠩᠰᠢᠭᠤᠷ ᠲᠥᠭᠦᠷᠢᠭ ᠲᠣᠬᠢᠷᠠᠭᠤᠯᠵᠤ᠂ | ᠭᠢᠷᠢᠨ᠂ ᠬᠠᠷᠠᠮᠥ᠋ᠷᠡᠨ ᠵᠡᠷᠭᠡ ᠭᠠᠵᠠᠷ ᠤᠨ ᠲᠠᠷᠢᠶᠠᠯᠠᠩ ᠤᠨ ᠦᠢᠯᠡᠳᠪᠦᠷᠢᠯᠡᠯ ᠢ ᠰᠡᠷᠭᠦᠭᠡᠬᠦ ᠵᠡᠷᠭᠡ ᠠᠵᠢᠯ | ᠥᠷᠨᠢᠭᠦᠯᠬᠦ ᠶᠢ ᠳᠡᠮᠵᠢᠨ᠎ᠡ︔ ᠤᠰᠤᠨ ᠲᠤᠲᠤᠷᠭ᠎ᠠ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ | ᠵᠠᠰᠠᠬᠤ ᠪᠠᠯᠠ ᠮᠥᠩᠭᠦ ᠶᠢ 3.71 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠵᠢᠶᠠᠩᠰᠢ᠂ ᠬᠤᠨᠠᠨ ᠵᠡᠷᠭᠡ | ᠭᠠᠵᠠᠷ ᠤᠨ ᠤᠰᠤᠨ ᠲᠤᠲᠤᠷᠭ᠎ᠠ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠠᠮᠢᠶ᠎ᠠ ᠪᠥᠬᠦᠶ | ᠠᠵᠢᠯ ᠢ ᠰᠠᠶᠢᠲᠤᠷ ᠬᠢᠬᠦ ᠶᠢ ᠳᠡᠮᠵᠢᠨ᠎ᠡ᠃ ᠡᠭᠦᠨ ᠠᠴᠠ ᠡᠮᠦᠨ᠎ᠡ᠂ ᠲᠥᠪ ᠤᠨ ᠡᠳ᠋ ᠤᠨ ᠵᠠᠰᠠᠭ ᠠᠴᠠ ᠨᠢᠭᠡᠨᠲᠡ 8 | ᠪᠦᠯᠦᠭ ᠤᠳᠠᠭ᠎ᠠ ᠬᠤᠪᠢᠶᠠᠨ ᠨᠡᠶᠢᠳᠡ 61.84 ᠳ᠋ᠦᠩᠰᠢᠭᠤᠷ ᠲᠥᠭᠦᠷᠢᠭ ᠪᠠᠭᠤᠯᠭᠠᠪᠠ᠂ ᠡᠭᠦᠨ ᠳᠤ | ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ 29.91 | ᠳ᠋ᠦᠩᠰᠢᠭᠤᠷ ᠲᠥᠭᠦᠷᠢᠭ᠂ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ ᠳᠤ 31.93 ᠳ᠋ᠦᠩᠰᠢᠭᠤᠷ | ᠲᠥᠭᠦᠷᠢᠭ ᠪᠤᠢ᠃ | ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ | ᠲᠥᠯᠥᠭᠡ᠂ ᠡᠨᠡ ᠵᠢᠯ ᠠᠴᠠ ᠨᠠᠭᠠᠰᠢ᠂ ᠡᠳ᠋ ᠤᠨ ᠵᠠᠰᠠᠭ ᠤᠨ ᠶᠠᠮᠤᠨ ᠲᠥᠷᠥ ᠶᠢᠨ ᠪᠣᠳᠣᠯᠭ᠎ᠠ ᠨᠡᠶᠢᠲᠡᠯᠡᠵᠦ᠂ ᠪᠠᠯᠠ | ᠮᠥᠩᠭᠦ ᠪᠠᠭᠤᠯᠭᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠪᠠ᠄ ᠲᠥᠪ ᠤᠨ | ᠡᠳ᠋ ᠤᠨ ᠵᠠᠰᠠᠭ ᠠᠴᠠ 4 ᠰᠠᠷ᠎ᠠ ᠳᠤ 100 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠪᠠᠭᠤᠯᠭᠠᠵᠤ᠂ ᠠᠮᠤ | ᠪᠤᠳᠠᠭ᠎ᠠ ᠪᠣᠳᠠᠲᠠᠶ ᠳᠠᠷᠢᠳᠠᠭ ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠶ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠥᠷᠢ ᠣᠯᠭᠤᠪᠠ︔ ᠬᠥᠳᠡᠭᠡ ᠠᠵᠤ ᠠᠬᠤᠢ ᠬᠥᠳᠡᠭᠡ ᠲᠣᠰᠬᠤᠨ ᠤ | ᠶᠠᠮᠤᠨ ᠵᠡᠷᠭᠡ ᠲᠠᠢ ᠬᠠᠮᠲᠤᠷᠠᠨ ᠠᠮᠤ ᠪᠤᠳᠠᠭ᠎ᠠ ᠬᠠᠳᠠᠭᠠᠬᠤ ᠲᠥᠬᠦᠭᠡᠷᠦᠮᠵᠢ ᠲᠣᠨᠣᠭᠯᠠᠯ ᠤᠨ ᠵᠢᠷᠤᠮᠵᠢᠭᠰᠠᠨ | ᠪᠠᠶᠢᠭᠤᠯᠤᠯᠲᠠ ᠶᠢ ᠠᠬᠢᠭᠤᠯᠤᠨ᠎ᠠ︔ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ | ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠵᠦ᠂ ᠡᠨᠡ | ᠵᠢᠯ ᠠᠮᠤ ᠪᠤᠳᠠᠭᠠᠨ ᠤ ᠭᠠᠷᠤᠯᠲᠠ ᠶᠡᠬᠡᠲᠡᠶ 1105 ᠰᠢᠶᠠᠨ ᠳᠤ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠠᠮᠤ | ᠪᠤᠳᠠᠭᠠᠨ ᠤ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠣᠳᠣᠬᠠᠨ ᠳᠤ᠂ ᠪᠥᠬᠦ ᠤᠯᠤᠰ ᠤᠨ ᠭᠤᠤᠯ ᠪᠣᠯᠬᠤ ᠲᠠᠷᠢᠶᠠᠯᠠᠩ ᠤᠨ ᠰᠢᠶᠠᠨ ᠵᠢᠴᠢ 160 | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ | ᠰᠢᠶᠠᠨ ᠳᠤ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠨᠡᠶᠢᠳᠡᠮ | ᠪᠥᠷᠬᠦᠭᠦᠯᠪᠡ᠂ ᠡᠭᠦᠨ ᠳᠤ ᠠᠮᠤ ᠪᠤᠳᠠᠭᠠᠨ ᠤ ᠦᠢᠯᠡᠳᠪᠦᠷᠢᠯᠡᠯ ᠲᠠᠢ ᠰᠢᠭᠤᠳ ᠬᠤᠯᠪᠣᠭ᠎ᠠ ᠲᠠᠢ ᠳᠠᠭᠠᠳᠬᠠᠯ ᠳᠤ | ᠪᠠᠶᠢᠭ᠎ᠠ ᠦᠯᠡᠳᠡᠪᠦᠷᠢ ᠲᠤᠭ᠎ᠠ 900 ᠳ᠋ᠦᠩᠰᠢᠭᠤᠷ ᠲᠥᠭᠦᠷᠢᠭ ᠢ ᠳᠠᠪᠠᠵᠠᠶ᠃ | ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠪᠣᠯ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠨᠢᠭᠡ ᠵᠦᠢᠯ ᠤᠨ ᠴᠢᠬᠤᠯᠠ ᠲᠦᠷᠢᠮ ᠤᠨ ᠲᠣᠬᠢᠷᠠᠭᠤᠯᠤᠯᠲᠠ ᠪᠣᠯᠤᠨ᠎ᠠ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠨ ᠡᠯ᠎ᠡ ᠮᠤᠵᠢ ᠣᠷᠣᠨ ᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠤᠯᠤᠰ ᠤᠨ ᠲᠠᠷᠢᠶᠠᠨ | ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠢ ᠬᠢᠨᠠᠨ ᠰᠢᠯᠭᠠᠬᠤ ᠠᠵᠢᠯ ᠤᠨ ᠳᠤᠭᠤᠶᠢᠯᠠᠩ ᠢ | ᠪᠠᠶᠢᠭᠤᠯᠵᠤ᠂ ᠠᠵᠢᠯ ᠤᠨ ᠲᠦᠷᠢᠮ ᠪᠠ ᠬᠢᠨᠠᠨ ᠰᠢᠯᠭᠠᠵᠤ ᠬᠤᠪᠢ ᠲᠣᠭᠲᠠᠭᠠᠬᠤ ᠨᠠᠷᠢᠨ ᠲᠦᠷᠢᠮ ᠢ ᠲᠣᠭᠲᠠᠭᠠᠪᠠ᠃ | ᠣᠶᠢᠷ᠎ᠠ ᠳᠤ᠂ 2023 ᠣᠨ ᠤ ᠰᠢᠯᠭᠠᠨ ᠬᠢᠨᠠᠬᠤ ᠠᠵᠢᠯ ᠢ ᠡᠬᠢᠯᠡᠭᠦᠯᠬᠦ ᠪᠠᠷ ᠨᠢᠭᠡᠨᠲᠡ ᠪᠠᠶᠢᠷᠢᠯᠠᠭᠤᠯᠵᠤ᠂ ᠰᠢᠯᠭᠠᠨ | ᠬᠢᠨᠠᠬᠤ ᠠᠵᠢᠯ ᠤᠨ ᠴᠠᠭ ᠤᠨ ᠲᠣᠬᠢᠷᠠᠭᠤᠯᠤᠯᠲᠠ ᠪᠠ ᠰᠠᠯᠠᠭ᠎ᠠ ᠮᠥᠴᠢᠷ ᠤᠨ ᠡᠭᠦᠷᠭᠡ ᠳᠤ ᠪᠣᠳᠠᠲᠠᠶ ᠱᠠᠭᠠᠷᠳᠠᠯᠭ᠎ᠠ | ᠳᠤᠷᠠᠳᠪᠠ᠃ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠬᠤ ᠨᠢ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠰᠠᠶᠢᠳ ᠲᠠᠩ | ᠷᠧᠨ ᠵᠢᠶᠠᠨ᠂ ᠡᠯ᠎ᠡ ᠭᠠᠵᠠᠷ ᠡᠯ᠎ᠡ ᠱᠠᠲᠤᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠯᠠᠭ᠎ᠠ | ᠮᠥᠴᠢᠷ ᠤᠨ ᠬᠢᠨ ᠠᠮᠤ ᠪᠤᠳᠠᠭ᠎ᠠ ᠪᠣᠯᠤᠨ ᠬᠥᠳᠡᠭᠡ ᠠᠵᠤ ᠠᠬᠤᠢ ᠶᠢᠨ ᠡᠯᠪᠡᠭ ᠬᠤᠷᠢᠶᠠᠯᠲᠠ ᠶᠢ ᠪᠦᠬᠦ | ᠬᠦᠴᠦᠨ ᠢᠶᠠᠷ ᠢᠶᠠᠨ ᠲᠡᠮᠡᠴᠡᠨ ᠤᠯᠬᠤ ᠶᠢ ᠣᠳᠣᠬᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠳᠡᠶᠢᠯᠦᠩᠭᠦᠢ ᠡᠭᠦᠷᠭᠡ ᠪᠣᠯᠭᠠᠵᠤ᠂ ᠨᠠᠮᠤᠷ ᠤᠨ ᠠᠮᠤ ᠪᠤᠳᠠᠭ᠎ᠠ ᠶᠢᠨ ᠡᠯᠪᠡᠭ | ᠬᠤᠷᠢᠶᠠᠯᠲᠠ ᠶᠢ ᠲᠡᠮᠡᠴᠡᠨ ᠤᠯᠬᠤ ᠢᠲᠡᠭᠡᠯ ᠢᠶᠠᠨ ᠭᠤᠶᠢᠪᠢᠰᠢ ᠦᠭᠡᠢ ᠪᠠᠲᠤᠳᠬᠠᠵᠤ᠂ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠡᠷᠴᠢ ᠵᠣᠷᠢᠭ ᠢᠶᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠭᠠᠮᠰᠢᠭ ᠤᠨ ᠳᠠᠷᠠᠭᠠᠬᠢ | ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢᠶᠠᠨ ᠰᠤᠯᠠᠷᠠᠭᠤᠯᠤᠯ ᠦᠭᠡᠢ ᠠᠳᠬᠤᠵᠤ᠂ ᠠᠮᠤ ᠪᠤᠳᠠᠭᠠᠨ ᠤ ᠠᠮᠤᠷ | ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠤᠨᠢᠨ ᠳᠡᠭᠡᠷ᠎ᠡ ᠨᠢ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠷᠭ᠎ᠠ ᠬᠡᠮᠵᠢᠶ᠎ᠡ ᠶᠢ ᠴᠢᠩᠭ᠎ᠠ | ᠠᠳᠬᠤᠨ ᠪᠣᠳᠠᠲᠠᠢ ᠠᠳᠬᠤᠵᠤ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ | ᠲᠦᠪᠰᠢᠨ ᠬᠠᠩᠭᠠᠯᠭ᠎ᠠ ᠶᠢ ᠪᠦᠬᠦ ᠬᠦᠴᠦ ᠪᠠᠷ ᠢᠶᠠᠨ ᠪᠠᠲᠤᠯᠠᠬᠤ ᠬᠡᠷᠡᠭᠲᠡᠢ ᠭᠡᠵᠦ ᠢᠯᠡᠳᠬᠡᠪᠡ᠃ | ᠤᠷᠭᠤᠴᠠ ᠨᠢ ᠶᠡᠷᠦᠩᠬᠡᠶ ᠳᠡᠭᠡᠨ ᠰᠠᠶᠢᠨ | ᠠᠮᠤ ᠪᠤᠳᠠᠭᠠᠨ ᠤ ᠦᠢᠯᠡᠳᠪᠦᠷᠢᠯᠡᠯ ᠤᠨ ᠲᠣᠮᠣ ᠮᠤᠵᠢ ᠪᠣᠯᠤᠭᠰᠠᠨ ᠤ ᠬᠤᠪᠢ ᠳᠤ᠂ ᠬᠠᠷᠠᠮᠥ᠋ᠷᠡᠨ ᠣᠯᠠᠨ | ᠵᠦᠢᠯ ᠤᠨ ᠠᠮᠤ ᠪᠤᠳᠠᠭ᠎ᠠ᠂ ᠰᠠᠶᠢᠨ ᠠᠮᠤ ᠪᠤᠳᠠᠭ᠎ᠠ ᠳᠠᠷᠢᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠠᠶ᠃ ᠡᠨᠡ | ᠵᠢᠯ ᠪᠣᠯ ᠬᠠᠷᠠᠮᠥ᠋ᠷᠡᠨ ᠮᠤᠵᠢ ᠶᠢᠨ ᠮᠢᠩᠭᠠᠨ ᠲᠦᠮᠡᠨ ᠲᠣᠨ ᠠᠮᠤ ᠪᠤᠳᠠᠭᠠᠨ ᠤ ᠤᠨᠠᠯᠲᠠ ᠨᠡᠮᠡᠭᠳᠡᠭᠦᠯᠬᠦ | ᠲᠥᠯᠥᠪᠯᠡᠭᠡ ᠶᠢ ᠬᠡᠷᠡᠭᠵᠢᠭᠦᠯᠬᠦ ᠠᠩᠬᠠᠨ ᠤ ᠵᠢᠯ ᠪᠣᠯᠤᠨ᠎ᠠ᠂ ᠲᠣᠰ ᠮᠤᠵᠢ ︽2023 ᠣᠨ ᠤ ᠬᠠᠷᠠᠮᠥ᠋ᠷᠡᠨ | ᠮᠤᠵᠢ ᠶᠢᠨ ᠠᠮᠤ ᠪᠤᠳᠠᠭ᠎ᠠ ᠪᠠ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠬᠥᠭᠵᠢᠭᠦᠯᠬᠦ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠳᠠᠷᠢᠬᠤ ᠲᠠᠯᠠᠪᠠᠶ᠂ ᠤᠨᠠᠯᠲᠠ ᠶᠢᠨ ᠬᠠᠷᠠᠯᠲᠠ ᠶᠢ ᠡᠯ᠎ᠡ | ᠭᠠᠵᠠᠷ ᠲᠤ ᠬᠤᠪᠢᠶᠠᠨ ᠥᠭᠴᠦ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ᠂ ᠪᠥᠬᠦ | ᠮᠤᠵᠢ ᠶᠢᠨ ᠭᠤᠤᠯ ᠪᠣᠯᠬᠤ ᠠᠵᠤ ᠠᠬᠤᠶ ᠶᠢᠨ ᠬᠢᠨᠠᠨ ᠰᠢᠯᠭᠠᠬᠤ ᠭᠦᠢᠴᠡᠳᠭᠡᠯ ᠲᠤᠭ᠎ᠠ ᠳᠤ ᠣᠷᠣᠭᠤᠯᠪᠠ᠃ | ᠡᠭᠦᠨ ᠤ ᠬᠠᠮᠲᠤ᠂ ᠰᠠᠶᠢᠨ ᠲᠠᠷᠢᠶ᠎ᠠ᠂ ᠰᠠᠶᠢᠨ ᠡᠭᠦᠯᠳᠡᠷ᠂ ᠰᠠᠶᠢᠨ ᠮᠡᠷᠭᠡᠵᠢᠯ᠂ ᠰᠠᠶᠢᠨ ᠠᠵᠠ ᠲᠣᠬᠢᠶᠠᠯ᠂ ᠰᠠᠶᠢᠨ | ᠲᠦᠷᠢᠮ ᠬᠠᠮᠵᠢᠯᠴᠠᠨ ᠬᠦᠴᠦᠯᠡᠬᠦ ᠶᠢ ᠪᠠᠷᠢᠮᠲᠠᠯᠠᠨ᠎ᠠ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠬᠠᠷᠠᠮᠥ᠋ᠷᠡᠨ | ᠮᠤᠵᠢ ᠶᠢᠨ ᠬᠢᠨ 3497. 9 ᠲᠦᠮᠡᠨ ᠮᠥ ᠲᠣᠮᠣ ᠵᠤᠷᠬ᠎ᠠ ᠪᠠᠷ ᠨᠢᠭᠲᠠ ᠳᠠᠷᠢᠬᠤ ᠮᠡᠷᠭᠡᠵᠢᠯ ᠢ ᠳᠡᠯᠭᠡᠷᠡᠭᠦᠯᠵᠡᠶ᠂ | ᠡᠭᠦᠨ ᠳᠤ ᠡᠷᠳᠡᠨᠢ ᠰᠢᠰᠢ ᠶᠢ ᠳᠡᠯᠭᠡᠷᠡᠭᠦᠯᠬᠦ ᠲᠠᠯᠠᠪᠠᠶ 1584.2 ᠲᠦᠮᠡᠨ ᠮᠥ᠂ ᠰᠢᠷ᠎ᠠ ᠪᠤᠷᠴᠠᠭ ᠢ ᠳᠡᠯᠭᠡᠷᠡᠭᠦᠯᠬᠦ | ᠲᠠᠯᠠᠪᠠᠶ 1913.7ᠲᠦᠮᠡᠨ ᠮᠥ ᠪᠠᠶᠢᠨ᠎ᠠ᠃ | ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ | ᠵᠤᠷᠭᠠᠨ ᠤ ᠳᠠᠷᠤᠭ᠎ᠠ ᠫᠠᠨ ᠸᠧᠨ ᠪᠥᠸᠧ᠂ ᠵᠢᠱᠢᠯᠲᠡ ᠪᠠᠷ ᠡᠨᠡ ᠵᠢᠯ ᠪᠦᠬᠦ ᠤᠯᠤᠰ ᠤᠨ ᠨᠠᠮᠤᠷ ᠤᠨ ᠠᠮᠤ | ᠪᠤᠳᠠᠭᠠᠨ ᠤ ᠲᠠᠯᠠᠪᠠᠢ 13.1 ᠳ᠋ᠦᠩᠰᠢᠭᠤᠷ ᠮᠦ ᠳᠤ ᠬᠦᠷᠴᠦ᠂ ᠡᠭᠦᠨ ᠳᠤ ᠥᠨᠳᠥᠷ ᠤᠨᠠᠯᠲᠠ ᠲᠠᠢ ᠲᠠᠷᠢᠮᠠᠯ ᠤᠨ | ᠡᠷᠳᠡᠨᠢ ᠰᠢᠰᠢ ᠶᠢᠨ ᠲᠠᠯᠠᠪᠠᠢ ᠨᠡᠯᠢᠶᠡᠳ ᠶᠡᠭᠡ ᠨᠡᠮᠡᠭᠳᠡᠨ᠎ᠡ᠃ ᠡᠨᠡ ᠵᠢᠯ ᠬᠥᠳᠡᠭᠡ ᠠᠵᠤ ᠠᠬᠤᠶ ᠬᠥᠳᠡᠭᠡ | ᠲᠣᠰᠬᠤᠨ ᠤ ᠶᠠᠮᠤᠨ ᠡᠷᠳᠡᠨᠢ ᠰᠢᠰᠢ ᠶᠢᠨ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 200 ᠡᠷᠳᠡᠨᠢ ᠰᠢᠰᠢ ᠶᠢᠨ ᠭᠤᠤᠯ ᠭᠠᠷᠤᠯᠲᠠ ᠶᠢᠨ ᠰᠢᠶᠠᠨ᠂ | 100 ᠰᠢᠷ᠎ᠠ ᠪᠤᠷᠴᠠᠭ ᠤᠨ ᠭᠤᠤᠯ ᠭᠠᠷᠤᠯᠲᠠ ᠶᠢᠨ ᠰᠢᠶᠠᠨ ᠢ ᠰᠣᠩᠭᠤᠨ᠂ ᠨᠢᠭᠲᠠ ᠳᠠᠭᠠᠭᠠᠮᠠᠭᠠᠶ ᠲᠥᠷᠥᠯ ᠵᠦᠢᠯ᠂ | ᠥᠨᠳᠥᠷ ᠴᠢᠳᠠᠪᠬᠢᠲᠤ ᠳᠠᠷᠢᠬᠤ ᠮᠠᠰᠢᠨ ᠪᠠ ᠲᠣᠮᠣ ᠰᠣᠨᠳᠣᠭᠤᠶ ᠳᠠᠷᠢᠬᠤ ᠵᠠᠭᠪᠤᠷ ᠢ ᠶᠡᠭᠡ ᠪᠠᠷ ᠳᠡᠯᠭᠡᠷᠡᠭᠦᠯᠦᠨ᠎ᠡ᠃ | ᠭᠤᠤᠯ ᠭᠠᠷᠤᠯᠲᠠ ᠶᠢᠨ ᠣᠷᠣᠨ ᠤ ᠡᠷᠳᠡᠨᠢ ᠰᠢᠰᠢ ᠶᠢᠨ ᠰᠢᠷ᠎ᠠ ᠪᠤᠷᠴᠠᠭ ᠤᠨ ᠲᠠᠷᠢᠮᠠᠯ ᠤᠨ ᠨᠢᠭᠲᠠᠴᠠ | ᠨᠡᠶᠢᠳᠡᠮ ᠳᠡᠭᠡᠨ ᠨᠡᠮᠡᠭᠳᠡᠵᠦ᠂ ᠪᠣᠷᠣᠭᠠᠨ ᠤ ᠤᠰᠤ ᠭᠦᠢᠴᠡᠳ ᠴᠢᠭᠢᠭ ᠤᠨ ᠪᠠᠶᠢᠳᠠᠯ ᠰᠠᠶᠢᠨ ᠪᠠᠶᠢᠵᠤ᠂ ᠶᠡᠬᠡᠩᠬᠢ | ᠭᠠᠵᠠᠷ ᠣᠷᠣᠨ ᠤ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠤᠷᠭᠤᠴᠠ ᠬᠡᠪ ᠤᠨ ᠪᠠᠶᠢᠳᠠᠯ ᠲᠠᠢ ᠪᠠᠶᠢᠵᠤ᠂ ᠡᠯ᠎ᠡ | ᠭᠠᠵᠠᠷ ᠤᠨ ᠬᠢᠨ ᠨᠠᠮᠤᠷ ᠤᠨ ᠠᠮᠤ ᠪᠤᠳᠠᠭ᠎ᠠ ᠡᠯᠪᠡᠭ ᠬᠤᠷᠢᠶᠠᠯᠲᠠ ᠤᠯᠬᠤ ᠢᠲᠡᠭᠡᠯ ᠲᠠᠢ ᠪᠠᠶᠢᠨ᠎ᠠ᠃ | ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠳᠤ ᠲᠠᠷᠢᠶᠠᠯᠠᠩ ᠤᠨ ᠮᠠᠰᠢᠨ ᠤ ᠪᠠᠲᠤᠯᠠᠭ᠎ᠠ ᠪᠣᠯ ᠵᠠᠩᠭᠢᠯᠠᠭ᠎ᠠ | ᠪᠣᠯᠤᠨ᠎ᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠵᠤᠷᠭᠠᠨ ᠤ ᠳᠡᠳ᠋ | ᠳᠠᠷᠤᠭ᠎ᠠ ᠸᠠᠩ ᠵᠢᠶᠠ ᠶᠦᠨ ᠬᠡᠯᠡᠬᠦ ᠳᠡᠭᠡᠨ᠂ ︽ᠭᠤᠷᠪᠠᠨ ᠨᠠᠮᠤᠷ︾ ᠤᠨ ᠦᠢᠯᠡᠳᠪᠦᠷᠢᠯᠡᠯ ᠤᠨ ᠬᠤᠭᠤᠴᠠᠭᠠᠨ ᠳᠤ | ᠲᠣᠬᠢᠶᠠᠯᠳᠤᠵᠤ ᠮᠡᠳᠡᠬᠦ ᠠᠰᠢᠭ ᠥᠬᠡᠶ ᠠᠭᠤᠷ ᠠᠮᠢᠰᠬᠤᠯ ᠳᠤ ᠴᠢᠭᠯᠡᠭᠦᠯᠦᠨ᠂ ᠣᠶᠢᠷ᠎ᠠ ᠳᠤ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠲᠠᠷᠢᠶᠠᠯᠠᠩ ᠤᠨ ᠮᠠᠰᠢᠨ ᠤ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ | ᠪᠠᠶᠢᠷᠢᠯᠠᠭᠤᠯᠵᠤ᠂ ᠡᠯ᠎ᠡ ᠭᠠᠵᠠᠷ ᠤᠨ ᠬᠢᠨ ᠲᠠᠷᠢᠶᠠᠯᠠᠩ ᠤᠨ ᠮᠠᠰᠢᠨ ᠤ ᠲᠠᠷᠢᠶᠠᠯᠠᠩ ᠤᠨ ᠦᠢᠯᠡᠳᠪᠦᠷᠢᠯᠡᠯ ᠪᠠ ᠪᠠᠴᠢᠮ | ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠬᠠᠤ ᠳᠤᠮᠳᠠᠬᠢ ᠭᠤᠤᠯ ᠬᠦᠴᠦᠨ ᠤ ᠦᠢᠯᠡᠳᠦᠯ ᠢ ᠭᠦᠢᠴᠡᠳ | ᠪᠠᠳᠠᠷᠠᠭᠤᠯᠵᠤ᠂ ︽ᠭᠤᠷᠪᠠᠨ ᠨᠠᠮᠤᠷ︾ ᠤᠨ ᠮᠠᠰᠢᠨᠴᠢᠯᠠᠯᠲᠠ ᠶᠢᠨ ᠦᠢᠯᠡᠳᠪᠦᠷᠢᠯᠡᠯ ᠤᠨ ᠮᠠᠰᠢᠨ ᠪᠠᠭᠠᠵᠢ ᠬᠢᠭᠡᠳ | ᠡᠩᠨᠡᠭᠡᠨ ᠤ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠵᠢᠯ ᠤᠨ ᠠᠮᠤ ᠪᠤᠳᠠᠭᠠᠨ ᠤ | ᠡᠯᠪᠡᠭ ᠬᠤᠷᠢᠶᠠᠯᠲᠠ ᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠴᠤ ᠡᠷᠲᠡᠬᠡᠨ ᠪᠡᠯᠡᠳᠬᠡᠯ ᠬᠢᠬᠦ ᠬᠡᠷᠡᠭᠲᠡᠢ᠃ ᠤᠯᠤᠰ ᠤᠨ | ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭᠠᠵᠤ᠂ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠡᠯᠡᠳᠬᠡᠯ ᠢ ᠡᠷᠲᠡᠬᠡᠨ ᠰᠠᠶᠢᠲᠤᠷ ᠬᠢᠵᠦ᠂ ᠲᠠᠷᠢᠶᠠᠴᠢᠳ ᠤᠨ ︽ | ᠠᠮᠤ ᠪᠤᠳᠠᠭ᠎ᠠ ᠬᠤᠳᠠᠯᠳᠤᠬᠤ ᠳᠤ ᠬᠦᠴᠢᠷᠲᠡᠶ︾ ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ ᠭᠡᠵᠦ ᠱᠠᠭᠠᠷᠳᠠᠪᠠ︔ | ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠵᠢᠯᠣᠭᠤᠳᠣᠯᠭ᠎ᠠ ᠶᠢ | ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠶᠠᠴᠢᠳ ᠢ ᠬᠠᠪᠰᠤᠷᠤᠨ | ᠬᠤᠬᠢᠷᠠᠯ ᠢ ᠪᠠᠭᠠᠰᠬᠠᠵᠤ ᠣᠷᠣᠯᠭ᠎ᠠ ᠶᠢ ᠨᠢ ᠨᠡᠮᠡᠭᠳᠡᠭᠦᠯᠦᠨ᠎ᠡ︔ ᠠᠮᠤ ᠪᠤᠳᠠᠭᠠᠨ ᠤ ᠢᠷᠡᠯᠲᠡ ᠶᠢ ᠲᠣᠬᠢᠷᠠᠭᠤᠯᠬᠤ᠂ | ᠨᠥᠭᠡᠴᠡᠯᠡᠵᠦ ᠡᠭᠡᠯᠵᠢᠯᠡᠨ ᠰᠣᠯᠢᠬᠤ᠂ ᠬᠥᠮᠥᠷᠭᠡᠯᠡᠵᠦ ᠬᠠᠳᠠᠭᠠᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠰᠠᠶᠢᠲᠤᠷ ᠬᠢᠨ᠎ᠠ᠃ | ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ | ᠣᠳᠣᠬᠠᠨ ᠳᠤ ᠠᠨᠾᠦ᠋ᠢ ᠮᠤᠵᠢ ᠶᠢᠨ ᠨᠠᠮᠤᠷ ᠤᠨ ᠠᠮᠤ ᠪᠤᠳᠠᠭᠠᠨ ᠤ ᠤᠨᠠᠯᠲᠠ ᠶᠢᠨ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ᠂ ᠮᠥᠨ ᠴᠦ ᠡᠪᠡᠳᠴᠢᠨ ᠬᠤᠷᠣᠬᠠᠶ ᠶᠢᠨ ᠭᠠᠮᠰᠢᠭ ᠣᠯᠠᠨ ᠡᠭᠦᠰᠬᠦ | ᠬᠤᠭᠤᠴᠠᠭᠠᠨ ᠳᠤ ᠣᠷᠣᠰᠢᠵᠤ ᠪᠠᠶᠢᠨ᠎ᠠ᠃ ᠠᠨᠾᠦ᠋ᠢ ᠮᠤᠵᠢ ᠶᠢᠨ ᠤᠷᠭᠤᠮᠠᠯ ᠤᠨ ᠬᠠᠮᠠᠭᠠᠯᠠᠯᠲᠠ ᠶᠢᠨ ᠶᠡᠷᠦᠩᠬᠡᠶ | ᠥᠷᠲᠡᠭᠡ ᠶᠢᠨ ᠮᠡᠳᠡᠭᠡ ᠵᠠᠩᠭᠢ ᠠᠴᠠ ᠦᠵᠡᠪᠡᠯ᠂ ᠠᠨᠾᠦ᠋ᠢ 50 ᠭᠠᠷᠤᠶ ᠪᠥᠬᠦ ᠤᠯᠤᠰ ᠤᠨ ᠣᠷᠣᠨ ᠪᠦᠰᠡ ᠶᠢᠨ | ᠬᠡᠮᠵᠢᠨ ᠮᠡᠳᠡᠭᠦᠯᠬᠦ ᠥᠷᠲᠡᠭᠡ ᠪᠠ ᠮᠤᠵᠢ ᠶᠢᠨ ᠱᠠᠲᠤᠨ ᠤ ᠭᠤᠤᠯᠳᠠᠯᠭ᠎ᠠ ᠲᠠᠢ ᠥᠷᠲᠡᠭᠡ᠂ 300 ᠭᠠᠷᠤᠶ ᠰᠢᠶᠠᠩ | ᠪᠠᠯᠭᠠᠰᠤᠨ ᠤ ᠦᠨᠳᠦᠰᠦᠨ ᠱᠠᠲᠤᠨ ᠤ ᠬᠢᠨᠠᠨ ᠬᠡᠮᠵᠢᠬᠦ ᠴᠡᠭ᠂ 134 ᠣᠶᠤᠨᠴᠢ ᠡᠪᠡᠳᠴᠢᠨ ᠬᠤᠷᠣᠬᠠᠶ ᠶᠢᠨ | ᠬᠥᠨᠥᠭᠡᠯ ᠢ ᠬᠢᠨᠠᠨ ᠬᠡᠮᠵᠢᠬᠦ ᠲᠤᠤᠷ ᠴᠡᠭ ᠤᠨ ᠦᠢᠯᠡᠳᠦᠯ ᠢ ᠪᠠᠳᠠᠷᠠᠭᠤᠯᠵᠤ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠡᠷᠴᠢᠮ ᠢᠶᠠᠨ ᠴᠢᠩᠭᠠᠷᠠᠭᠤᠯᠪᠠ᠃ ᠠᠨᡁᠦ᠋ᠢ ᠮᠤᠵᠢ ᠶᠢᠨ ᠬᠥᠳᠡᠭᠡ ᠠᠵᠤ ᠠᠬᠤᠢ ᠬᠥᠳᠡᠭᠡ | ᠲᠣᠰᠬᠤᠨ ᠤ ᠲᠢᠩᠬᠢᠮ ᠠᠴᠠ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ | ᠬᠥᠨᠥᠭᠡᠯ ᠢ ᠰᠡᠷᠭᠡᠶᠢᠯᠡᠨ ᠡᠵᠡᠮᠳᠡᠬᠦ 8 ᠪᠠᠶᠢᠴᠠᠭᠠᠨ ᠰᠤᠳᠤᠯᠬᠤ ᠵᠢᠭᠠᠨ ᠵᠢᠯᠣᠭᠤᠳᠬᠤ ᠳᠤᠭᠤᠶᠢᠯᠠᠩ ᠢ ᠡᠯ᠎ᠡ | ᠭᠠᠵᠠᠷ ᠲᠤ ᠲᠤᠬᠢᠷᠠᠭᠤᠯᠵᠦ᠂ ᠡᠭᠦᠨ ᠤ ᠬᠠᠮᠲᠤ 1.3 ᠲᠦᠮᠡᠨ ᠦᠨᠳᠦᠰᠦᠨ ᠱᠠᠲᠤᠨ ᠤ ᠲᠠᠷᠢᠶᠠᠯᠠᠩ ᠤᠨ | ᠮᠡᠷᠭᠡᠵᠢᠯᠲᠡᠨ᠂ 1.7 ᠲᠦᠮᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ᠂ 3.7 ᠲᠦᠮᠡᠨ | ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠬᠤᠬᠢᠷᠠᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ | ᠨᠠᠮᠤᠷ ᠠᠴᠠ ᠨᠠᠭᠠᠰᠢ ᠵᠢᠶᠠᠩᠰᠢ ᠮᠤᠵᠢ ᠶᠢᠨ 1400 ᠭᠠᠷᠤᠶ ᠲᠦᠮᠡᠨ ᠮᠦ ᠳᠤᠮᠳᠠ ᠵᠡᠷᠭᠡ ᠶᠢᠨ ᠲᠤᠲᠤᠷᠭ᠎ᠠ | ᠬᠠᠳᠤᠵᠤ ᠡᠬᠢᠯᠡᠪᠡ᠃ ︽ᠪᠢ ᠡᠨᠡ ᠵᠢᠯ ᠡᠷᠲᠡ ᠶᠢᠨ ᠲᠤᠲᠤᠷᠭ᠎ᠠ 290 ᠮᠦ᠂ ᠳᠤᠮᠳᠠ ᠵᠡᠷᠭᠡ ᠶᠢᠨ ᠲᠤᠲᠤᠷᠭ᠎ᠠ | 120 ᠮᠦ᠂ ᠤᠷᠤᠢ ᠶᠢᠨ ᠲᠤᠲᠤᠷᠭ᠎ᠠ 120 ᠮᠦ ᠲᠠᠷᠢᠪᠠ᠃ ᠬᠥᠳᠡᠭᠡ ᠠᠵᠤ ᠠᠬᠤᠶ ᠬᠥᠳᠡᠭᠡ ᠲᠣᠰᠬᠤᠨ ᠤ | ᠰᠠᠯᠠᠭ᠎ᠠ ᠮᠥᠴᠢᠷ ᠤᠨ ᠬᠠᠪᠰᠤᠷᠤᠯᠭ᠎ᠠ ᠪᠠᠷ᠂ ᠲᠠᠷᠢᠶᠠᠯᠠᠩ ᠤᠨ ᠮᠠᠰᠢᠨ᠂ ᠤᠰᠤ ᠬᠡᠷᠡᠭᠯᠡᠬᠦ᠂ ᠬᠤᠷᠣᠬᠠᠶ ᠶᠢᠨ ᠬᠥᠨᠥᠭᠡᠯ | ᠵᠡᠷᠭᠡ ᠠᠰᠠᠭᠤᠳᠠᠯ ᠰᠢᠢᠳᠪᠦᠷᠢᠯᠡᠭᠳᠡᠵᠦ᠂ ᠡᠷᠲᠡ ᠶᠢᠨ ᠲᠤᠲᠤᠷᠭ᠎ᠠ ᠪᠣᠯᠤᠨ ᠳᠤᠮᠳᠠ ᠶᠢᠨ ᠲᠤᠲᠤᠷᠭ᠎ᠠ ᠴᠥᠮ ᠡᠯᠪᠡᠭ | ᠬᠤᠷᠢᠶᠠᠯᠲᠠ ᠣᠯᠵᠠᠶ᠂ ᠣᠷᠣᠶ ᠶᠢᠨ ᠲᠤᠲᠤᠷᠭ᠎ᠠ ᠴᠤ ᠰᠠᠶᠢᠨ ᠬᠤᠷᠢᠶᠠᠯᠲᠠ ᠣᠯᠤᠨ᠎ᠠ ᠭᠡᠳᠡᠭ ᠢ ᠢᠲᠡᠭᠡᠵᠦ ᠪᠠᠶᠢᠨ᠎ᠠ︾ | ᠭᠡᠵᠦ ᠵᠢᠶᠠᠩᠰᠢ ᠮᠤᠵᠢ ᠶᠢᠨ ᠯᠦ ᠰᠢ ᠰᠢᠶᠠᠨ ᠤ ᠯᠦ ᠰᠢ ᠪᠠᠯᠭᠠᠰᠤᠨ ᠤ ᠯᠢᠦ ᠵᠢᠶᠠᠩ ᠲᠣᠰᠬᠤᠨ ᠤ ᠠᠮᠤ ᠪᠤᠳᠠᠭ᠎ᠠ | ᠳᠠᠷᠢᠬᠤ ᠲᠣᠮᠣ ᠡᠷᠦᠬᠡ ᠽᠧᠩ ᠬᠦᠶ ᠱᠧᠩ ᠬᠡᠯᠡᠪᠡ᠃ ᠯᠦᠰᠢ ᠰᠢᠶᠠᠨ ᠤ ᠬᠥᠳᠡᠭᠡ ᠠᠵᠤ ᠠᠬᠤᠢ ᠬᠥᠳᠡᠭᠡ | ᠲᠣᠰᠬᠤᠨ ᠤ ᠲᠣᠪᠴᠢᠶᠠᠨ ᠤ ᠳᠡᠳ᠋ ᠳᠠᠷᠤᠭ᠎ᠠ ᠶᠤᠸᠠᠨ ᠱᠤᠤ ᠫᠢᠩ᠂ ᠰᠢᠶᠠᠨ ᠠᠴᠠ ᠲᠤᠰᠬᠠᠶᠢᠯᠠᠨ ᠲᠠᠷᠢᠶᠠᠨ | ᠭᠠᠵᠠᠷ ᠤᠨ ᠦᠢᠯᠡᠴᠢᠯᠡᠭᠡᠨ ᠤ ᠠᠩᠬᠢ ᠪᠠᠶᠢᠭᠤᠯᠵᠤ᠂ ᠲᠤᠰᠬᠠᠢ ᠮᠡᠷᠭᠡᠵᠢᠯᠲᠡᠨ ᠮᠡᠷᠭᠡᠵᠢᠯᠲᠡᠨ ᠢ ᠵᠣᠬᠢᠶᠠᠨ ᠪᠠᠶᠢᠭᠤᠯᠵᠤ | ᠬᠡᠰᠡᠭ ᠬᠤᠪᠢᠶᠠᠨ ᠳᠠᠭᠠᠭᠠᠴᠢᠯᠠᠭᠤᠯᠤᠨ ᠮᠡᠷᠭᠡᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠨᠠᠮᠤᠷ ᠤᠨ ᠠᠮᠤ | ᠪᠤᠳᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠢ ᠲᠦᠭ ᠲᠦᠮᠡᠨ ᠡᠷᠦᠬᠡ ᠳᠤ | ᠨᠠᠶᠢᠳᠠᠪᠤᠷᠢᠵᠢᠭᠤᠯᠪᠠ᠃ | ᠣᠶᠤᠨᠴᠢ ᠲᠠᠷᠢᠶᠠᠯᠠᠩ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠳᠤ ᠬᠡᠷᠡᠭᠯᠡᠭᠳᠡᠵᠡᠶ᠃ ᠣᠳᠣᠬᠠᠨ ᠳᠤ | ᠵᠧᠵᠢᠶᠠᠩ ᠮᠤᠵᠢ ᠶᠢᠨ ᠬᠤᠵᠸᠤ ᠬᠤᠲᠠ ᠶᠢᠨ ᠨᠠᠨ ᠰᠢᠶᠦ᠋ᠨ ᠲᠣᠭᠤᠷᠢᠭ ᠤᠨ ᠱᠤᠸᠠᠩ ᠯᠢᠨ ᠪᠠᠯᠭᠠᠰᠤᠨ ᠤ ᠯᠢᠦ | ᠲᠦᠩ ᠲᠣᠰᠬᠤᠨ ᠤ ᠲᠤᠲᠤᠷᠭᠠᠨ ᠲᠠᠷᠢᠶᠠᠨ ᠳᠤ ᠲᠠᠷᠢᠶᠠᠴᠢᠳ ᠲᠠᠷᠢᠶᠠᠨ ᠠᠵᠢᠯ ᠳᠠᠭᠠᠨ ᠶᠠᠭᠠᠷᠠᠯᠳᠤᠵᠤ ᠪᠠᠶᠢᠯ᠎ᠠ᠃ | ᠲᠣᠰᠬᠤᠨ ᠤ ᠠᠷᠠᠳ ᠴᠧᠨ ᠰᠢᠨ ᠮᠢᠩ ᠬᠡᠯᠡᠬᠦ ᠳᠡᠭᠡᠨ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠶᠡᠬᠡᠩᠬᠢ | ᠭᠤᠭᠴᠤᠭ᠎ᠠ ᠨᠢ ᠮᠧᠬᠠᠨᠢᠭᠵᠢᠯᠲᠠ ᠶᠢ ᠪᠡᠶᠡᠯᠡᠭᠦᠯᠵᠦ᠂ ᠲᠠᠷᠢᠶᠠᠨ ᠡᠮ ᠰᠦᠷᠴᠢᠬᠦ ᠵᠡᠷᠭᠡ ᠭᠤᠭᠴᠤᠭ᠎ᠠ ᠨᠢ ᠨᠠᠩ ᠴᠤ | ᠵᠢᠯᠣᠭᠤᠴᠢ ᠥᠬᠡᠶ ᠨᠢᠰᠬᠡᠯ ᠢᠶᠠᠷ ᠠᠵᠢᠯᠯᠠᠵᠤ᠂ ᠠᠵᠢᠯ ᠤᠨ ᠦᠷ᠎ᠡ ᠪᠦᠲᠦᠮᠵᠢ ᠨᠢ ᠥᠨᠳᠥᠷ ᠪᠠᠶᠢᠳᠠᠭ᠃ ︽ᠪᠢᠳᠡ | ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢᠶᠠᠷ ᠡᠯᠪᠡᠭ ᠬᠤᠷᠢᠶᠠᠯᠲᠠ ᠶᠢ ᠪᠠᠲᠤᠯᠠᠵᠤ᠂ ᠡᠪᠡᠳᠴᠢᠨ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠ ᠨᠡᠮᠡᠯᠲᠡ ᠪᠣᠷᠲᠣᠭᠤᠷ ᠣᠷᠣᠭᠤᠯᠬᠤ ᠶᠢ ᠰᠠᠶᠢᠲᠤᠷ ᠠᠳᠬᠤᠵᠤ᠂ | ᠲᠠᠷᠢᠶᠠᠴᠢᠨ ᠡᠷᠦᠬᠡ ᠶᠢ ᠲᠦᠢᠯ ᠤᠨ ᠣᠨᠣᠪᠴᠢᠲᠠᠶ ᠪᠠᠷ ᠵᠢᠯᠣᠭᠤᠳᠴᠤ ᠪᠠᠶᠢᠭᠠᠳ ᠡᠯ᠎ᠡ ᠵᠦᠢᠯ ᠤᠨ ᠲᠠᠷᠢᠶᠠᠨ | ᠭᠠᠵᠠᠷ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ︾ ᠭᠡᠵᠦ ᠱᠤᠸᠠᠩ ᠯᠢᠨ ᠪᠠᠯᠭᠠᠰᠤᠨ ᠤ | ᠳᠡᠳ᠋ ᠳᠠᠷᠤᠭ᠎ᠠ ᠵᠠᠩ ᠺᠠᠶ ᠷᠦᠩ ᠬᠡᠯᠡᠪᠡ᠃ | ᠨᠠᠮᠤᠷ ᠤᠨ ᠠᠮᠤ ᠪᠤᠳᠠᠭ᠎ᠠ ᠶᠡᠭᠡ ᠬᠡᠪᠴᠢᠶ᠎ᠡ ᠪᠠᠷ ᠬᠤᠷᠢᠶᠠᠬᠤ ᠪᠣᠯᠲᠠᠯ᠎ᠠ ᠪᠠᠰᠠ ᠬᠠᠭᠠᠰ ᠰᠠᠷ᠎ᠠ ᠣᠷᠴᠢᠮ | ᠪᠠᠶᠢᠨ᠎ᠠ᠂ ᠡᠯᠪᠡᠭ ᠬᠤᠷᠢᠶᠠᠯᠲᠠ ᠣᠯᠬᠤ ᠳᠤ ᠪᠠᠰᠠ ᠨᠠᠮᠤᠷ ᠤᠨ ᠭᠠᠩ ᠬᠠᠭᠰᠠᠷᠠᠭᠠᠨ᠂ ᠨᠠᠮᠤᠷ ᠤᠨ ᠤᠰᠤᠲᠤᠯ᠂ | ᠬᠢᠷᠠᠭᠤᠳᠠᠬᠤ᠂ ᠲᠠᠶᠢᠹᠧᠩ ᠰᠠᠯᠬᠢ᠂ ᠡᠪᠡᠳᠴᠢᠨ ᠬᠤᠷᠣᠬᠠᠶ ᠶᠢᠨ ᠭᠠᠮᠰᠢᠭ ᠵᠡᠷᠭᠡ ᠣᠯᠠᠨ ᠪᠣᠭᠤᠮᠲᠠ ᠶᠢ ᠥᠩᠭᠡᠷᠡᠬᠦ | ᠬᠡᠷᠡᠭᠲᠡᠶ᠃ ᠲᠤᠰᠬᠠᠶ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠮᠡᠷᠭᠡᠵᠢᠯ ᠤᠨ ᠵᠢᠯᠣᠭᠤᠳᠣᠯᠭ᠎ᠠ ᠦᠢᠯᠡᠴᠢᠯᠡᠭᠡ ᠶᠢ | ᠴᠢᠩᠭᠠᠳᠬᠠᠵᠤ᠂ ᠬᠤᠯᠪᠣᠭᠳᠠᠯ ᠪᠥᠬᠦᠶ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠶᠢ ᠰᠠᠶᠢᠲᠤᠷ ᠬᠡᠷᠡᠭᠯᠡᠵᠦ᠂ | ᠭᠠᠷᠤᠯᠲᠠ ᠶᠢ ᠲᠣᠭᠲᠠᠪᠤᠷᠢᠵᠢᠭᠤᠯᠤᠨ ᠭᠠᠷᠤᠯᠲᠠ ᠶᠢ ᠨᠡᠮᠡᠭᠳᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠭᠠᠮᠰᠢᠭ ᠢ ᠴᠢᠩᠭ᠎ᠠ ᠰᠡᠷᠭᠡᠶᠢᠯᠡᠵᠦ᠂ ᠭᠠᠵᠠᠷ ᠣᠷᠣᠨ ᠲᠥᠷᠥᠯ | ᠬᠤᠪᠢᠶᠠᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠨᠠᠮᠤᠷ ᠤᠨ ᠠᠮᠤ | ᠪᠤᠳᠠᠭᠠᠨ ᠤ ᠡᠯᠪᠡᠭ ᠬᠤᠷᠢᠶᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠶ᠃ ︵ᠰᠤᠷᠪᠤᠯᠵᠢᠯᠠᠭᠴᠢ | ᠴᠢᠶᠣᠤ ᠶᠢᠨ ᠯᠢᠶᠠᠩ︶ | |