ᠸᠠᠩ ᠳ᠋ᠤᠤ ᠰᠢ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠦᠵᠡᠰᠬᠦᠯᠡᠩ ᠤᠨ ᠴᠤᠭᠯᠠᠭᠠᠨ ᠤ ᠤᠰᠤᠨ ᠤ ᠡᠬᠢ ᠪᠠᠶᠠᠯᠢᠭ ᠤᠨ ᠶᠠᠷᠢᠶᠠᠨ ᠤ ᠲᠠᠪᠴᠠᠩ ᠳᠤ ᠣᠷᠣᠯᠴᠠᠪᠠ
ᠨᠡᠶᠢᠲᠡᠯᠡᠭᠰᠡᠨ ᠴᠠᠭ᠄
2023/9/20
  9 ᠳ᠋ᠦ᠋ᠭᠡᠷ ᠰᠠᠷ᠎ᠠ ᠶᠢᠨ 17 ᠤ ᠡᠳᠦᠷ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠠᠷᠠᠪ ᠤᠨ ᠤᠯᠤᠰ ᠤᠳ ᠤᠨ ᠦᠵᠡᠰᠬᠦᠯᠡᠩ ᠤᠨ ᠴᠤᠭᠯᠠᠭᠠᠨ ︵ᠳᠣᠷᠣᠭᠰᠢ ᠳᠤᠮᠳᠠᠳᠤ ᠠᠷᠠᠪ ᠤᠨ ᠦᠵᠡᠰᠬᠦᠯᠡᠩ ᠭᠡᠵᠦ ᠲᠣᠪᠴᠢᠯᠠᠨ᠎ᠠ︶ ᠤ ᠤᠰᠤᠨ ᠤ ᠡᠬᠢ ᠪᠠᠶᠠᠯᠢᠭ ᠤᠨ ᠶᠠᠷᠢᠶᠠᠨ ᠤ ᠲᠠᠪᠴᠠᠩ ᠨᠢᠩᠰᠢᠶᠠ ᠶᠢᠨ ᠢᠷᠭᠠᠶ ᠳᠤ       ᠬᠤᠷᠠᠯᠳᠤᠵᠤ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠸᠠᠩ ᠳ᠋ᠤᠤ ᠰᠢ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃  ᠸᠠᠩ ᠳ᠋ᠤᠤ ᠰᠢ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤᠰᠤᠨ ᠤ ᠡᠬᠢ ᠪᠠᠶᠠᠯᠢᠭ ᠤᠨ ᠠᠰᠠᠭᠤᠳᠠᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠦᠨᠳᠦᠰᠦᠨ ᠪᠠᠶᠢᠳᠠᠯ ᠪᠠ ᠤᠰᠤᠨ ᠤ ᠪᠠᠶᠢᠳᠠᠯ ᠳᠤ ᠰᠠᠭᠤᠷᠢᠯᠠᠨ᠂ ᠴᠡᠩᠭᠡᠭ ᠤᠰᠤᠨ ᠤ ᠡᠬᠢ ᠪᠠᠶᠠᠯᠢᠭ ᠤᠨ ᠬᠢᠵᠠᠭᠠᠷᠲᠤ ᠴᠢᠨᠠᠷ ᠪᠠ ᠣᠷᠣᠯᠠᠭᠤᠯᠵᠤ ᠪᠣᠯᠤᠰᠢ ᠥᠬᠡᠶ ᠴᠢᠨᠠᠷ ᠢ ᠭᠦᠶᠴᠡᠳ ᠲᠠᠨᠢᠵᠤ᠂ ᠤᠰᠤ ᠠᠷᠪᠢᠯᠠᠬᠤ ᠶᠢ ᠤᠰᠤ ᠵᠠᠰᠠᠬᠤ ᠰᠡᠳᠬᠢᠮᠵᠢ  ᠶᠢᠨ ᠲᠡᠷᠢᠭᠦᠨ ᠪᠠᠶᠢᠷᠢᠨ ᠳᠤ ᠲᠠᠯᠪᠢᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠤᠯᠤᠰ ᠤᠨ ᠤᠰᠤ ᠠᠷᠪᠢᠯᠠᠬᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠪᠥᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠴᠢᠳᠠᠪᠤᠷᠢ ᠪᠠ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠡᠢ᠃  ᠸᠠᠩ ᠳ᠋ᠤᠤ ᠰᠢ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠢᠮᠠᠭᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠢᠨ᠎ᠡ ᠶᠢ ᠡᠭᠦᠳᠬᠦ ᠪᠠᠷ ᠤᠰᠤ ᠠᠷᠪᠢᠯᠠᠬᠤ ᠠᠵᠤ ᠦᠢᠯᠡᠰ ᠤᠨ ᠥᠷᠨᠢᠩᠭᠦᠢ ᠬᠥᠭᠵᠢᠯᠲᠡ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠮᠠᠨ ᠤ ᠤᠯᠤᠰ ᠤᠨ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠦᠨᠳᠦᠰᠦᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠠᠴᠠ ᠣᠯᠭᠤᠭᠰᠠᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠪᠠᠷ ᠳᠡᠮᠵᠢᠨ᠂ ᠳᠤᠮᠳᠠᠳᠤ ᠤᠯᠤᠰ ᠤᠨ ᠲᠤᠰᠬᠠᠶ ᠣᠷᠣᠨ ᠵᠢᠴᠢ ᠲᠡᠭᠦᠨ ᠠᠴᠠ ᠳᠡᠭᠡᠭᠰᠢᠬᠢ ᠤᠰᠤ ᠳᠤᠲᠠᠭᠳᠠᠵᠤ ᠪᠠᠶᠢᠭ᠎ᠠ ᠬᠤᠲᠠ ᠳᠤ ᠴᠥᠮ ᠤᠰᠤ ᠠᠷᠪᠢᠯᠠᠬᠤ ᠬᠡᠯᠪᠡᠷᠢ ᠶᠢᠨ ᠬᠤᠲᠠ       ᠪᠠᠶᠢᠭᠤᠯᠵᠤ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠬᠡᠷᠡᠭᠯᠡᠬᠦ ᠤᠰᠤ ᠶᠢ ᠳᠠᠬᠢᠨ ᠳᠠᠪᠲᠠᠨ ᠠᠰᠢᠭᠯᠠᠬᠤ ᠨᠣᠷᠮ᠎ᠠ 93 % ᠳᠤ ᠬᠦᠷᠴᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠶᠡᠷᠦᠩᠬᠡᠶ ᠲᠠᠯᠠᠪᠠᠶ 4 ᠳ᠋ᠦᠩᠰᠢᠭᠤᠷ ᠮᠥ ᠳᠤ ᠬᠦᠷᠴᠡᠶ᠃  ᠸᠠᠩ ᠳ᠋ᠤᠤ ᠰᠢ ᠰᠠᠨᠠᠭᠠᠴᠢᠯᠠᠭᠰᠠᠨ ᠨᠢ᠂ ᠳᠤᠮᠳᠠᠳᠤ ᠤᠯᠤᠰ ᠳᠤᠷᠠᠲᠠᠶ᠎ᠠ ᠠᠷᠠᠪ ᠤᠨ ᠤᠯᠤᠰ ᠤᠳ ᠢ ᠪᠠᠭᠲᠠᠭᠠᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠤᠯᠤᠰ ᠪᠠ ᠭᠠᠵᠠᠷ ᠣᠷᠣᠨ᠂ ᠬᠤᠯᠪᠣᠭᠳᠠᠯ ᠪᠦᠬᠦᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ ᠬᠠᠮᠲᠤ ᠪᠠᠷ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠠᠮᠤᠭ ᠤᠨ ᠰᠠᠶᠢᠨ ᠲᠤᠷᠰᠢᠯᠭ᠎ᠠ ᠪᠠ ᠰᠢᠨ᠎ᠡ ᠶᠢ ᠡᠭᠦᠳᠬᠦ ᠦᠢᠯᠡᠳᠦᠯᠭᠡ ᠶᠢ ᠬᠤᠪᠢᠶᠠᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠯᠭᠡᠭᠦᠷ ᠪᠣᠯᠭᠠᠵᠤ᠂ ᠬᠠᠮᠲᠤᠷᠠᠯᠴᠠᠭ᠎ᠠ ᠪᠠᠷ ᠬᠥᠭᠵᠢᠯᠲᠡ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢᠨ ᠪᠣᠷᠣ ᠲᠥᠯᠥᠪ ᠤᠨ ᠳᠣᠣᠷ᠎ᠠ᠂ ᠪᠣᠳᠠᠲᠠᠢ  ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ  ᠶᠢ ᠬᠠᠮᠲᠤ ᠪᠠᠷ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠤᠰᠤᠨ ᠳᠤ ᠬᠤᠯᠪᠣᠭᠳᠠᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠠᠬᠢᠭᠤᠯᠵᠤ᠂ ᠪᠦᠬᠦ ᠬᠥᠮᠦᠨ ᠲᠥᠷᠥᠯᠬᠢᠲᠡᠨ ᠤ ᠪᠤᠶᠠᠨ ᠵᠢᠷᠭᠠᠯ ᠢ ᠬᠠᠮᠲᠤ ᠪᠠᠷ ᠨᠡᠮᠡᠭᠳᠡᠭᠦᠯᠦᠨ᠎ᠡ ᠭᠡᠵᠡᠢ᠃  ᠤᠰᠤ ᠲᠠᠢ ᠬᠤᠯᠪᠣᠭᠳᠠᠭᠰᠠᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠮᠤᠵᠢ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ᠂ ᠨᠡᠶᠢᠭᠡᠮ  ᠤᠨ ᠪᠦᠯᠬᠦᠮ᠂ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ ᠤᠨ ᠲᠥᠯᠥᠭᠡᠯᠡᠭᠴᠢ 200 ᠭᠠᠷᠤᠢ ᠬᠥᠮᠦᠨ ᠶᠠᠷᠢᠶᠠᠨ ᠤ ᠲᠠᠪᠴᠠᠩ ᠳᠤ ᠣᠷᠣᠯᠴᠠᠵᠤ᠂ ᠳᠤᠮᠳᠠᠳᠤ ᠭᠠᠳᠠᠭᠠᠳᠤ ᠶᠢᠨ 12 ᠲᠤᠰᠬᠠᠢ ᠮᠡᠷᠭᠡᠵᠢᠯᠲᠡᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠴᠠ ᠡᠨᠧᠷᠭᠢ ᠣᠯᠭᠤᠭᠰᠠᠨ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ︾ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠭᠰᠠᠨ ᠮᠡᠳᠡᠭᠦᠯᠦᠯᠲᠡ ᠬᠢᠪᠡ᠃  ᠳᠤᠮᠳᠠᠳᠤ ᠠᠷᠠᠪ ᠤᠨ ᠦᠵᠡᠰᠬᠦᠯᠡᠩ ᠪᠣᠯ ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠪᠣᠯᠤᠨ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠬᠠᠮᠲᠤᠷᠠᠨ ᠡᠷᠬᠢᠯᠡᠭᠰᠡᠨ ᠤᠯᠤᠰ  ᠤᠨ ᠲᠡᠰ ᠤᠨ᠂ ᠤᠯᠠᠨ ᠤᠯᠤᠰ ᠤᠨ ᠴᠢᠨᠠᠷᠲᠠᠢ ᠶᠡᠷᠦᠩᠬᠡᠶᠢᠯᠡᠭᠰᠡᠨ ᠦᠵᠡᠰᠬᠦᠯᠡᠩ ᠪᠣᠯᠤᠨ᠎ᠠ᠂ 2013 ᠣᠨ ᠠᠴᠠ ᠡᠬᠢᠯᠡᠨ ᠨᠢᠭᠡᠨᠲᠡ ᠲᠠᠪᠤᠨ ᠬᠤᠭᠤᠴᠠᠭ᠎ᠠ ᠠᠮᠵᠢᠯᠲᠠ ᠲᠠᠢ ᠡᠷᠬᠢᠯᠡᠪᠡ᠃ ᠳᠤᠮᠳᠠᠳᠤ ᠠᠷᠠᠪ ᠤᠨ ᠦᠵᠡᠰᠬᠦᠯᠡᠩ ᠤᠨ ᠴᠤᠭᠯᠠᠭᠠᠨ ᠤ ᠤᠰᠤᠨ ᠤ ᠡᠬᠢ ᠪᠠᠶᠠᠯᠢᠭ ᠤᠨ ᠶᠠᠷᠢᠶᠠᠨ ᠤ ᠲᠠᠪᠴᠠᠩ ᠢ 2021 ᠣᠨ ᠠᠴᠠ ᠡᠬᠢᠯᠡᠨ ᠪᠠᠶᠢᠭᠤᠯᠪᠠ᠂ ᠡᠨᠡ ᠪᠣᠯ ᠳᠤᠮᠳᠠᠳᠤ ᠤᠯᠤᠰ ᠪᠣᠯᠤᠨ ᠠᠷᠠᠪ ᠤᠨ ᠤᠯᠤᠰ ᠤᠳ ᠢ ᠪᠠᠭᠲᠠᠭᠠᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠤᠯᠤᠰ ᠪᠣᠯᠤᠨ ᠭᠠᠵᠠᠷ ᠣᠷᠣᠨ ᠤ ᠣᠲᠣ ᠦᠶ᠎ᠡ ᠶᠢᠨ ᠤᠰᠤᠨ ᠤ ᠵᠠᠰᠠᠯᠲᠠ  ᠶᠢᠨ ᠮᠡᠷᠭᠡᠵᠢᠯ ᠤᠨ ᠰᠣᠯᠢᠯᠴᠠᠭ᠎ᠠ ᠬᠢᠬᠦ ᠶᠢ ᠠᠬᠢᠭᠤᠯᠬᠤ ᠣᠯᠠᠨ ᠲᠠᠯᠠᠲᠤ ᠲᠠᠪᠴᠠᠩ ᠤᠨ ᠨᠢᠭᠡ ᠪᠣᠯᠤᠨ᠎ᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号