ᠠᠷᠠᠳ ᠤᠨ ᠰᠦᠯᠵᠢᠶ᠎ᠡ᠄ 18 ᠳ᠋ᠤᠭᠠᠷ ᠬᠤᠭᠤᠴᠠᠭᠠᠨ ᠤ ᠳᠡᠯᠡᠬᠡᠶ ᠶᠢᠨ ᠤᠰᠤᠨ ᠤ ᠡᠬᠢ ᠪᠠᠶᠠᠯᠢᠭ ᠤᠨ ᠶᠡᠭᠡ ᠬᠤᠷᠠᠯ ᠠᠴᠠ ︽ᠪᠡᠭᠡᠵᠢᠩ ᠤᠨ ᠲᠤᠩᠬᠠᠭ︾ ᠢ ᠨᠡᠶᠢᠲᠡᠯᠡᠵᠦ ᠳᠡᠯᠡᠬᠡᠶ ᠶᠢᠨ ᠡᠯ᠎ᠡ ᠤᠯᠤᠰ ᠲᠠᠢ ᠤᠰᠤ ᠵᠠᠰᠠᠭᠰᠠᠨ ᠲᠤᠷᠰᠢᠯᠭ᠎ᠠ ᠪᠠᠨ ᠬᠤᠪᠢᠶᠠᠯᠴᠠᠪᠠ
ᠨᠡᠶᠢᠲᠡᠯᠡᠭᠰᠡᠨ ᠴᠠᠭ᠄
2023/9/19
ᠠᠷᠠᠳ ᠤᠨ ᠰᠦᠯᠵᠢᠶ᠎ᠡ ᠶᠢᠨ ᠪᠡᠭᠡᠵᠢᠩ ᠤᠨ 9 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ ︵ᠡᠸᠤ ᠶᠠᠩ ᠢ ᠵᠢᠶᠠ︶  18 ᠳ᠋ᠤᠭᠠᠷ ᠬᠤᠭᠤᠴᠠᠭᠠᠨ ᠤ ᠳᠡᠯᠡᠬᠡᠶ ᠶᠢᠨ ᠤᠰᠤᠨ ᠤ ᠡᠬᠢ ᠪᠠᠶᠠᠯᠢᠭ ᠤᠨ ᠶᠡᠭᠡ ᠬᠤᠷᠠᠯ ᠥᠨᠥᠳᠦᠷ ᠦᠳᠡ ᠶᠢᠨ ᠡᠮᠦᠨ᠎ᠡ ᠪᠡᠭᠡᠵᠢᠩ ᠳᠤ ᠲᠡᠭᠦᠰᠪᠡ᠂ 18 ᠳ᠋ᠤᠭᠠᠷ ᠬᠤᠭᠤᠴᠠᠭᠠᠨ ᠤ ᠳᠡᠯᠡᠬᠡᠶ ᠶᠢᠨ ᠤᠰᠤᠨ ᠤ ᠡᠬᠢ ᠪᠠᠶᠠᠯᠢᠭ ᠤᠨ ᠶᠡᠭᠡ ᠬᠤᠷᠠᠯ ᠤᠨ ᠰᠢᠨᠵᠢᠯᠡᠬᠦ ᠤᠬᠠᠭᠠᠨ ᠤ ᠵᠥᠪᠯᠡᠯ ᠤᠨ ᠬᠠᠮᠲᠤᠷᠠᠭᠰᠠᠨ ᠲᠡᠷᠢᠭᠦᠯᠡᠭᠴᠢ ᠱᠢ ᠴᠢᠦ ᡂᠢ ᠲᠡᠭᠦᠰᠬᠦ ᠶᠣᠰᠣᠯᠠᠯ ᠳᠡᠭᠡᠷ᠎ᠡ ᠶᠡᠭᠡ ᠬᠤᠷᠠᠯ ᠤᠨ ᠴᠢᠬᠤᠯᠠ ᠦᠷ᠎ᠡ ᠪᠦᠲᠦᠭᠡᠯ ᠪᠣᠯᠬᠤ ︽ᠪᠡᠭᠡᠵᠢᠩ ᠤᠨ ᠲᠤᠩᠬᠠᠭ ︾ ᠢ ᠨᠡᠶᠢᠲᠡᠯᠡᠵᠡᠶ᠂ ᠡᠭᠦᠨ ᠳᠤ ᠶᠡᠭᠡ ᠬᠤᠷᠠᠯ ᠤᠨ ᠬᠠᠮᠲᠤ ᠶᠢᠨ ᠲᠠᠨᠢᠯᠲᠠ ᠪᠣᠯᠤᠨ ᠳᠤᠮᠳᠠᠳᠤ ᠤᠯᠤᠰ  ᠤᠨ ᠲᠤᠷᠰᠢᠯᠭ᠎ᠠ ᠶᠢ ᠪᠠᠭᠲᠠᠭᠠᠭᠰᠠᠨ ᠰᠠᠨᠠᠭᠠᠴᠢᠯᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠡᠶ᠃  ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠪᠣᠯ ᠪᠤᠢ ᠪᠦᠬᠦᠢ ᠤᠯᠤᠰ᠂ ᠪᠤᠢ ᠪᠦᠬᠦᠢ ᠳᠡᠯᠡᠬᠡᠢ ᠶᠢᠨ ᠪᠥᠮᠪᠥᠷᠴᠡᠭ ᠤᠨ ᠰᠠᠭᠤᠭᠠᠯᠢ ᠠᠷᠠᠳ ᠤᠨ ᠭᠦᠢᠴᠡᠳᠬᠡᠪᠡᠰᠦ ᠵᠣᠬᠢᠬᠤ ᠬᠠᠮᠲᠤ  ᠶᠢᠨ ᠡᠭᠦᠷᠭᠡ ᠪᠠ ᠡᠳ᠋ᠯᠡᠬᠦ ᠡᠷᠬᠡ ᠮᠥᠨ᠃ ᠤᠰᠤᠨ ᠤ ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠬᠦ ᠪᠣᠯ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠬᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ  ᠶᠢᠨ ᠬᠠᠮᠤᠭ ᠤᠨ ᠦᠨᠳᠦᠰᠦᠨ ᠠᠷᠭ᠎ᠠ ᠬᠢᠳᠡᠯ ᠮᠥᠨ᠃ ᠠᠭᠤᠷ ᠠᠮᠢᠰᠬᠤᠯ ᠤᠨ ᠬᠤᠪᠢᠷᠠᠯᠲᠠ ᠪᠠ ᠪᠦᠬᠦ ᠪᠥᠮᠪᠥᠷᠴᠡᠭ ᠤᠨ ᠬᠥᠭᠵᠢᠯᠲᠡ ᠶᠢᠨ ᠡᠮᠦᠨ᠎ᠡ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠪᠠ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠴᠢᠬᠤᠯᠠᠲᠠᠢ᠃  ᠶᠡᠭᠡ ᠬᠤᠷᠠᠯ ᠠᠴᠠ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠵᠤ᠂ ᠪᠦᠲᠦᠮᠵᠢᠲᠡᠢ ᠬᠠᠮᠠᠭᠠᠯᠠᠬᠤ ᠬᠡᠷᠡᠭᠲᠡᠢ︔ ᠲᠡᠷᠡᠴᠢᠯᠡᠨ ᠤᠰᠤ ᠶᠢ ᠵᠠᠰᠠᠬᠤ ᠣᠶᠢᠯᠠᠭᠠᠭᠳᠠᠬᠤᠨ᠂ ᠮᠡᠷᠭᠡᠵᠢᠯ᠂ ᠲᠥᠷᠥ ᠶᠢᠨ ᠪᠣᠳᠣᠯᠭ᠎ᠠ ᠪᠣᠯᠤᠨ ᠬᠠᠮᠢᠶᠠᠷᠤᠯᠲᠠ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠬᠡᠷᠡᠭᠲᠡᠶ᠃ ᠤᠯᠠᠮᠵᠢᠯᠠᠯᠲᠤ ᠰᠠᠭᠤᠷᠢᠨ ᠳᠡᠭᠡᠷ᠎ᠡ ᠤᠰᠤᠨ ᠤ ᠲᠤᠬᠠᠶ ᠲᠠᠨᠢᠯᠲᠠ ᠪᠠᠨ ᠰᠢᠨᠡᠳᠬᠡᠵᠦ᠂ ᠤᠰᠤ ᠶᠢ ᠵᠠᠰᠠᠬᠤ ᠣᠨᠣᠯᠵᠢᠬᠤᠨ᠂ ᠮᠡᠷᠭᠡᠵᠢᠯ  ᠤᠨ ᠠᠷᠭ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠳᠬᠦᠨ ᠤ ᠰᠢᠨ᠎ᠡ ᠶᠢ ᠡᠭᠦᠳᠴᠦ᠂ ᠤᠰᠤᠨ ᠤ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠲᠣᠭᠲᠠᠴᠠ ᠳᠤ ᠥᠭᠡᠷᠡᠴᠢᠯᠡᠯᠲᠡ ᠬᠢᠬᠦ ᠬᠡᠷᠡᠭᠲᠡᠶ︔ ᠤᠰᠤᠨ ᠤ ᠠᠵᠢᠯ ᠡᠷᠬᠢᠯᠡᠭᠰᠡᠳ ᠤᠰᠤ ᠬᠢᠭᠡᠳ ᠭᠠᠵᠠᠷ ᠰᠢᠷᠣᠶ ᠵᠢᠴᠢ ᠠᠮᠢ ᠠᠬᠤᠶ ᠶᠢᠨ ᠰᠢᠰᠲ᠋ᠧᠮ ᠤᠨ ᠪᠤᠳᠤᠯᠢᠶᠠᠨᠲᠠᠶ ᠬᠠᠷᠢᠴᠠᠭ᠎ᠠ ᠶᠢ ᠨᠡᠩ ᠭᠦᠢᠴᠡᠳ ᠲᠠᠨᠢᠵᠤ᠂ ᠤᠰᠤᠨ ᠤ ᠬᠠᠮᠢᠶᠠᠷᠤᠯᠲᠠ ᠪᠣᠯᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠶ︔ ᠬᠥᠭᠵᠢᠭᠰᠡᠨ ᠤᠯᠤᠰ ᠤᠨ ᠪᠠᠭᠤᠷᠠᠢ ᠬᠠᠮᠲᠤᠯᠢᠭ ᠢ ᠪᠠᠭᠲᠠᠭᠠᠭᠰᠠᠨ ᠶᠠᠳᠠᠭᠤ ᠬᠦᠴᠢᠷᠳᠡᠯ  ᠲᠠᠢ ᠭᠠᠵᠠᠷ ᠣᠷᠣᠨ ᠤ ᠰᠠᠭᠤᠭᠠᠯᠢ ᠠᠷᠠᠳ ᠲᠤ ᠠᠷᠢᠭᠤᠨ ᠴᠡᠪᠡᠷ ᠤᠤᠭᠤᠬᠤ ᠤᠰᠤ ᠪᠠ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠴᠢᠷᠮᠠᠶᠢᠨ ᠬᠠᠩᠭᠠᠵᠤ᠂ ᠤᠰᠤᠨ ᠤ ᠠᠶᠤᠯᠭᠦᠢ ᠶᠢ ᠪᠠᠲᠤᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ︔ ᠬᠥᠭᠵᠢᠭᠰᠡᠨ ᠤᠯᠤᠰ ᠤᠳ ᠬᠥᠭᠵᠢᠵᠦ ᠪᠠᠶᠢᠭ᠎ᠠ ᠤᠯᠤᠰ ᠤᠳ ᠲᠤ ᠴᠢᠬᠤᠯᠠ ᠪᠦᠬᠦᠢ ᠮᠡᠷᠭᠡᠵᠢᠯ ᠤᠨ ᠲᠤᠰᠠᠯᠠᠮᠵᠢ ᠪᠠ ᠪᠡᠯᠡ ᠮᠥᠩᠭᠦᠨ ᠤ ᠳᠡᠮᠵᠢᠯᠭᠡ ᠬᠠᠩᠭᠠᠬᠤ ᠬᠡᠷᠡᠭᠲᠡᠢ︔ ᠡᠯ᠎ᠡ ᠤᠯᠤᠰ ᠤᠨ ᠤᠰᠤᠨ ᠤ ᠮᠡᠳᠡᠯᠭᠡ  ᠶᠢᠨ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠰᠤᠨ ᠤ ᠰᠢᠨᠵᠢᠯᠡᠬᠦ ᠤᠬᠠᠭᠠᠨ ᠤ ᠲᠦᠭᠡᠮᠡᠯᠵᠢᠯᠲᠡ ᠶᠢ ᠲᠦᠯᠬᠢᠨ ᠠᠬᠢᠭᠤᠯᠤᠨ᠎ᠠ᠃  ᠲᠣᠰ ᠬᠤᠭᠤᠴᠠᠭᠠᠨ ᠤ ᠶᠡᠭᠡ ᠬᠤᠷᠠᠯ ᠨᠢ ︽ᠤᠰᠤ ᠬᠢᠭᠡᠳ ᠲᠦᠮᠡᠨ ᠪᠣᠳᠠᠰ᠄ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ︾ ᠪᠠᠷ ᠭᠤᠤᠯ ᠰᠡᠳᠦᠪ ᠪᠣᠯᠭᠠᠵᠤ᠂ ᠤᠰᠤ ᠨᠢ ᠠᠮᠢ ᠨᠠᠰᠤᠨ ᠤ ᠡᠬᠢ ᠪᠤᠯᠠᠭ ᠪᠣᠯᠬᠤ ᠶᠢᠨ ᠴᠢᠬᠤᠯᠠ ᠴᠢᠨᠠᠷ᠂ ᠣᠷᠣᠯᠠᠭᠤᠯᠵᠤ ᠪᠣᠯᠤᠰᠢ ᠥᠬᠡᠶ ᠴᠢᠨᠠᠷ ᠢ ᠳᠠᠬᠢᠨ ᠲᠣᠳᠣᠷᠬᠠᠶᠢᠯᠠᠪᠠ︔ ᠣᠷᠴᠢᠨ ᠲᠣᠭᠤᠷᠢᠨ ᠤ ᠬᠤᠪᠢᠷᠠᠯᠲᠠ ᠶᠢᠨ ᠲᠣᠭᠲᠠᠪᠤᠷᠢ ᠦᠭᠡᠢ ᠴᠢᠨᠠᠷ ᠪᠣᠯᠤᠨ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ᠂ ᠳᠡᠯᠡᠬᠡᠢ ᠶᠢᠨ ᠡᠯ᠎ᠡ ᠤᠯᠤᠰ ᠤᠨ ᠬᠢᠨ ᠤᠰᠤ ᠶᠢ ᠵᠠᠰᠠᠬᠤ ᠤᠶᠤᠨ ᠤᠬᠠᠭᠠᠨ ᠢᠶᠠᠨ ᠬᠤᠪᠢᠶᠠᠯᠴᠠᠵᠤ᠂ ᠤᠰᠤᠨ ᠳᠤ ᠬᠤᠯᠪᠣᠭᠳᠠᠭᠰᠠᠨ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢ ᠬᠠᠮᠲᠤ ᠪᠠᠷ ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠬᠥᠮᠦᠨ ᠲᠥᠷᠥᠯᠬᠢᠲᠡᠨ  ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠤᠶ᠎ᠠ ᠭᠡᠵᠦ ᠤᠷᠢᠶᠠᠯᠠᠪᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号