ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠠᠷᠢᠶᠠᠨ ᠤ ᠲᠠᠪᠴᠠᠩ ᠦᠬᠠᠶ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/19
  9 ᠳ᠋ᠦ᠋ᠭᠡᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠭᠤᠤᠯᠯᠠᠨ ᠡᠷᠭᠢᠯᠡᠵᠦ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠠᠭᠠᠭᠠᠴᠢᠯᠠᠨ ᠡᠷᠭᠢᠯᠡᠭᠰᠡᠨ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠠᠷᠢᠶᠠᠨ ᠤ ᠲᠠᠪᠴᠠᠩ ᠦᠬᠠᠶ ᠬᠤᠲᠠ ᠳᠤ ᠶᠠᠪᠤᠭᠳᠠᠪᠠ᠃
乌海市举行1.jpg
  ᠲᠣᠰ ᠤᠳᠠᠭ᠎ᠠ ᠶᠢᠨ ᠶᠠᠷᠢᠶᠠᠨ ᠤ ᠲᠠᠪᠴᠠᠩ ᠪᠣᠯ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ  ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠭᠰᠠᠨ ᠳᠥᠷᠪᠡᠨ ᠵᠢᠯ ᠤᠨ ᠣᠶ ᠶᠢᠨ ᠲᠠᠰᠢᠷᠠᠮ ᠢᠶᠠᠷ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠠᠲᠤᠨ ᠭᠤᠤᠯ ᠤᠨ ︽ᠶᠡᠭᠡ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠵᠣᠷᠢᠯᠭ᠎ᠠ ᠨᠢ ᠤᠰᠤ ᠶᠢ ᠵᠠᠰᠠᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠰᠠᠭᠤᠷᠢᠯᠠᠵᠤ᠂ ᠡᠬᠢ ᠰᠤᠷᠪᠤᠯᠵᠢ ᠶᠢ ᠨᠢ ᠨᠡᠭᠡᠭᠡᠵᠦ ᠤᠷᠤᠰᠬᠠᠯ ᠢ ᠨᠢ ᠠᠷᠪᠢᠯᠠᠬᠤ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠪᠦᠲᠦᠮᠵᠢᠲᠡᠶ ᠠᠷᠭ᠎ᠠ ᠵᠠᠮ ᠢ ᠬᠠᠮᠲᠤ ᠪᠠᠷ ᠰᠦᠪᠡᠭᠴᠢᠯᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ᠃
乌海市举行2.jpg
  ᠶᠠᠷᠢᠶᠠᠨ ᠤ ᠲᠠᠪᠴᠠᠩ ᠨᠢ ︽ᠦᠬᠠᠶ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠭᠰᠠᠨ ᠪᠣᠳᠠᠲᠤ ᠲᠡᠮᠳᠡᠭᠯᠡᠯ︾ ᠭᠡᠬᠦ ᠤᠬᠠᠭᠤᠯᠭ᠎ᠠ ᠶᠢᠨ ᠹᠢᠯᠢᠮ ᠳᠤ ᠬᠥᠰᠢᠭᠡ ᠪᠠᠨ ᠰᠡᠬᠦᠵᠦ᠂ ᠦᠬᠠᠶ ᠶᠢᠨ ᠣᠨᠴᠠᠯᠢᠭ ᠪᠥᠬᠦᠶ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠵᠠᠮ ᠢ ᠪᠥᠬᠦ ᠲᠠᠯ᠎ᠠ ᠪᠠᠷ ᠳᠡᠯᠭᠡᠨ ᠦᠵᠡᠭᠦᠯᠵᠡᠶ᠃ ᠳᠠᠷᠠᠭ᠎ᠠ ᠨᠢ᠂ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠾᠧ ᠢᠤᠢ ᠴᠤᠸᠠᠨ ᠲᠣᠰ ᠲᠣᠰ ᠶᠠᠷᠢᠶᠠᠨ ᠤ ᠲᠠᠪᠴᠠᠩ ᠳᠤ ᠪᠠᠶᠠᠷ ᠤᠨ ᠦᠭᠡ ᠬᠡᠯᠡᠪᠡ᠃
乌海市举行3.jpg
  ᠱᠧᠩ ᠰᠢᠶᠤᠤ ᠶᠢᠦ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ  ᠶᠢᠨ ᠫᠢᠩ ᠤᠨ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠪᠣᠯᠤᠨ᠎ᠠ᠃ ᠥᠪᠥᠷ ᠮᠣᠩᠭᠤᠯ ᠬᠠᠲᠤᠨ ᠭᠤᠤᠯ ᠤᠨ ᠰᠠᠪᠠ ᠭᠠᠵᠠᠷ ᠤᠨ ᠭᠤᠤᠯᠳᠠᠯᠭ᠎ᠠ ᠲᠠᠢ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ ᠡᠨᠡ ᠬᠦ ᠪᠠᠶᠢᠯᠳᠤᠬᠤ ᠪᠣᠳᠣᠯᠭ᠎ᠠ ᠳᠤ ᠭᠦᠨᠵᠡᠭᠡᠶ ᠠᠭᠤᠰᠤᠯᠴᠠᠵᠤ᠂ ᠡᠨᠡ ᠬᠦ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠬᠤ ᠳᠤ ᠡᠭᠦᠷᠭᠡ ᠬᠠᠷᠢᠭᠤᠴᠠᠯᠭ᠎ᠠ ᠪᠠᠲᠤ ᠪᠠᠬᠢ ᠪᠠᠶᠢᠨ᠎ᠠ᠃ ᠣᠷᠳᠣ ᠬᠤᠭᠤᠴᠠᠭᠠᠨ ᠤ ᠲᠤᠷᠰᠢ᠂ ᠥᠪᠥᠷ ᠮᠣᠩᠭᠤᠯ ᠤᠨ ᠬᠠᠲᠤᠨ ᠭᠤᠤᠯ ᠳᠠᠭᠠᠤ ᠶᠢᠨ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ  ᠬᠢᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠬᠤ ᠲᠣᠭᠤᠷᠢᠨ ᠳᠤ ᠶᠡᠭᠡ ᠬᠡᠮᠵᠢᠶᠡᠨ ᠤ ᠠᠵᠢᠯ ᠥᠷᠨᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠵᠣᠬᠢᠬᠤ ᠦᠷ᠎ᠡ ᠪᠦᠲᠦᠮᠵᠢ ᠤᠯᠪᠠ᠃ ᠭᠡᠪᠡᠴᠦ ᠪᠢᠳᠡ ᠪᠠᠰᠠ ᠰᠡᠷᠭᠡᠭ ᠢᠶᠠᠷ ᠲᠠᠨᠢᠵᠤ ᠣᠯᠤᠭᠰᠠᠨ ᠨᠢ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠠᠭᠠᠤ ᠳᠤ᠂ ᠪᠠᠶᠢᠭᠠᠯᠢ ᠶᠢᠨ ᠬᠤᠪᠢᠷᠠᠯᠲᠠ ᠵᠡᠷᠭᠡ ᠬᠦᠴᠦᠨ ᠵᠦᠶᠯ ᠤᠨ ᠨᠥᠯᠥᠭᠡ ᠠᠴᠠ ᠪᠣᠯᠵᠣ᠂ ᠰᠠᠪᠠ ᠭᠠᠵᠠᠷ ᠤᠨ ᠬᠥᠭᠵᠢᠯᠲᠡ ᠨᠢ ᠤᠰᠤᠨ ᠳᠤ ᠬᠢᠵᠠᠭᠠᠷᠯᠠᠭᠳᠠᠵᠤ᠂ ᠤᠰᠤᠨ ᠳᠤ ᠬᠠᠰᠢᠭᠳᠠᠭᠰᠠᠨ ᠪᠠᠶᠢᠳᠠᠯ ᠮᠥᠨ ᠬᠦ ᠮᠠᠰᠢ ᠲᠣᠪᠣᠶᠢᠮ᠎ᠠ ᠪᠠᠶᠢᠵᠤ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠣᠪᠣᠶᠢᠮ᠎ᠠ᠂ ᠤᠰᠤ ᠬᠡᠷᠡᠭᠯᠡᠬᠦ ᠪᠦᠲᠦᠴᠡ ᠵᠦᠶ ᠵᠣᠬᠢᠰ ᠥᠬᠡᠶ ᠪᠠ ᠤᠰᠤ ᠬᠡᠷᠡᠭᠯᠡᠬᠦ ᠦᠷ᠎ᠡ ᠪᠦᠲᠦᠮᠵᠢ ᠢᠯᠠᠩᠭᠤᠶ᠎ᠠ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠥᠨᠳᠥᠷ ᠪᠢᠰᠢ ᠭᠤᠷᠪᠠᠨ ᠲᠠᠯ᠎ᠠ ᠪᠠᠷ ᠲᠥᠪᠯᠡᠷᠡᠩᠭᠦᠶ ᠢᠯᠡᠷᠡᠵᠦ᠂ ᠦᠵᠡᠯ ᠰᠠᠨᠠᠭ᠎ᠠ ᠣᠶᠢᠯᠠᠭᠠᠭᠳᠠᠬᠤᠨ᠂ ᠲᠦᠷᠢᠮ ᠲᠣᠭᠲᠠᠴᠠ᠂ ᠬᠥᠭᠵᠢᠯᠲᠡ ᠶᠢᠨ ᠠᠷᠭ᠎ᠠ ᠮᠠᠶ᠋ᠢᠭ᠂ ᠮᠡᠷᠭᠡᠵᠢᠯ ᠤᠨ ᠠᠷᠭ᠎ᠠ ᠪᠠᠷᠢᠯ ᠵᠡᠷᠭᠡ ᠣᠯᠠᠨ ᠲᠠᠯ᠎ᠠ ᠠᠴᠠ ᠭᠠᠷᠳᠠᠵᠤ᠂ ᠤᠯᠠᠮ ᠨᠢᠭᠡ ᠠᠯᠬᠤᠮ ᠠᠰᠠᠭᠤᠳᠠᠯ ᠢ ᠰᠢᠶᠳᠪᠦᠷᠢᠯᠡᠬᠦ ᠴᠢᠬᠤᠯᠠᠲᠠᠶ ᠪᠠᠶᠢᠨ᠎ᠠ᠃ ᠲᠣᠰ ᠤᠳᠠᠭ᠎ᠠ ᠶᠢᠨ ᠶᠠᠷᠢᠶᠠᠨ ᠤ ᠲᠠᠪᠴᠠᠩ ᠢ ᠡᠷᠭᠢᠯᠡᠬᠦ ᠪᠠᠷ ᠳᠡᠮᠵᠢᠨ᠂ ᠣᠯᠠᠨ ᠤ ᠤᠬᠠᠭᠠᠨ ᠬᠠᠮᠲᠤ ᠶᠢᠨ ᠬᠦᠴᠦᠨ ᠢ ᠨᠢᠭᠲᠠᠷᠠᠭᠤᠯᠵᠤ᠂ ᠬᠠᠲᠤᠨ ᠭᠤᠤᠯ ᠤᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠨᠠᠩ ᠰᠠᠶᠢᠲᠤᠷ ᠦᠶᠯᠡᠴᠢᠯᠡᠬᠦ ᠪᠠ ᠨᠠᠶᠢᠳᠠᠪᠤᠷᠢᠵᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠵᠡᠢ ᠃  ᠲᠠᠩ ᠢ ᠪᠠᠶᠠᠷ ᠤᠨ ᠦᠭᠡ ᠳᠡᠭᠡᠨ ᠢᠯᠡᠷᠬᠡᠶᠢᠯᠡᠭᠰᠡᠨ ᠨᠢ᠂ ᠦᠬᠠᠶ ᠬᠤᠲᠠ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠲᠡᠷᠢᠭᠦᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠡᠵᠢ ᠭᠤᠤᠯ  ᠢᠶᠠᠨ ᠬᠠᠮᠠᠭᠠᠯᠠᠬᠤ ᠶᠢ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠳᠥᠷᠪᠡᠨ ᠤᠰᠤ ᠳᠥᠷᠪᠡᠨ ᠲᠣᠭᠲᠠᠭᠠᠯ︾ ᠤᠨ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ᠂ ︽ᠲᠠᠪᠤᠨ ᠤᠰᠤ ᠶᠢ ᠬᠠᠮᠲᠤ ᠪᠠᠷ ᠵᠠᠰᠠᠬᠤ︾ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠤᠰᠤᠨ ᠴᠣᠷᠭᠤ︾ ᠶᠢ ᠪᠥᠬᠦ ᠬᠦᠴᠦᠨ ᠢᠶᠠᠷ ᠢᠶᠠᠨ ᠴᠢᠩᠭᠠᠳᠬᠠᠨ᠂ ︽ᠤᠰᠤ ᠠᠷᠪᠢᠯᠠᠬᠤ ᠠᠷᠭ᠎ᠠ︾ ᠶᠢ ᠰᠠᠶᠢᠲᠤᠷ ᠤᠩᠰᠢᠬᠤ ᠶᠢ ᠪᠠᠷᠢᠮᠲᠠᠯᠠᠭᠰᠠᠨ ᠪᠣᠯᠪᠠᠴᠤ ᠤᠰᠤᠨ ᠤ ᠡᠬᠢ ᠪᠠᠶᠠᠯᠢᠭ  ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠮᠥᠨ ᠬᠦ ᠮᠠᠰᠢ ᠲᠣᠪᠣᠶᠢᠮ᠎ᠠ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠳᠤ ᠬᠠᠳᠤᠨ ᠭᠤᠣᠯ  ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠠᠷᠢᠶᠠᠨ ᠤ ᠲᠠᠪᠴᠠᠩ ᠢ ᠡᠷᠬᠢᠯᠡᠬᠦ ᠨᠢ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ ᠪᠠᠰᠠ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠪᠠ ᠠᠷᠪᠢᠯᠠᠨ ᠬᠠᠮᠠᠭᠠᠯᠠᠬᠤ ᠶᠢ ᠨᠡᠩ ᠰᠠᠶᠢᠲᠤᠷ ᠠᠬᠢᠭᠤᠯᠬᠤ ᠴᠢᠬᠤᠯᠠ ᠠᠵᠠ ᠲᠣᠬᠢᠶᠠᠯ ᠪᠣᠯᠤᠨ᠎ᠠ᠂ ᠡᠨᠡ ᠨᠢ ᠯᠠᠪᠲᠠᠢ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠢᠳᠡᠪᠬᠢᠲᠡᠢ ᠪᠥᠭᠡᠳ ᠠᠯᠤᠰ ᠬᠡᠳᠤ ᠶᠢᠨ ᠨᠥᠯᠥᠭᠡ ᠦᠵᠡᠭᠦᠯᠬᠦ ᠪᠣᠯᠤᠨ᠎ᠠ ᠭᠡᠵᠡᠢ᠃  ᠾᠧ ᠢᠤᠢ ᠴᠤᠸᠠᠨ ᠪᠠᠶᠠᠷ ᠤᠨ ᠦᠭᠡ ᠳᠡᠭᠡᠨ ᠢᠯᠡᠷᠬᠡᠶᠢᠯᠡᠭᠰᠡᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠨ ᠤᠯᠠ ᠮᠥᠷ ᠬᠥᠬᠡᠮᠥ᠋ᠷᠡᠨ ᠤ ᠡᠮᠦᠨ᠎ᠡ ᠤᠮᠠᠷ᠎ᠠ᠂ ᠶᠡᠭᠡ ᠭᠤᠣᠯ ᠮᠥᠷᠡᠨ ᠤ ᠡᠮᠦᠨ᠎ᠡ ᠤᠮᠠᠷ᠎ᠠ ᠪᠠᠷ ᠬᠦᠷᠴᠦ᠂ ᠤᠯᠤᠰ ᠤᠨ ᠭᠤᠣᠯ ᠮᠥᠷᠡᠨ ᠤ ᠪᠠᠶᠢᠯᠳᠤᠬᠤ ᠪᠤᠳᠤᠯᠭ᠎ᠠ  ᠶᠢ ᠲᠣᠭᠲᠠᠭᠠᠵᠤ᠂ ᠬᠠᠳᠤᠨ ᠭᠤᠣᠯ ᠤᠨ ᠬᠠᠮᠠᠭᠠᠯᠠᠯᠲᠠ ᠵᠠᠰᠠᠯᠲᠠ ᠳᠤ ᠦᠨᠳᠦᠰᠦᠨ ᠵᠢᠷᠤᠮᠯᠠᠯ ᠬᠠᠩᠭᠠᠵᠤ᠂ ᠬᠠᠳᠤᠨ ᠭᠤᠣᠯ ᠤᠨ ᠬᠠᠮᠠᠭᠠᠯᠠᠯᠲᠠ ᠵᠠᠰᠠᠯᠲᠠ ᠶᠢᠨ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠬᠦᠳᠦᠯᠥᠨ       ᠳᠠᠭᠠᠭᠤᠯᠪᠠ᠃ ᠬᠠᠲᠤᠨ ᠭᠤᠤᠯ ᠤᠨ ᠵᠥᠪᠯᠡᠯ ᠪᠣᠯᠤᠨ ᠬᠠᠲᠤᠨ ᠭᠤᠤᠯ ᠳᠠᠭᠠᠤ ᠶᠢᠨ ᠡᠯ᠎ᠡ ᠮᠤᠵᠢ ᠣᠷᠣᠨ ︽ᠠᠷᠪᠠᠨ ᠵᠢᠷᠭᠤᠭᠠᠨ ᠥᠰᠥᠭ︾ ᠤᠨ ᠤᠰᠤ ᠵᠠᠰᠠᠬᠤ ᠰᠡᠳᠬᠢᠴᠡ ᠶᠢ ᠢᠳᠡᠪᠬᠢᠲᠡᠶ ᠦᠶᠯᠡᠳᠦᠯᠭᠡᠵᠢᠭᠦᠯᠵᠦ᠂ ᠤᠰᠤᠨ  ᠤ ᠡᠬᠢ ᠪᠠᠶᠠᠯᠢᠭ ᠢ ᠨᠠᠷᠢᠨ ᠨᠢᠮᠪᠠᠶ ᠲᠥᠯᠥᠪᠯᠡᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠶ ᠰᠠᠶᠢᠲᠤᠷ ᠬᠠᠮᠢᠶᠠᠷᠴᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠬᠠᠮᠵᠢᠯᠴᠠᠨ ᠠᠬᠢᠭᠤᠯᠪᠠ᠃ ᠬᠠᠲᠤᠨ ᠭᠤᠤᠯ ᠪᠣᠯ ᠳᠡᠯᠡᠬᠡᠶ ᠳᠡᠭᠡᠷᠡᠬᠢ ᠬᠠᠮᠤᠭ ᠤᠨ ᠪᠤᠳᠤᠯᠢᠶᠠᠨᠲᠠᠶ ᠵᠠᠰᠠᠬᠤ ᠳᠤ ᠬᠦᠴᠢᠷᠲᠡᠶ ᠭᠤᠤᠯ ᠮᠥᠷᠡᠨ ᠪᠣᠯᠤᠨ᠎ᠠ᠂ ᠬᠠᠲᠤᠨ ᠭᠤᠤᠯ ᠤᠨ ᠤᠰᠤᠨ ᠤ ᠡᠬᠢ ᠪᠠᠶᠠᠯᠢᠭ ᠤᠰᠤᠨ ᠤ ᠣᠷᠴᠢᠨ ᠲᠣᠭᠤᠷᠢᠨ ᠤᠰᠤᠨ ᠤ ᠠᠮᠢ ᠠᠬᠤᠶ ᠶᠢᠨ ᠬᠦᠴᠢᠷ ᠠᠰᠠᠭᠤᠳᠠᠯ ᠢ ᠰᠢᠶᠳᠪᠦᠷᠢᠯᠡᠬᠦ ᠳᠤ ᠣᠯᠠᠨ ᠤ ᠣᠶᠤᠨ ᠤᠬᠠᠭᠠᠨ ᠱᠠᠭᠠᠷᠳᠠᠭᠳᠠᠨ᠎ᠠ᠃ ᠬᠠᠲᠤᠨ ᠭᠤᠤᠯ ᠤᠨ ᠵᠥᠪᠯᠡᠯ ᠦᠷᠭᠦᠯᠵᠢᠯᠡᠨ ᠬᠠᠲᠤᠨ ᠭᠤᠤᠯ ᠳᠠᠭᠠᠤ ᠶᠢᠨ ᠡᠯ᠎ᠡ ᠱᠠᠲᠤᠨ ᠤ ᠵᠠᠰᠠᠭ ᠤᠨ ᠣᠷᠳᠣᠨ ᠲᠠᠢ ᠭᠠᠷ ᠬᠤᠯᠪᠣᠨ᠂ ᠨᠢᠭᠡ ᠰᠡᠳᠬᠢᠯ ᠨᠢᠭᠡ ᠴᠢᠭᠯᠡᠯ᠂ ᠣᠯᠠᠨ  ᠤ ᠤᠬᠠᠭᠠᠨ ᠬᠠᠮᠲᠤ ᠶᠢᠨ ᠬᠦᠴᠦᠨ ᠢᠶᠠᠷ ᠰᠢᠨ᠎ᠡ ᠱᠠᠲᠤ ᠦᠶ᠎ᠡ ᠶᠢᠨ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠬᠠᠲᠤᠨ ᠭᠤᠤᠯ ᠢ ᠠᠷᠠᠳ ᠲᠦᠮᠡᠨ ᠳᠤ ᠪᠤᠶᠠᠨ ᠦᠶᠯᠡᠳᠬᠦ ᠵᠣᠯ ᠵᠢᠷᠭᠠᠯᠲᠤ ᠭᠤᠤᠯ ᠪᠣᠯᠭᠠᠬᠤ ᠶᠢᠨ ᠲᠥᠯᠥᠭᠡ ᠲᠡᠮᠡᠴᠡᠨ᠎ᠡ ᠭᠡᠵᠡᠢ᠃  ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠠᠷᠢᠶᠠᠨ ᠤ ᠲᠠᠪᠴᠠᠩ ᠤᠨ ᠬᠠᠮᠲᠤ  ᠶᠢᠨ ᠲᠠᠨᠢᠯᠲᠠ ᠶᠢ ᠨᠡᠶᠢᠲᠡᠯᠡᠬᠦ ᠶᠣᠰᠣᠯᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠨᠠᠨᠵᠢᠩ ᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠶᠡᠷᠦᠩᠬᠡᠶ ᠢᠨᠵᠧᠨᠧᠷ ᠬᠤ᠋ ᠶᠠ ᠠᠨ᠂ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠧᠩ ᠰᠢᠶᠤᠤ ᠶᠢᠦ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠾᠧ ᠢᠤᠢ ᠴᠤᠸᠠᠨ᠂ ᠤᠰᠤᠨ ᠠᠰᠢᠭᠯᠠᠯᠲᠠ ᠶᠢᠨ ᠶᠠᠮᠤᠨ ᠤ ᠤᠰᠤ  ᠶᠢ ᠠᠷᠪᠢᠯᠠᠨ ᠭᠠᠮᠨᠠᠵᠤ ᠬᠡᠷᠡᠭᠯᠡᠬᠦ ᠶᠢ ᠠᠬᠢᠭᠤᠯᠬᠤ ᠲᠥᠪ ᠤᠨ ᠳᠠᠷᠤᠭ᠎ᠠ ᠴᠧᠨ ᠮᠧᠶ ᠵᠢᠴᠢ ᠬᠥᠬᠡᠨᠠᠭᠤᠷ᠂ ᠭᠠᠨᠰᠦ᠂ ᠨᠢᠩᠰᠢᠶᠠ᠂ ᠱᠠᠨᠰᠢ᠂ ᠱᠠᠨᠳᠦ᠋ᠩ ᠵᠡᠷᠭᠡ ᠬᠠᠲᠤᠨ ᠭᠤᠤᠯ ᠳᠠᠭᠠᠤ ᠶᠢᠨ ᠮᠤᠵᠢ ᠣᠷᠣᠨ ᠤ ᠲᠥᠯᠥᠭᠡᠯᠡᠭᠴᠢ ᠬᠠᠮᠲᠤ  ᠪᠠᠷ ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠠᠷᠢᠶᠠᠨ ᠤ ᠲᠠᠪᠴᠠᠩ ᠤᠨ ᠦᠬᠠᠶ ᠶᠢᠨ ᠬᠠᠮᠲᠤ ᠶᠢᠨ ᠲᠠᠨᠢᠯᠲᠠ︾ ᠶᠢ ᠨᠡᠶᠢᠲᠡᠯᠡᠪᠡ᠃  ᠤᠰᠤᠨ ᠠᠰᠢᠭᠯᠠᠯᠲᠠ ᠶᠢᠨ ᠶᠠᠮᠤᠨ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ᠂ ᠬᠠᠲᠤᠨ ᠭᠤᠤᠯ ᠳᠠᠭᠠᠤ ᠶᠢᠨ ᠮᠤᠵᠢ ᠣᠷᠣᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ 100 ᠭᠠᠷᠤᠶ ᠵᠣᠴᠢᠳ ᠤᠨ ᠲᠥᠯᠥᠭᠡᠯᠡᠭᠴᠢ ᠶᠠᠷᠢᠶᠠᠨ ᠤ ᠲᠠᠪᠴᠠᠩ ᠳᠤ ᠣᠷᠣᠯᠴᠠᠪᠠ᠂ ᠡᠨᠡ ᠬᠤᠭᠤᠴᠠᠭᠠᠨ ᠳᠤ᠂ ᠤᠯᠤᠰ ᠤᠨ ᠳᠣᠲᠣᠭᠠᠳᠤ ᠶᠢᠨ ᠤᠰᠤᠨ ᠤ ᠡᠬᠢ ᠪᠠᠶᠠᠯᠢᠭ ᠤᠰᠤᠨ ᠤ ᠠᠮᠢ ᠠᠬᠤᠶ ᠶᠢᠨ ᠰᠤᠳᠤᠯᠭᠠᠨ ᠤ ᠬᠦᠷᠢᠶᠡᠨ ᠳᠠᠬᠢ 10 ᠲᠤᠰᠬᠠᠶ ᠮᠡᠷᠭᠡᠵᠢᠯᠲᠡᠨ᠂ ᠡᠷᠳᠡᠮᠲᠡᠨ ᠲᠤᠰᠬᠠᠶ ᠰᠡᠳᠦᠪᠲᠦ ᠮᠡᠳᠡᠭᠦᠯᠦᠯᠲᠡ ᠬᠢᠪᠠ᠃  ︵ᠡᠬᠡ ᠪᠢᠴᠢᠭ ᠢ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ  ᠤᠨ ᠰᠣᠨᠢᠨ ᠮᠡᠳᠡᠭᠡ ᠤᠬᠠᠭᠤᠯᠬᠤ ᠬᠡᠯᠲᠡᠰ ᠠᠴᠠ ᠬᠠᠩᠭᠠᠪᠠ︶ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号