| | | | | | | | | | 9 ᠰᠠᠷ᠎ᠠ ᠶᠢᠨ 18 ᠤ ᠡᠳᠦᠷ᠂ ᠸᠠᠩ ᠯᠢ ᠰᠢᠶᠠ ᠬᠥᠬᠡᠬᠤᠲᠠ ᠳᠤ ᠰᠢᠩᠭᠠᠫᠤᠷ ᠤᠨ ᠳᠤᠮᠳᠠᠳᠤ ᠤᠯᠤᠰ ᠲᠠᠢ | ᠠᠷᠠᠯᠵᠢᠶ᠎ᠠ ᠨᠡᠪᠲᠡᠷᠡᠬᠦ ᠵᠣᠬᠢᠶᠠᠨ ᠪᠠᠶᠢᠭᠤᠯᠤᠯᠲᠠ ᠶᠢᠨ ᠲᠡᠷᠢᠭᠦᠯᠡᠭᠴᠢ ᠯᠢ ᠢ ᠰᠢᠶᠠᠨ ᠨᠠᠷ ᠲᠠᠢ ᠠᠭᠤᠯᠵᠠᠪᠠ᠃ | ᠸᠠᠩ ᠯᠢ ᠰᠢᠶᠠ ᠯᠢ ᠢ ᠰᠢᠶᠠᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ | ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠳᠣᠲᠣᠭᠰᠢ ᠪᠠᠨ ᠨᠠᠢᠮᠠᠨ ᠮᠤᠵᠢ ᠣᠷᠣᠨ ᠲᠠᠢ | ᠵᠠᠯᠭᠠᠯᠳᠤᠵᠤ᠂ ᠭᠠᠳᠠᠭᠰᠢ ᠪᠠᠨ ᠣᠷᠣᠰ ᠮᠣᠩᠭᠤᠯ ᠲᠠᠢ ᠵᠠᠯᠭᠠᠯᠳᠤᠵᠤ᠂ ᠳᠤᠮᠳᠠᠳᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠬᠤ ᠪᠥᠭᠡᠳ ᠲᠠᠯ᠎ᠠ ᠨᠤᠲᠤᠭ ᠤᠨ ᠲᠣᠷᠭᠠᠨ ᠵᠠᠮ ᠤᠨ ᠲᠥᠪ ᠣᠷᠣᠨ | ᠪᠠᠶᠢᠵᠤ᠂ ᠰᠢᠩᠭᠠᠫᠤᠷ ᠯᠤᠭ᠎ᠠ ᠶᠢᠨ ᠠᠷᠠᠯᠵᠢᠶᠠᠨ ᠤ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ ᠪᠠᠶᠢᠨ᠎ᠠ ᠭᠡᠵᠡᠢ᠃ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠨᠢᠭᠲᠠᠷᠠᠭᠤᠯᠤᠨ ︽ᠬᠤᠶᠠᠷ ᠶᠡᠭᠡ | ᠶᠠᠪᠤᠳᠠᠯ︾ ᠢ ᠰᠠᠶᠢᠲᠤᠷ ᠬᠢᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠥᠬᠦ ᠬᠦᠴᠦ ᠪᠠᠷ ᠢᠶᠠᠨ | ᠪᠠᠶᠢᠭᠤᠯᠵᠤ ᠪᠠᠶᠢᠨ᠎ᠠ᠂ ᠳᠡᠯᠡᠬᠡᠢ ᠶᠢᠨ ᠬᠠᠷᠠᠭᠠᠰᠤ ᠲᠠᠢ ᠠᠵᠤ ᠠᠬᠤᠢ ᠶᠢᠨ ᠬᠠᠮᠢᠶᠠᠷᠤᠯᠲᠠ ᠶᠢᠨ ᠴᠢᠳᠠᠪᠤᠷᠢᠲᠠᠨ | ᠪᠣᠯᠣᠨ ᠮᠥᠩᠭᠦᠨ ᠭᠦᠢᠯᠭᠡᠭᠡᠨ᠂ ᠪᠠᠷᠠᠭᠠᠨ ᠤ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠤᠨ ᠴᠢᠳᠠᠪᠤᠷᠢᠲᠠᠨ ᠢ | ᠲᠤᠯᠭᠠᠮ ᠱᠠᠭᠠᠷᠳᠠᠵᠤ ᠪᠠᠶᠢᠨ᠎ᠠ᠂ ᠰᠢᠩᠭᠠᠫᠤᠷ ᠡᠳᠡᠭᠡᠷ ᠲᠠᠯ᠎ᠠ ᠪᠠᠷ ᠮᠠᠰᠢ ᠶᠡᠭᠡ ᠳᠠᠪᠠᠭᠤᠯᠢᠭ ᠲᠠᠢ ᠶᠤᠮ᠃ ᠬᠤᠶᠠᠷ | ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠣᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠠᠨ | ᠴᠢᠨᠠᠭᠰᠢᠳᠠ ᠴᠢᠩᠭᠠᠳᠬᠠᠵᠤ᠂ ᠨᠡᠩ ᠭᠦᠨᠵᠡᠭᠡᠢ᠂ ᠨᠡᠩ ᠥᠷᠭᠡᠨ ᠳᠡᠯᠭᠡᠷ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ | ᠪᠠᠶᠢᠨ᠎ᠠ ᠭᠡᠵᠦ ᠬᠡᠯᠡᠪᠡ᠃ | ᠯᠢ ᠢ ᠰᠢᠶᠠᠨ᠂ ᠰᠢᠩᠭᠠᠫᠤᠷ ᠪᠣᠯ ᠳᠠᠯᠠᠢ ᠳᠡᠭᠡᠷᠡᠬᠢ ᠲᠣᠷᠭᠠᠨ ᠵᠠᠮ ᠤᠨ ᠴᠢᠬᠤᠯᠠ ᠵᠠᠩᠭᠢᠯᠠᠭ᠎ᠠ ᠶᠢᠨ ᠴᠡᠭ | ᠪᠣᠯᠣᠨ᠎ᠠ᠂ ᠥᠪᠥᠷ ᠮᠣᠩᠭᠤᠯ ᠯᠤᠭ᠎ᠠ ᠮᠠᠰᠢ ᠴᠢᠩᠭ᠎ᠠ ᠬᠠᠷᠢᠯᠴᠠᠨ ᠨᠥᠬᠦᠪᠦᠷᠢᠯᠡᠬᠦ ᠴᠢᠨᠠᠷᠲᠠᠢ ᠶᠤᠮ᠂ ᠬᠤᠶᠠᠷ | ᠲᠠᠯ᠎ᠠ ᠪᠠᠷ ᠢᠶᠠᠨ ᠴᠢᠳᠠᠪᠤᠷᠢᠲᠠᠨ ᠢ ᠪᠣᠯᠪᠠᠰᠤᠷᠠᠭᠤᠯᠬᠤ᠂ ᠴᠡᠪᠡᠷ ᠡᠨᠧᠷᠭᠢ ᠶᠢ ᠨᠡᠭᠡᠭᠡᠨ ᠠᠰᠢᠭᠯᠠᠬᠤ ᠵᠡᠷᠭᠡ ᠲᠠᠯ᠎ᠠ ᠪᠠᠷ | ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠨᠡᠩ ᠣᠯᠠᠨ ᠬᠠᠮᠲᠤ ᠪᠠᠷ ᠠᠰᠢᠭ ᠬᠦᠷᠲᠡᠬᠦ ᠬᠥᠭᠵᠢᠯᠲᠡ ᠶᠢᠨ | ᠵᠠᠭᠪᠤᠷ ᠢ ᠰᠦᠪᠡᠭᠴᠢᠯᠡᠵᠦ ᠪᠣᠯᠣᠨ᠎ᠠ ᠭᠡᠵᠦ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠠᠭᠤᠯᠵᠠᠯᠲᠠ ᠳᠤ ᠣᠷᠣᠯᠴᠠᠵᠠᠢ᠃ | | |