ᠳ᠋ᠠᠨ ᠰᠢ ᠥᠨᠳᠥᠷ ᠬᠤᠷᠳᠤᠴᠠᠲᠤ ᠵᠠᠰᠠᠮᠠᠯ ᠵᠠᠮ ᠤᠨ ᠬᠡᠰᠢᠭᠲᠡᠨ ᠠᠴᠠ ᠴᠧᠩᠳᠧ ᠬᠦᠷᠬᠦ ᠬᠠᠷᠢᠯᠴᠠᠬᠤ ᠱᠤᠭᠤᠮ ᠤᠨ ᠬᠡᠰᠢᠭᠲᠡᠨ ︵ᠪᠢᠷᠠᠭᠤ︶᠎ ᠠᠴᠠ ᠤᠯᠠᠭᠠᠨᠪᠤᠲᠤᠩ ︵ᠥᠪᠥᠷ ᠮᠣᠩᠭᠤᠯ ᠾᠧᠪᠧᠶ ᠶᠢᠨ ᠵᠠᠭᠠᠭ ︶ ᠬᠦᠷᠬᠦ ᠬᠡᠰᠡᠭ ᠤᠨ ᠪᠠᠷᠢᠯᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/9/20
ᠬᠡᠯᠬᠢᠶᠡᠰᠦᠨ ᠨᠣᠮᠧᠷ᠄ 000014348/2023-05023ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮᠪᠢᠴᠢᠭ ᠤᠨ ᠳ᠋ᠤᠭᠠᠷ᠄ ᠦᠪᠦᠷ ᠤᠰᠤ ᠪᠠᠶᠠᠯᠢᠭ ᠵᠦᠪᠰᠢᠶᠡᠷᠡᠯ ᠲᠤᠭᠲᠠᠭᠠᠯ ﹇2023﹈ 57 ᠳ᠋ᠤᠭᠠᠷ ᠲᠣᠭᠠᠲᠤᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 9 ᠳ᠋ᠤᠭᠠᠷ ᠰᠠᠷ᠎ᠠ ᠶᠢᠨ 17᠎ ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ᠥᠪᠥᠷ ᠮᠣᠩᠭᠤᠯ ᠤᠨ ᠵᠢᠩ ᠡᠤ ᠥᠨᠳᠥᠷ ᠬᠤᠷᠳᠤᠴᠠᠲᠤ ᠵᠠᠰᠠᠮᠠᠯ ᠵᠠᠮ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄    ᠮᠠᠨ ᠤ ᠲᠢᠩᠬᠢᠮ 2023 ᠣᠨ ᠤ 8 ᠳ᠋ᠤᠭᠠᠷ ᠰᠠᠷ᠎ᠠ ᠶᠢᠨ 2᠎ ᠤᠨ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠳ᠋ᠠᠨ ᠰᠢ ᠥᠨᠳᠥᠷ ᠬᠤᠷᠳᠤᠴᠠᠲᠤ ᠵᠠᠰᠠᠮᠠᠯ ᠵᠠᠮ ᠤᠨ ᠬᠡᠰᠢᠭᠲᠡᠨ ᠠᠴᠠ ᠴᠧᠩᠳᠧ ᠬᠦᠷᠬᠦ ᠬᠠᠷᠢᠯᠴᠠᠬᠤ ᠱᠤᠭᠤᠮ ᠤᠨ ᠬᠡᠰᠢᠭᠲᠡᠨ ︵ᠪᠢᠷᠠᠭᠤ︶᠎ ᠠᠴᠠ ᠤᠯᠠᠭᠠᠨᠪᠤᠲᠤᠩ ︵ᠥᠪᠥᠷ ᠮᠣᠩᠭᠤᠯ ᠾᠧᠪᠧᠶ ᠶᠢᠨ ᠵᠠᠭᠠᠭ︶ ᠬᠦᠷᠬᠦ ᠬᠡᠰᠡᠭ ᠤᠨ ᠪᠠᠷᠢᠯᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠎ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠶᠴᠡᠳᠬᠡᠪᠡ᠂ ᠲᠣᠰ ᠭᠤᠶᠤᠴᠢᠯᠠᠯ ᠎ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠎ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠶᠢᠨ ᠭᠤᠴᠢᠨ ᠨᠠᠶᠮᠠᠳᠤᠭᠠᠷ ᠵᠦᠶᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾᠎ ᠶᠢᠨ ᠭᠤᠴᠢᠨ ᠬᠤᠶᠠᠳᠤᠭᠠᠷ ᠵᠦᠶᠯ ᠎ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃ ᠳ᠋ᠠᠨ ᠰᠢ ᠥᠨᠳᠥᠷ ᠬᠤᠷᠳᠤᠴᠠᠲᠤ ᠵᠠᠰᠠᠮᠠᠯ ᠵᠠᠮ ᠤᠨ ᠬᠡᠰᠢᠭᠲᠡᠨ ᠠᠴᠠ ᠴᠧᠩᠳᠧ ᠬᠦᠷᠬᠦ ᠬᠠᠷᠢᠯᠴᠠᠬᠤ ᠱᠤᠭᠤᠮ ᠤᠨ ᠬᠡᠰᠢᠭᠲᠡᠨ ︵ᠪᠢᠷᠠᠭᠤ︶᠎ ᠠᠴᠠ ᠤᠯᠠᠭᠠᠨᠪᠤᠲᠤᠩ ︵ᠥᠪᠥᠷ ᠮᠣᠩᠭᠤᠯ ᠾᠧᠪᠧᠶ ᠶᠢᠨ ᠵᠠᠭᠠᠭ︶ ᠬᠦᠷᠬᠦ ᠬᠡᠰᠡᠭ ᠤᠨ ᠪᠠᠷᠢᠯᠭ᠎ᠠ ᠎ ᠶᠢᠨ ᠢᠨᠵᠧᠨᠧᠷᠢᠩ ᠨᠢ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠬᠢᠯᠢ ᠳᠤ ᠪᠠᠶᠢᠷᠢᠯᠠᠵᠤ ᠪᠣᠶ᠂ 2015 ᠣᠨ ᠤ 11ᠳ᠋ᠦ᠋ᠭᠡᠷ ᠰᠠᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠤᠰᠤ ᠶᠢ ᠬᠠᠮᠠᠭᠠᠯᠠᠬᠤ ᠵᠠᠬᠢᠳᠠᠯ ﹇2015﹈ 499 ᠳ᠋ᠦ᠋ᠭᠡᠷ ᠲᠣᠭᠠᠲᠤ ᠪᠠᠷ ᠲᠣᠰ ᠪᠠᠷᠢᠯᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠴᠤᠬᠤᠯᠠᠪᠤᠷᠢᠯᠠᠨ ᠬᠠᠷᠢᠭᠤᠯᠪᠠ᠃ ︽ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠳᠣᠷᠣᠭᠰᠢ ᠪᠠᠭᠤᠯᠭᠠᠬᠤ ᠡᠷᠬᠡ ᠮᠡᠳᠡᠯ ᠤᠨ ᠲᠥᠷᠥᠯ ᠵᠦᠶᠯ ᠤᠨ ᠨᠠᠷᠢᠨ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠶ ᠤᠰᠤᠨ ᠠᠰᠢᠭᠯᠠᠯᠲᠠ ᠎ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠠᠯᠪᠠᠨ ᠤᠰᠤ ᠬᠠᠮᠠᠭᠠᠯᠠᠬᠤ ﹇2016﹈ 203 ᠳ᠋ᠤᠭᠠᠷ ᠲᠣᠭᠠᠲᠤ᠂ ᠲᠣᠰ ᠲᠥᠷᠥᠯ ᠵᠦᠶᠯ ᠨᠢ ᠨᠠᠷᠢᠨ ᠬᠠᠭᠤᠳᠠᠰᠤᠨ ᠳᠠᠬᠢ 136 ᠳ᠋ᠤᠭᠠᠷ ᠵᠦᠶᠯ ᠪᠠᠶᠢᠵᠤ᠂ ᠲᠥᠷᠥᠯ ᠵᠦᠶᠯ ᠤᠨ ᠤᠰᠤ ᠬᠠᠮᠠᠭᠠᠯᠠᠬᠤ ᠲᠥᠰᠦᠯ ᠢ ᠬᠤᠪᠢᠷᠠᠭᠤᠯᠬᠤ ᠳᠤ ᠮᠠᠨ ᠤ ᠲᠢᠩᠬᠢᠮ ᠬᠢᠨᠠᠨ ᠵᠥᠪᠰᠢᠶᠡᠷᠡᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠵᠠᠮ ᠱᠤᠭᠤᠮ ᠤᠨ ᠬᠥᠨᠳᠡᠯᠡᠨ ᠴᠢᠭᠯᠡᠯ ᠢᠶᠠᠷ ᠰᠢᠯᠵᠢᠬᠦ ᠵᠢᠴᠢ ᠰᠢᠷᠣᠶ ᠠᠪᠬᠤ ᠪᠠ ᠬᠠᠶᠠᠬᠤ ᠲᠠᠯᠠᠪᠤᠷ ᠤᠨ ᠣᠷᠣᠨ ᠪᠠᠶᠢᠷᠢ᠂ ᠲᠤᠭ᠎ᠠ ᠬᠡᠮᠵᠢᠶ᠎ᠡ ᠳᠤ ᠬᠤᠪᠢᠷᠠᠯᠲᠠ ᠭᠠᠷᠴᠤ᠂ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯᠬᠤᠷ᠂ ᠪᠦᠲᠦᠭᠡᠨ ᠪᠠᠶᠢᠭᠤᠯᠬᠤ ᠨᠢᠭᠡᠴᠢ ᠨᠢ ᠲᠤᠰ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠬᠡᠷᠡᠭᠲᠡᠶ᠃ ᠢᠨᠵᠧᠨᠧᠷᠢᠩ ᠳᠤ ᠭᠤᠤᠯ ᠱᠤᠭᠤᠮ ᠪᠣᠯᠤᠨ ᠵᠠᠯᠭᠠᠬᠤ ᠱᠤᠭᠤᠮ ᠢ ᠪᠠᠭᠲᠠᠭᠠᠨ᠎ᠠ᠂ ᠡᠭᠦᠨ ᠳᠤ ᠭᠤᠤᠯ ᠱᠤᠭᠤᠮ ᠤᠨ ᠣᠷᠳᠣ ᠨᠢ 96.15 ᠺᠢᠯᠣᠮᠧᠲᠷ᠂ ᠵᠠᠯᠭᠠᠬᠤ ᠱᠤᠭᠤᠮ ᠎ ᠤᠨ ᠣᠷᠳᠣ ᠨᠢ 34.18 ᠺᠢᠯᠣᠮᠧᠲᠷ ᠪᠣᠯᠤᠨ᠎ᠠ᠃ ᠢᠨᠵᠧᠨᠧᠷᠢᠩ ᠨᠢ ᠭᠤᠣᠯ ᠱᠤᠭᠤᠮ ᠤᠨ ᠢᠨᠵᠧᠨᠧᠷᠢᠩ ᠤᠨ ᠣᠷᠣᠨ᠂ ᠵᠠᠯᠭᠠᠬᠤ ᠱᠤᠭᠤᠮ ᠤᠨ ᠢᠨᠵᠧᠨᠧᠷᠢᠩ ᠤᠨ ᠣᠷᠣᠨ ᠢᠶᠠᠷ ᠪᠦᠷᠢᠯᠳᠦᠨ᠎ᠡ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠨ ᠡᠵᠡᠯᠡᠭᠰᠡᠨ ᠭᠠᠵᠠᠷ ᠤᠨ ᠲᠠᠯᠠᠪᠠᠶ 997.12 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ 2918.35 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠠᠷᠢᠯᠭ᠎ᠠ ᠶᠢᠨ ᠶᠡᠷᠦᠩᠬᠡᠶ ᠪᠠᠯᠠ ᠣᠷᠣᠭᠤᠯᠤᠯᠲᠠ 58.41 ᠳ᠋ᠦᠩᠰᠢᠭᠤᠷ ᠲᠥᠭᠦᠷᠢᠭ ᠲᠤ ᠬᠦᠷᠴᠡᠶ᠃ ᠪᠠᠷᠢᠯᠭ᠎ᠠ ᠶᠢ 2017 ᠣᠨ ᠤ 10ᠳ᠋ᠤᠭᠠᠷ ᠰᠠᠷ᠎ᠠ ᠳᠤ ᠡᠬᠢᠯᠡᠭᠦᠯᠵᠦ᠂ 2023 ᠣᠨ ᠤ 9 ᠳ᠋ᠦ᠋ᠭᠡᠷ ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠨᠢ 72 ᠰᠠᠷ᠎ᠠ ᠪᠣᠯᠤᠨ᠎ᠠ᠃  ᠨᠢᠭᠡ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ    ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠪᠴᠢᠶ᠎ᠡ ᠪᠣᠯ 1057.12 ᠾᠧᠺᠲ᠋ᠠᠷ ᠪᠣᠯᠤᠨ᠎ᠠ᠃  ︵ᠬᠤᠶᠠᠷ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠣᠷᠣᠨ ᠤ ᠰᠢᠷᠣᠶ ᠴᠢᠯᠠᠭᠤ ᠶᠢᠨ ᠠᠭᠤᠯᠠᠷᠬᠠᠭ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠵᠢᠷᠤᠭ ᠲᠥᠯᠥᠪᠯᠡᠭᠡ ᠶᠢᠨ ᠬᠢᠷᠢ ᠬᠡᠮᠵᠢᠶ᠎ᠡ ᠶᠢᠨ ᠣᠨ ᠤ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠄ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠬᠡᠮᠵᠢᠶ᠎ᠡ 95 %᠂ ᠬᠥᠷᠥᠰᠥ ᠰᠢᠷᠣᠶ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 1.0᠂ ᠬᠡᠮᠬᠡᠳᠡᠭ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ 97 % ᠪᠣᠯᠤᠨ᠎ᠠ︔ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ      95 %᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ 97 %᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 27 % ᠪᠣᠯᠤᠨ᠎ᠠ᠃  ︵ᠳᠥᠷᠪᠡ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠣᠷᠣᠨ ᠬᠤᠪᠢᠶᠠᠬᠤ ᠶᠢᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠰᠢᠭᠠᠷᠤ ᠬᠠᠶᠠᠬᠤ ᠲᠠᠯᠠᠪᠤᠷ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠨ᠎ᠡ᠃ ᠵᠠᠯᠭᠠᠮᠵᠢ ᠵᠢᠷᠤᠭ ᠲᠥᠯᠥᠪᠯᠡᠭᠡᠨ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠣᠪᠣᠭᠠᠯᠠᠭᠰᠠᠨ ᠰᠢᠭᠠᠷᠤ ᠎ ᠶᠢᠨ ᠪᠠᠭᠲᠠᠭᠠᠮᠵᠢ ᠶᠢ ᠳᠠᠬᠢᠨ ᠬᠢᠨᠠᠵᠤ᠂ ᠤᠰᠤᠨ ᠤ ᠭᠠᠵᠠᠷ ᠰᠢᠨᠵᠢᠯᠡᠭᠡᠨ ᠤ ᠨᠥᠬᠦᠴᠡᠯ ᠢ ᠪᠠᠶᠢᠴᠠᠭᠠᠨ ᠲᠣᠳᠣᠯᠠᠵᠤ᠂ ᠰᠢᠭᠠᠷᠤ ᠬᠠᠶᠠᠬᠤ ᠲᠠᠯᠠᠪᠠᠶ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠂ ᠰᠢᠭᠠᠷᠤ ᠬᠠᠶᠠᠬᠤ ᠲᠠᠯᠠᠪᠠᠶ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠰᠢᠭᠠᠷᠤ ᠬᠠᠶᠠᠬᠤ ᠲᠠᠯᠠᠪᠠᠶ ᠶᠢᠨ ᠪᠠᠷᠢᠯᠭ᠎ᠠ ᠎ ᠶᠢᠨ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃  ︵ᠵᠢᠷᠭᠤᠭ᠎ᠠ︶ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠶᠢᠨ ᠰᠦᠶᠳᠬᠡᠯ ᠢ 502.18 ᠲᠦᠮᠡᠨ ᠲᠥᠭᠦᠷᠢᠭ ︵ᠨᠢᠭᠡᠨᠲᠡ ᠲᠤᠰᠢᠶᠠᠪᠠ︶᠎ ᠢ ᠦᠨᠳᠦᠰᠦᠨ ᠳᠡᠭᠡᠨ ᠵᠥᠪᠰᠢᠶᠡᠷᠡᠪᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠵᠥᠪᠰᠢᠶᠡᠷᠡᠭᠰᠡᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠬᠥᠷᠥᠰᠥ ᠰᠢᠷᠣᠶ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠥᠷᠥᠰᠥ ᠰᠢᠷᠣᠶ ᠶᠢ ᠬᠠᠮᠠᠭᠠᠯᠠᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠨ ᠲᠣᠭᠲᠠᠭᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠬᠤ ᠬᠡᠷᠡᠭᠲᠡᠶ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠲᠠᠯᠠᠪᠠᠶ ᠳᠤ ᠲᠡᠭᠡᠭᠡᠪᠦᠷᠢᠯᠡᠨ ᠬᠦᠷᠭᠡᠵᠦ᠂ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠢ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠬᠥᠷᠥᠰᠥ ᠰᠢᠷᠣᠶ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠬᠥᠷᠥᠰᠥ ᠰᠢᠷᠣᠶ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠬᠥᠷᠥᠰᠥ ᠰᠢᠷᠣᠶ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠨ᠎ᠠ᠃  ︵ᠳᠥᠷᠪᠡ︶ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠬᠥᠷᠥᠰᠥ ᠰᠢᠷᠣᠶ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠂ ᠡᠵᠡᠨ ᠮᠡᠳᠡᠵᠦ ᠰᠢᠯᠭᠠᠨ ᠠᠪᠬᠤ ᠳᠤ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠬᠥᠷᠥᠰᠥ ᠰᠢᠷᠣᠶ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠎ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ  ᠃  ᠳᠥᠷᠪᠡ᠂ ᠲᠤᠰ ᠲᠥᠷᠥᠯ ᠵᠦᠢᠯ ᠪᠣᠯ ︽ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠎ ᠪᠠᠷ ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠡᠰᠢᠭᠲᠡᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠣᠰ ᠲᠥᠷᠥᠯ ᠵᠦᠶᠯ ᠤᠨ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢᠶᠠᠨ ᠴᠢᠩᠭᠠᠳᠬᠠᠵᠤ᠂ ᠬᠥᠷᠥᠰᠥ ᠰᠢᠷᠣᠶ ᠶᠢᠨ ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃  ᠳᠠᠭᠠᠯᠳᠤᠭᠤᠯᠤᠯ᠄ 1. ︽ᠳ᠋ᠠᠨ ᠰᠢ ᠥᠨᠳᠥᠷ ᠬᠤᠷᠳᠤᠴᠠᠲᠤ ᠵᠠᠰᠠᠮᠠᠯ ᠵᠠᠮ ᠤᠨ ᠬᠡᠰᠢᠭᠲᠡᠨ ᠠᠴᠠ ᠴᠧᠩᠳᠧ ᠬᠦᠷᠬᠦ ᠬᠠᠷᠢᠯᠴᠠᠬᠤ ᠱᠤᠭᠤᠮ ᠤᠨ ᠬᠡᠰᠢᠭᠲᠡᠨ ︵ᠪᠢᠷᠠᠭᠤ︶᠎ ᠠᠴᠠ ᠤᠯᠠᠭᠠᠨᠪᠤᠲᠤᠩ ︵ᠥᠪᠥᠷ ᠮᠣᠩᠭᠤᠯ ᠾᠧᠪᠧᠶ ᠎ ᠶᠢᠨ ᠵᠠᠭᠠᠭ︶ ᠬᠦᠷᠬᠦ ᠬᠡᠰᠡᠭ ᠤᠨ ᠪᠠᠷᠢᠯᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ︾᠎ ᠤᠨ ᠮᠡᠷᠭᠡᠵᠢᠯ ᠤᠨ ᠬᠢᠨᠠᠨ ᠪᠠᠶᠢᠴᠠᠭᠠᠭᠰᠠᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ .pdf  2. ᠪᠦᠬᠦ ᠳᠠᠭᠠᠯᠳᠤᠭᠤᠯᠤᠯ . pdf  3. ᠤᠰᠤᠨ ᠤ ᠬᠠᠮᠠᠭᠠᠯᠠᠯᠲᠠ ᠵᠢᠨ‌‍ᠲ᠋ᠦ᠋ᠰᠦᠯ — ᠳ᠋ᠠᠨ ᠰᠢ ᠥᠨᠳᠥᠷ ᠬᠤᠷᠳᠤᠴᠠᠲᠤ ᠵᠠᠰᠠᠮᠠᠯ ᠵᠠᠮ ᠤᠨ ᠬᠡᠰᠢᠭᠲᠡᠨ ᠠᠴᠠ ᠴᠧᠩᠳᠧ ᠬᠦᠷᠬᠦ ᠬᠠᠷᠢᠯᠴᠠᠬᠤ ᠱᠤᠭᠤᠮ ᠤᠨ ᠬᠡᠰᠢᠭᠲᠡᠨ ︵ᠪᠢᠷᠠᠭᠤ︶᠎ ᠠᠴᠠ ᠤᠯᠠᠭᠠᠨᠪᠤᠲᠤᠩ ︵ᠥᠪᠥᠷ ᠮᠣᠩᠭᠤᠯ ᠾᠧᠪᠧᠶ ᠶᠢᠨ ᠵᠠᠭᠠᠭ︶ ᠬᠦᠷᠬᠦ ᠬᠡᠰᠡᠭ ᠤᠨ ᠪᠠᠷᠢᠯᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ .pdf        2023 ᠣᠨ ᠤ 9 ᠳ᠋ᠦ᠋ᠭᠡᠷ ᠰᠠᠷ᠎ᠠ ᠶᠢᠨ 17᠎ ᠤ ᠡᠳᠦᠷ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号