ᠳ᠋ᠧᠩᠺᠸᠤ ᠤᠰᠤ ᠲᠠᠲᠠᠬᠤ ᠤᠰᠤᠯᠠᠯᠲᠠ ᠶᠢᠨ ᠣᠷᠣᠨ ᠤ ᠨᠢᠷᠤᠭᠤᠪᠴᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠠᠷᠢᠶᠠᠯᠠᠩ ᠳᠤ ᠬᠠᠩᠭᠠᠬᠤ ᠤᠰᠤᠨ ᠤ ᠦᠨ᠎ᠡ ᠬᠠᠩᠰᠢ ᠶᠢ ᠲᠣᠬᠢᠷᠠᠭᠤᠯᠬᠤ ᠲᠥᠷᠥᠯ ᠵᠦᠶᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠵᠦ ᠨᠡᠶᠢᠲᠡ ᠳᠤ ᠵᠠᠷᠯᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
ᠨᠡᠶᠢᠲᠡᠯᠡᠭᠰᠡᠨ ᠴᠠᠭ᠄
2023/9/20
  ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯ  ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠠᠬᠢᠭᠤᠯᠬᠤ ᠶᠢᠨ ᠲᠤᠰᠠᠳᠠ᠂ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ  ᠤ ᠲᠦᠭᠰᠢᠭᠦᠷᠢ ᠶᠢ ᠦᠨᠡᠯᠡᠨ ᠵᠢᠱᠢᠬᠦ ᠲᠥᠷ ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠪᠡᠯᠡ ᠣᠷᠣᠭᠤᠯᠤᠯᠲᠠ ﹇2012﹈ 2492 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠧᠩᠺᠸᠤ ᠤᠰᠤ ᠲᠠᠲᠠᠬᠤ ᠤᠰᠤᠯᠠᠯᠲᠠ  ᠶᠢᠨ ᠣᠷᠣᠨ  ᠤ ᠭᠤᠣᠯᠯᠠᠬᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠠᠷᠢᠶᠠᠯᠠᠩ ᠤᠨ ᠤᠰᠤ ᠬᠠᠩᠭᠠᠬᠤ ᠦᠨ᠎ᠡ ᠬᠠᠩᠰᠢ ᠶᠢ ᠲᠤᠬᠢᠷᠠᠭᠤᠯᠬᠤ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ  ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠭᠦᠨ ᠲᠤ ᠲᠤᠰ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠠᠰᠢᠭ ᠲᠤᠰᠠ ᠶᠢᠨ ᠬᠠᠮᠢᠶ᠎ᠠ ᠪᠥᠬᠦᠢ ᠬᠥᠮᠦᠰ ᠲᠤ ᠵᠠᠷᠯᠠᠨ ᠨᠡᠶᠢᠲᠡᠯᠡᠨ᠎ᠡ᠃  ᠨᠢᠭᠡ᠂ ᠤᠰᠤ ᠬᠠᠩᠭᠠᠬᠤ ᠦᠨ᠎ᠡ ᠬᠠᠩᠰᠢ ᠶᠢ ᠲᠣᠬᠢᠷᠠᠭᠤᠯᠤᠭᠰᠠᠨ ᠲᠣᠶᠢᠮᠣ ᠪᠠᠶᠢᠳᠠᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠧᠩᠺᠸᠤ ᠤᠰᠤ ᠲᠠᠲᠠᠬᠤ ᠤᠰᠤᠯᠠᠯᠲᠠ ᠶᠢᠨ ᠣᠷᠣᠨ ᠤ ᠨᠢᠷᠤᠭᠤᠪᠴᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠠᠷᠢᠶᠠᠯᠠᠩ ᠤᠨ ᠤᠰᠤ ᠬᠠᠩᠭᠠᠬᠤ ᠦᠨ᠎ᠡ ᠬᠠᠩᠰᠢ ᠶᠢ ᠲᠣᠬᠢᠷᠠᠭᠤᠯᠬᠤ ᠠᠩᠬ᠎ᠠ ᠠᠯᠬᠤᠮ ᠤᠨ ᠲᠥᠰᠦᠯ᠄ ᠲᠠᠷᠢᠶᠠᠯᠠᠩ ᠤᠨ ᠤᠰᠤ ᠬᠠᠩᠭᠠᠬᠤ ᠨᠢᠷᠤᠭᠤᠪᠴᠢ ᠢᠨᠵᠧᠨᠧᠷᠢᠩ ᠤᠨ ᠦᠨ᠎ᠡ ᠬᠠᠩᠰᠢ ᠶᠢ ᠣᠳᠣ ᠶᠢᠨ ᠬᠡᠷᠡᠭᠵᠢᠭᠦᠯᠵᠦ ᠪᠠᠶᠢᠭ᠎ᠠ 0.0812 ᠲᠥᠭᠦᠷᠢᠭ / m3 ᠪᠠᠶᠢᠭᠰᠠᠨ ᠠᠴᠠ ᠨᠢ 0.1195 ᠲᠥᠭᠦᠷᠢᠭ / m3 ᠪᠣᠯᠭᠠᠨ ᠲᠣᠬᠢᠷᠠᠭᠤᠯᠵᠤ᠂ ᠬᠤᠶᠠᠷ ᠠᠯᠬᠤᠮ ᠬᠤᠪᠢᠶᠠᠨ ᠲᠣᠬᠢᠷᠠᠭᠤᠯᠤᠨ᠎ᠠ᠃  1. ᠨᠢᠭᠡᠳᠦᠭᠡᠷ ᠠᠯᠬᠤᠮ ᠤᠨ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠲᠠᠷᠢᠶᠠᠯᠠᠩ ᠤᠨ ᠤᠰᠤ ᠬᠠᠩᠭᠠᠬᠤ ᠭᠤᠤᠯ ᠢᠨᠵᠧᠨᠧᠷᠢᠩ ᠤᠨ ᠦᠨ᠎ᠡ ᠬᠠᠩᠰᠢ ᠶᠢ ᠣᠲᠣ ᠶᠢᠨ ᠬᠡᠷᠡᠭᠵᠢᠭᠦᠯᠵᠦ ᠪᠠᠶᠢᠭ᠎ᠠ 0.0812 ᠲᠥᠭᠦᠷᠢᠭ / m3 ᠪᠠᠶᠢᠭᠰᠠᠨ ᠠᠴᠠ 0.1036 ᠲᠥᠭᠦᠷᠢᠭ / m3 ᠪᠣᠯᠭᠠᠨ ᠲᠣᠬᠢᠷᠠᠭᠤᠯᠪᠠ᠃  2. ᠬᠤᠶᠠᠳᠤᠭᠠᠷ ᠠᠯᠬᠤᠮ 2026 ᠤᠨ ᠤ 1 ᠳ᠋ᠦ᠋ᠭᠡᠷ ᠰᠠᠷ᠎ᠠ ᠶᠢᠨ 1 ᠤ ᠡᠳᠦᠷ ᠲᠠᠷᠢᠶᠠᠯᠠᠩ ᠤᠨ ᠤᠰᠤ ᠬᠠᠩᠭᠠᠬᠤ ᠨᠢᠷᠤᠭᠤᠪᠴᠢ ᠢᠨᠵᠧᠨᠧᠷᠢᠩ ᠤᠨ ᠦᠨ᠎ᠡ ᠶᠢ 0.1036 ᠲᠥᠭᠦᠷᠢᠭ / m3 ᠪᠠᠶᠢᠭᠰᠠᠨ ᠠᠴᠠ 0.1195 ᠲᠥᠭᠦᠷᠢᠭ / m3 ᠪᠣᠯᠭᠠᠨ ᠲᠣᠬᠢᠷᠠᠭᠤᠯᠪᠠ᠃  ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ ᠪᠠ ᠭᠤᠣᠯ ᠵᠦᠢᠯᠡᠰ    ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ ᠬᠥᠷᠥᠩᠭᠡ  ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ﹇2012﹈ 2492 ᠳ᠋ᠤᠭᠠᠷ ᠲᠣᠭᠠᠲᠤ︶ ᠶᠢ ᠦᠨᠳᠦᠰᠦᠯᠡᠨ᠂ ᠡᠳᠦᠭᠡ ᠲᠤᠰ ᠲᠥᠷᠥᠯ ᠵᠦᠢᠯ ᠢ ᠨᠡᠶᠢᠲᠡ ᠳᠤ ᠵᠠᠷᠯᠠᠶ᠎ᠠ᠂ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠨᠡᠶᠢᠲᠡ ᠣᠯᠠᠨ ᠤ ᠲᠤᠰ ᠲᠥᠷᠥᠯ ᠵᠦᠢᠯ ᠤᠨ ᠲᠤᠬᠠᠶ ᠰᠠᠨᠠᠯ  ᠢ ᠬᠤᠷᠢᠶᠠᠵᠤ᠂ ᠬᠡᠷᠪᠡ ᠪᠤᠰᠤᠳ ᠲᠠᠯ᠎ᠠ ᠶᠢᠨ ᠰᠠᠨᠠᠯ ᠪᠤᠶᠤ ᠰᠠᠨᠠᠭᠤᠯᠭ᠎ᠠ ᠶᠢ ᠳᠤᠷᠠᠳᠤᠭᠰᠠᠨ ᠴᠤ ᠪᠣᠯᠤᠨ᠎ᠠ᠄  1 . ᠲᠠ ᠲᠣᠰ ᠤᠳᠠᠭᠠᠨ ᠤ ᠦᠨ᠎ᠡ ᠶᠢᠨ ᠲᠣᠬᠢᠷᠠᠭᠤᠯᠤᠯᠲᠠ ᠶᠢ ᠵᠥᠪᠰᠢᠶᠡᠷᠡᠨ᠎ᠡ ᠤᠤ  ᠃  2. ᠲᠥᠷᠥᠯ ᠵᠦᠶᠯ ᠤᠨ ᠬᠡᠷᠡᠭᠵᠢᠭᠦᠯᠦᠯᠲᠡ ᠨᠢ ᠲᠠᠨ ᠤ ᠣᠷᠣᠯᠭ᠎ᠠ ᠶᠢ ᠨᠥᠯᠥᠭᠡᠯᠡᠭᠰᠡᠨ ᠪᠠᠶᠢᠳᠠᠯ᠃  3. ᠲᠥᠷᠥᠯ ᠵᠦᠶᠯ ᠤᠨ ᠬᠡᠷᠡᠭᠵᠢᠭᠦᠯᠦᠯᠲᠡ ᠨᠢ ᠲᠤᠬᠠᠶ ᠶᠢᠨ ᠭᠠᠵᠠᠷ ᠤᠨ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠵᠢᠴᠢ ᠤᠰᠤ ᠬᠠᠩᠭᠠᠬᠤ ᠪᠡᠯᠡᠳᠬᠡᠮᠵᠢ ᠶᠢ ᠬᠠᠮᠠᠭᠠᠯᠠᠬᠤ ᠪᠠ ᠤᠰᠤᠯᠠᠯᠲᠠ ᠶᠢᠨ ᠣᠷᠣᠨ ᠤ ᠰᠠᠶᠢᠨ ᠠᠵᠢᠯᠯᠠᠭᠠᠨ ᠲᠠᠢ ᠪᠠᠶᠢᠬᠤ ᠳᠤ ᠦᠵᠡᠭᠦᠯᠬᠦ ᠨᠥᠯᠥᠭᠡ᠃  4. ᠪᠤᠰᠤᠳ ᠰᠠᠨᠠᠯ ᠪᠠ ᠰᠠᠨᠠᠭᠤᠯᠭ᠎ᠠ  ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠬᠤ ᠠᠷᠭ᠎ᠠ ᠮᠠᠶ᠋ᠢᠭ    ᠲᠠ ᠲᠣᠰ ᠲᠥᠷᠥᠯ ᠵᠦᠶᠯ ᠤᠨ ᠲᠤᠬᠠᠶ ᠰᠠᠨᠠᠯ ᠪᠤᠶᠤ ᠰᠠᠨᠠᠭᠤᠯᠭ᠎ᠠ ᠪᠠᠨ 2023  ᠣᠨ ᠤ 9 ᠳ᠋ᠦ᠋ᠭᠡᠷ ᠰᠠᠷ᠎ᠠ ᠶᠢᠨ 20 ᠤ ᠡᠳᠦᠷ — 2023 ᠤᠨ ᠤ 10 ᠳ᠋ᠤᠭᠠᠷ ᠰᠠᠷ᠎ᠠ ᠶᠢᠨ 5 ᠤ ᠡᠳᠦᠷ ᠤᠲᠠᠰᠤ᠂  ᠹᠠᠺᠰ᠂ ᠢᠮᠧᠯ᠂ ᠵᠠᠬᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠢᠳᠡᠨ ᠳᠤ ᠬᠠᠷᠢᠭᠤ ᠲᠤᠰᠬᠠᠵᠤ ᠪᠣᠯᠤᠨ᠎ᠠ᠃ ᠲᠠᠨ ᠤ ᠰᠠᠨᠠᠯ ᠰᠠᠨᠠᠭᠤᠯᠭ᠎ᠠ ᠲᠣᠰ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠠᠴᠢ ᠬᠤᠯᠪᠣᠭᠳᠠᠯ        ᠲᠠᠢ᠂ ᠠᠳᠡ ᠲᠠᠨ ᠤ ᠢᠳᠡᠪᠬᠢᠲᠡᠶ ᠣᠷᠣᠯᠴᠠᠭᠰᠠᠨ ᠳᠤ ᠪᠢᠳᠡ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕  ᠳᠥᠷᠪᠡ᠂ ᠬᠡᠷᠡᠭᠵᠢᠭᠦᠯᠬᠦ ᠨᠢᠭᠡᠴᠢ ᠶᠢᠨ ᠨᠡᠷᠡᠶᠢᠳᠦᠯ ᠵᠢᠴᠢ ᠬᠠᠷᠢᠯᠴᠠᠬᠤ ᠠᠷᠭ᠎ᠠ ᠮᠠᠶ᠋ᠢᠭ    ᠬᠡᠷᠡᠭᠵᠢᠭᠦᠯᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠳ᠋ᠧᠩᠺᠸᠤ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ  ᠨᠢᠭᠡᠴᠢ ᠶᠢᠨ ᠬᠠᠶ᠋ᠢᠭ᠄ ᠪᠤᠭᠤᠲᠤ ᠬᠤᠲᠠ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠲᠣᠭᠤᠷᠢᠭ ᠤᠨ ᠬᠤᠪᠣᠷ ᠰᠢᠷᠣᠶ ᠶᠢᠨ ᠵᠡᠭᠡᠯᠢ ᠶᠢᠨ 29 ᠳ᠋ᠦ᠋ᠭᠡᠷ ᠨᠣᠮᠧᠷ  ᠬᠠᠷᠢᠯᠴᠠᠬᠤ ᠬᠥᠮᠦᠨ᠄ ᠭᠦᠸᠧ ᠫᠦ᠋  ᠤᠲᠠᠰᠤ᠄ 0472 - 5210615    ᠢᠮᠧᠯ ᠤᠨ ᠬᠠᠶ᠋ᠢᠭ᠄ nmhgjbgs @ 163 . com ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ2023 ᠤᠨ ᠤ 9 ᠳ᠋ᠦ᠋ᠭᠡᠷ ᠰᠠᠷ᠎ᠠ ᠶᠢᠨ 20 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号