ᠠᠮᠤᠷ ᠲᠦᠪᠰᠢᠨ᠂ ᠡᠮᠬᠢ ᠵᠢᠷᠤᠮ ᠲᠠᠢ᠂ ᠪᠣᠯᠪᠠᠰᠤᠨ᠂ ᠡᠶ᠎ᠡ ᠵᠣᠬᠢᠴᠠᠩᠭᠤᠢ ᠪᠠᠶᠠᠷ ᠤᠨ ᠡᠳᠦᠷ ᠤᠨ ᠠᠭᠤᠷ | ᠠᠮᠢᠰᠬᠤᠯ ᠢ ᠪᠤᠢ ᠪᠣᠯᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠡᠯ᠎ᠡ | ᠵᠦᠢᠯ ᠤᠨ ᠠᠵᠢᠯ ᠢ ᠦᠨᠡᠨ ᠬᠦ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠡᠷᠲᠡᠬᠡᠨ ᠢᠯᠡᠷᠡᠭᠦᠯᠵᠦ᠂ | ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ | ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 9ᠳ᠋ᠦ᠋ᠭᠡᠷ ᠰᠠᠷ᠎ᠠ ᠶᠢᠨ 19 ᠤ ᠡᠳᠦᠷ᠂ ᠤᠰᠤᠨ | ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ | ᠳᠠᠷᠤᠭ᠎ᠠ ᠫᠧᠩ ᠶᠠ ᠯᠢ ᠪᠦᠯᠬᠦᠮ ᠳᠠᠭᠠᠭᠤᠯᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠭᠡᠷ᠂ | ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ | ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠤᠰᠤᠨ ᠠᠰᠢᠭᠯᠠᠯᠲᠠ ᠶᠢᠨ ᠲᠢᠩᠬᠢᠮ ᠤᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ᠂ | ᠢ ᠹᠧᠩ ᠶᠤᠸᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ | ᠣᠷᠣᠯᠴᠠᠵᠤ᠂ ᠤᠰᠤᠨ ᠠᠰᠢᠭᠯᠠᠯᠲᠠ ᠶᠢᠨ ᠠᠯᠪᠠᠨ ᠭᠡᠷ ᠤᠨ ᠶᠡᠷᠦᠩᠬᠡᠶᠢᠯᠡᠭᠰᠡᠨ ᠠᠰᠠᠷ ᠲᠤ ᠠᠮᠤᠷ ᠲᠦᠪᠰᠢᠨ ᠤ | ᠶᠡᠭᠡ ᠪᠠᠶᠢᠴᠠᠭᠠᠯᠲᠠ ᠬᠢᠪᠡ ᠃ | | | | | | ᠪᠠᠶᠢᠴᠠᠭᠠᠬᠤ ᠳᠤᠭᠤᠶᠢᠯᠠᠩ ᠤᠷᠢᠳ ᠬᠤᠵᠢᠳ ᠲᠣᠮᠣ ᠠᠰᠠᠷ ᠤᠨ ᠭᠠᠯ ᠤᠨᠲᠠᠷᠠᠭᠠᠬᠤ ᠰᠢᠰᠲ᠋ᠧᠮ᠂ | ᠴᠠᠬᠢᠯᠭᠠᠨ ᠱᠠᠲᠤ ᠶᠢᠨ ᠮᠠᠰᠢᠨ ᠤ ᠲᠠᠰᠤᠭ᠂ ᠲᠤᠯᠤᠭᠠᠨ ᠹᠯᠣᠷᠲᠤ ᠫᠷᠣᠫᠠᠨ ᠤ ᠬᠡᠶ ᠪᠡᠶᠡᠲᠦ ᠵᠢᠪᠦᠭᠦᠯᠬᠦ | ᠲᠥᠬᠦᠭᠡᠷᠦᠮᠵᠢ ᠶᠢᠨ ᠲᠠᠰᠤᠭ᠂ ᠰᠢᠭᠤᠳ ᠤᠤᠭᠤᠬᠤ ᠤᠰᠤ ᠪᠣᠯᠤᠨ ᠳᠤᠮᠳᠠ ᠤᠰᠤ ᠶᠢ ᠡᠭᠡᠭᠦᠯᠦᠨ ᠬᠤᠷᠢᠶᠠᠬᠤ | ᠰᠢᠰᠲ᠋ᠧᠮ ᠤᠨ ᠲᠥᠬᠦᠭᠡᠷᠦᠮᠵᠢ ᠶᠢᠨ ᠲᠠᠰᠤᠭ᠂ ᠥᠨᠳᠥᠷ ᠬᠦᠴᠦᠳᠡᠯᠲᠦ ᠴᠠᠬᠢᠯᠭᠠᠨ ᠲᠦᠭᠡᠭᠡᠬᠦ ᠲᠠᠰᠤᠭ᠂ ᠬᠢᠨᠠᠨ | ᠡᠵᠡᠮᠳᠡᠬᠦ ᠲᠠᠰᠤᠭ᠂ ᠠᠵᠢᠯᠲᠠᠨ ᠠᠵᠢᠯᠴᠢᠨ ᠤ ᠬᠤᠭᠤᠯᠠᠨ ᠬᠡᠷ᠂ ᠤᠤᠯ ᠤᠨ ᠳ᠋ᠦᠩ ᠳ᠋ᠡ ᠪᠠᠭᠤᠳᠠᠯ ᠤᠨ ᠣᠷᠣᠨ | ᠪᠦᠰᠡ ᠵᠡᠷᠭᠡ ᠲᠣᠮᠣ ᠠᠰᠠᠷ ᠤᠨ ᠭᠤᠤᠯᠳᠠᠯᠭ᠎ᠠ ᠲᠠᠢ ᠬᠡᠰᠡᠭ ᠲᠤ ᠨᠠᠷᠢᠨ ᠪᠠᠶᠢᠴᠠᠭᠠᠯᠲᠠ ᠬᠢᠵᠦ᠂ ᠭᠤᠤᠯᠳᠠᠯᠭ᠎ᠠ ᠲᠠᠢ | ᠬᠡᠰᠡᠭ ᠤᠨ ᠠᠮᠤᠷ ᠲᠦᠪᠰᠢᠨ ᠤ ᠬᠡᠮ ᠰᠣᠭᠤᠭ ᠢ ᠰᠡᠷᠭᠡᠶᠢᠯᠡᠨ ᠰᠢᠶᠳᠪᠦᠷᠢᠯᠡᠭᠰᠡᠨ ᠪᠠᠶᠢᠳᠠᠯ ᠢ ᠨᠠᠷᠢᠨ ᠪᠠᠶᠢᠴᠠᠭᠠᠵᠤ᠂ | ᠡᠳᠦᠷ ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠲᠡᠮᠳᠡᠭᠯᠡᠯ ᠪᠣᠯᠤᠨ ᠠᠶᠤᠯᠭᠦᠢ ᠦᠶᠯᠡᠳᠪᠦᠷᠢᠯᠡᠯ ᠤᠨ | ᠠᠵᠢᠯᠯᠠᠭᠠᠨ ᠤ ᠲᠡᠮᠳᠡᠭᠯᠡᠯ ᠵᠡᠷᠭᠡ ᠶᠢ ᠨᠠᠷᠢᠨ ᠪᠠᠶᠢᠴᠠᠭᠠᠨ ᠦᠵᠡᠪᠡ᠃ | ᠫᠧᠩ ᠶᠠ ᠯᠢ ᠴᠢᠬᠤᠯᠠᠴᠢᠯᠠᠭᠰᠠᠨ ᠨᠢ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠠᠰᠠᠷ ᠲᠤ | ᠰᠠᠭᠤᠭ᠎ᠠ ᠡᠯ᠎ᠡ ᠨᠢᠭᠡᠴᠢ ᠶᠢᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠦᠵᠡᠯ ᠰᠠᠨᠠᠭ᠎ᠠ ᠲᠠᠨᠢᠯᠲᠠ ᠪᠠᠨ | ᠴᠢᠨᠠᠭᠰᠢᠳᠠ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠣᠯᠤᠨ | ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠬᠤ ᠬᠡᠷᠡᠭᠲᠡᠢ᠃ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ | ᠲᠥᠪ ᠨᠢ ᠤᠤᠯ ᠤᠨ ᠳ᠋ᠦᠩ ᠳ᠋ᠡ ᠪᠠᠭᠤᠳᠠᠯ ᠤᠨ 112 ᠳ᠋ᠤᠭᠠᠷ ᠳᠠᠪᠬᠤᠷᠭ᠎ᠠ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠦᠨᠡᠨ ᠬᠦ ᠰᠠᠶᠢᠲᠤᠷ ᠭᠦᠢᠴᠡᠳᠬᠡᠵᠦ᠂ ᠠᠮᠤᠷ ᠲᠦᠪᠰᠢᠨ ᠤ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢ | ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠢ ᠹᠧᠩ ᠶᠤᠸᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ | ᠬᠢᠵᠠᠭᠠᠷᠲᠤ ᠺᠣᠮᠫᠠᠨᠢ ᠨᠢ ᠠᠯᠪᠠᠨ ᠠᠰᠠᠷ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠲᠠᠯ᠎ᠠ ᠪᠣᠯᠤᠭᠰᠠᠨ ᠤ ᠬᠤᠪᠢ | ᠳᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠶᠴᠡᠳᠬᠡᠵᠦ᠂ ᠵᠢᠵᠢᠭᠦᠷᠯᠡᠨ ᠰᠠᠬᠢᠬᠤ ᠪᠠᠨ | ᠴᠢᠩᠭᠠᠳᠬᠠᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ ᠤ ᠪᠠᠶᠢᠴᠠᠭᠠᠯᠲᠠ ᠶᠢᠨ ᠤᠳᠠᠭ᠎ᠠ | ᠳᠠᠷᠠᠭ᠎ᠠ ᠶᠢ ᠨᠡᠮᠡᠭᠳᠡᠭᠦᠯᠵᠦ᠂ ᠠᠶᠤᠯᠭᠦᠢ ᠦᠶᠯᠡᠳᠪᠦᠷᠢᠯᠡᠯ ᠤᠨ ᠠᠵᠢᠯ ᠪᠠ ᠮᠥᠷᠳᠡᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠰᠠᠶᠢᠲᠤᠷ ᠬᠢᠵᠦ᠂ ᠡᠯ᠎ᠡ ᠲᠥᠷᠥᠯ ᠤᠨ ᠠᠶᠤᠯᠭᠦᠢ ᠦᠶᠯᠡᠳᠪᠦᠷᠢᠯᠡᠯ ᠤᠨ ᠬᠡᠮ ᠰᠣᠭᠤᠭ ᠢ ᠴᠠᠭ ᠲᠤᠬᠠᠶ | ᠳᠤᠨᠢ ᠪᠦᠲᠦᠮᠵᠢᠲᠡᠶ ᠪᠠᠶᠢᠴᠠᠭᠠᠨ ᠰᠢᠶᠳᠪᠦᠷᠢᠯᠡᠵᠦ᠂ ᠬᠡᠮ ᠰᠣᠭᠤᠭ ᠢ ᠴᠤᠬᠤᠶᠢᠵᠤ ᠪᠠᠶᠢᠭ᠎ᠠ ᠦᠶ᠎ᠡ ᠳᠤᠨᠢ | ᠬᠢᠵᠠᠭᠠᠷᠯᠠᠨ᠎ᠠ᠃ ᠠᠰᠠᠷ ᠲᠤ ᠰᠠᠭᠤᠭ᠎ᠠ ᠡᠯ᠎ᠡ ᠨᠢᠭᠡᠴᠢ ᠨᠦᠭᠦᠳ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ | ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠲᠤᠰᠬᠠᠶ | ᠵᠦᠶᠯ ᠤᠨ ᠪᠡᠯᠡᠳᠬᠡᠯ ᠲᠥᠰᠦᠯ ᠢ ᠲᠣᠭᠲᠠᠭᠠᠬᠤ ᠳᠤ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠴᠢᠭᠯᠡᠭᠦᠯᠦᠯᠲᠦ ᠴᠢᠨᠠᠷ | ᠲᠠᠢ ᠪᠠᠶᠢᠵᠤ᠂ ᠠᠮᠤᠷ ᠲᠦᠪᠰᠢᠨ ᠤ ᠠᠵᠢᠯᠲᠠᠨ ᠤ ᠲᠤᠰᠬᠠᠶ ᠮᠡᠷᠭᠡᠵᠢᠯ ᠤᠨ ᠮᠡᠳᠡᠯᠭᠡ ᠪᠠ ᠮᠡᠷᠭᠡᠵᠢᠯ ᠴᠢᠳᠠᠪᠤᠷᠢ ᠶᠢᠨ | ᠪᠣᠯᠪᠠᠰᠤᠷᠠᠯ ᠢ ᠤᠷᠢᠳᠴᠢᠯᠠᠨ ᠰᠠᠶᠢᠲᠤᠷ ᠬᠢᠵᠦ᠂ ᠠᠮᠤᠷ ᠲᠦᠪᠰᠢᠨ ᠤ ᠠᠳᠡᠯ ᠢ ᠴᠠᠭ ᠲᠤᠬᠠᠶ ᠳᠤᠨᠢ᠂ ᠣᠨᠣᠪᠴᠢᠲᠠᠶ | ᠳᠡᠭᠡᠭᠰᠢ ᠮᠡᠳᠡᠭᠦᠯᠬᠦ ᠶᠢᠨ ᠬᠠᠮᠲᠤ ᠲᠣᠬᠢᠲᠠᠶ ᠰᠢᠶᠳᠪᠦᠷᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠨ᠂ ᠡᠯ᠎ᠡ ᠨᠢᠭᠡᠴᠢ ᠶᠢᠨ ᠪᠠᠶᠠᠷ ᠤᠨ | ᠡᠳᠦᠷ ᠢᠶᠠᠨ ᠪᠠᠶᠠᠷ ᠬᠥᠷ ᠲᠠᠢ᠂ ᠥᠯᠵᠡᠶ ᠪᠡᠯᠭᠡ ᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ᠃ | ︵ᠡᠬᠡ ᠪᠢᠴᠢᠭ ᠢ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ | ᠪᠠᠲᠤᠯᠠᠭ᠎ᠠ ᠶᠢᠨ ᠲᠥᠪ ᠠᠴᠠ ᠬᠠᠩᠭᠠᠪᠠ︶ | |