9 ᠳ᠋ᠦ᠋ᠭᠡᠷ ᠰᠠᠷ᠎ᠠ ᠶᠢᠨ 15 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠪᠠ ᠣᠯᠠᠨ ᠤᠯᠤᠰ ᠤᠨ | ᠤᠰᠤᠨ ᠤ ᠡᠬᠢ ᠪᠠᠶᠠᠯᠢᠭ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠭᠰᠡᠨ 18 ᠳ᠋ᠤᠭᠠᠷ ᠬᠤᠭᠤᠴᠠᠭᠠᠨ ᠤ ᠳᠡᠯᠡᠬᠡᠶ | ᠶᠢᠨ ᠤᠰᠤᠨ ᠤ ᠡᠬᠢ ᠪᠠᠶᠠᠯᠢᠭ ᠤᠨ ᠶᠡᠭᠡ ᠬᠤᠷᠠᠯ ᠲᠡᠭᠦᠰᠪᠡ᠃ ᠤᠰᠤᠨ ᠠᠰᠢᠭᠯᠠᠯᠲᠠ ᠶᠢᠨ ᠶᠠᠮᠤᠨ ᠤ ᠳᠡᠳ᠋ | ᠰᠠᠶᠢᠳ ᠸᠠᠩ ᠳ᠋ᠤᠤ ᠰᠢ ᠲᠡᠭᠦᠰᠬᠦ ᠶᠣᠰᠣᠯᠠᠯ ᠳᠤ ᠣᠷᠣᠯᠴᠠᠭᠰᠠᠨ ᠪᠥᠭᠡᠳ ᠲᠡᠭᠦᠰᠬᠦ ᠦᠭᠡ ᠬᠡᠯᠡᠪᠡ᠃ | ᠸᠠᠩ ᠳ᠋ᠤᠤ ᠰᠢ 18 ᠳ᠋ᠤᠭᠠᠷ ᠬᠤᠭᠤᠴᠠᠭᠠᠨ ᠤ ᠳᠡᠯᠡᠬᠡᠢ ᠶᠢᠨ ᠤᠰᠤᠨ ᠤ ᠡᠬᠢ ᠪᠠᠶᠠᠯᠢᠭ ᠤᠨ ᠶᠡᠭᠡ ᠬᠤᠷᠠᠯ | ᠤᠨ ᠣᠯᠤᠭᠰᠠᠨ ᠠᠯᠢ ᠤᠯᠠᠨ ᠦᠷ᠎ᠡ ᠪᠦᠲᠦᠭᠡᠯ ᠢ ᠳ᠋ᠦᠩᠨᠡᠵᠦ᠂ ᠶᠡᠭᠡ ᠬᠤᠷᠠᠯ ᠤᠨ ᠣᠯᠤᠭᠰᠠᠨ ᠠᠮᠵᠢᠯᠲᠠ ᠶᠢ | ᠳᠡᠭᠡᠳᠦ ᠬᠡᠮᠵᠢᠶ᠎ᠡ ᠪᠠᠷ ᠦᠨᠡᠯᠡᠵᠦ᠂ 80 ᠭᠠᠷᠤᠢ ᠤᠯᠤᠰ ᠪᠣᠯᠤᠨ ᠭᠠᠵᠠᠷ ᠣᠷᠣᠨ᠂ 30 ᠭᠠᠷᠤᠢ ᠤᠯᠠᠨ ᠤᠯᠤᠰ | ᠤᠨ ᠵᠣᠬᠢᠶᠠᠨ ᠪᠠᠶᠢᠭᠤᠯᠤᠯᠲᠠ ᠪᠣᠯᠤᠨ ᠤᠯᠤᠰ ᠤᠨ ᠳᠣᠲᠣᠭᠠᠳᠤ ᠶᠢᠨ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠪᠣᠯᠤᠨ ᠮᠤᠵᠢ ᠶᠢᠨ ᠱᠠᠲᠤᠨ | ᠤ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠥᠯᠥᠭᠡᠯᠡᠭᠴᠢ᠂ ᠲᠤᠰᠬᠠᠢ | ᠮᠡᠷᠭᠡᠵᠢᠯᠲᠡᠨ᠂ ᠡᠷᠳᠡᠮᠲᠡᠨ ᠵᠢᠴᠢ ᠠᠵᠢᠯᠳᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠸᠠᠩ ᠳ᠋ᠤᠤ ᠰᠢ ᠴᠢᠬᠤᠯᠠᠴᠢᠯᠠᠭᠰᠠᠨ ᠨᠢ᠂ ᠤᠰᠤᠨ ᠤ ᠭᠠᠮᠰᠢᠭ ᠤᠯᠠᠨ ᠡᠭᠦᠰᠬᠦ᠂ ᠤᠰᠤᠨ ᠤ ᠡᠬᠢ ᠪᠠᠶᠠᠯᠢᠭ | ᠳᠤᠲᠠᠭᠳᠠᠬᠤ᠂ ᠤᠰᠤᠨ ᠤ ᠠᠮᠢ ᠠᠬᠤᠢ ᠡᠪᠳᠡᠭᠳᠡᠬᠦ᠂ ᠤᠰᠤᠨ ᠤ ᠣᠷᠴᠢᠨ ᠲᠣᠭᠤᠷᠢᠨ ᠪᠣᠬᠢᠷᠲᠤᠬᠤ ᠵᠡᠷᠭᠡ ᠤᠰᠤᠨ | ᠤ ᠠᠰᠠᠭᠤᠳᠠᠯ ᠤᠨ ᠡᠮᠦᠨ᠎ᠡ᠂ ᠳᠤᠮᠳᠠᠳᠤ ᠤᠯᠤᠰ ︽ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ᠂ ᠣᠷᠣᠨ | ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ | ᠰᠡᠳᠬᠢᠴᠡ ᠶᠢ ᠰᠢᠨ᠎ᠡ ᠱᠠᠲᠤᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ | ᠬᠦᠷᠢᠶ᠎ᠡ᠂ ᠡᠯ᠎ᠡ ᠭᠤᠭᠴᠤᠭ᠎ᠠ᠂ ᠪᠦᠬᠦ ᠶᠠᠪᠤᠴᠠ ᠳᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ | ᠸᠠᠩ ᠳ᠋ᠤᠤ ᠰᠢ᠂ ᠪᠦᠬᠦ ᠳᠡᠯᠡᠬᠡᠢ ᠳᠤ ᠨᠡᠶᠢᠳᠡᠮ ᠣᠷᠣᠰᠢᠵᠤ ᠪᠠᠶᠢᠭ᠎ᠠ ᠤᠰᠤᠨ ᠤ ᠠᠰᠠᠭᠤᠳᠠᠯ ᠳᠤ | ᠬᠠᠨᠳᠤᠵᠤ᠂ ᠠᠤᠭ᠎ᠠ ᠵᠣᠷᠢᠭ ᠢᠶᠠᠨ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠠᠨᠢᠲᠠᠨ ᠤ ᠬᠠᠷᠢᠯᠴᠠᠭ᠎ᠠ ᠪᠠᠨ | ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠰᠣᠯᠢᠯᠴᠠᠭ᠎ᠠ ᠪᠠᠷ ᠬᠠᠮᠲᠤᠷᠠᠯᠴᠠᠭ᠎ᠠ | ᠶᠢ ᠠᠬᠢᠭᠤᠯᠵᠤ᠂ ᠬᠠᠮᠲᠤᠷᠠᠯᠴᠠᠭ᠎ᠠ ᠪᠠᠷ ᠬᠠᠮᠲᠤ ᠪᠠᠷ ᠠᠰᠢᠭ ᠬᠦᠷᠳᠡᠬᠦ ᠶᠢ ᠠᠬᠢᠭᠤᠯᠵᠤ᠂ ᠤᠰᠤ ᠶᠢ ᠵᠠᠰᠠᠬᠤ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠬᠦ ᠠᠶᠠᠨ ᠳᠤ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠵᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠤᠷᠢᠶᠠᠯᠠᠪᠠ᠃ | ᠸᠠᠩ ᠳ᠋ᠤᠤ ᠰᠢ ᠢᠯᠡᠷᠬᠡᠶᠢᠯᠡᠭᠰᠡᠨ ᠨᠢ᠂ ᠳᠤᠮᠳᠠᠳᠤ ᠤᠯᠤᠰ ᠳᠤᠷᠠᠲᠠᠶ᠎ᠠ ᠨᠠᠩ ᠣᠯᠠᠨ ᠬᠦᠴᠦᠲᠡᠶ | ᠪᠦᠲᠦᠮᠵᠢᠲᠡᠶ ᠠᠵᠢᠯᠯᠠᠭ᠎ᠠ ᠠᠪᠴᠤ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠥᠬᠡᠶ᠂ ᠨᠡᠭᠡᠭᠡᠯᠲᠡᠲᠦ᠂ | ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠤᠰᠤ ᠠᠷᠪᠢᠯᠠᠬᠤ ᠶᠢ | ᠤᠷᠢᠳ ᠢᠶᠠᠷ ᠪᠣᠳᠣᠯᠬᠢᠯᠠᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ | ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢᠨ ᠳᠠᠭᠠᠭᠤᠯᠭ᠎ᠠ ᠳᠣᠤᠷ᠎ᠠ᠂ ᠡᠯ᠎ᠡ ᠤᠯᠤᠰ ᠯᠤᠭ᠎ᠠ ᠤᠰᠤ | ᠵᠠᠰᠠᠬᠤ ᠠᠷᠭ᠎ᠠ ᠪᠣᠳᠣᠯᠭ᠎ᠠ ᠪᠠ ᠲᠤᠷᠰᠢᠯᠭ᠎ᠠ ᠶᠢᠨ ᠦᠷ᠎ᠡ ᠪᠦᠲᠦᠭᠡᠯ ᠢ ᠬᠠᠮᠲᠤ ᠪᠠᠷ ᠵᠥᠪᠳᠡᠯᠴᠡᠨ ᠬᠠᠮᠲᠤ ᠪᠠᠷ | ᠡᠳ᠋ᠯᠡᠵᠦ᠂ ᠪᠥᠬᠦ ᠪᠥᠮᠪᠥᠷᠴᠡᠭ ᠤᠨ ᠤᠰᠤᠨ ᠤ ᠵᠠᠰᠠᠯᠲᠠ ᠶᠢᠨ ᠥᠭᠡᠷᠡᠴᠢᠯᠡᠯᠲᠡ ᠪᠠ ᠬᠥᠭᠵᠢᠯᠲᠡ ᠶᠢ ᠬᠠᠮᠲᠤ ᠪᠠᠷ | ᠠᠬᠢᠭᠤᠯᠤᠨ᠎ᠠ ᠭᠡᠵᠡᠢ᠃ | ᠲᠡᠭᠦᠰᠬᠦ ᠶᠣᠰᠣᠯᠠᠯ ᠳᠡᠭᠡᠷ᠎ᠡ᠂ ᠴᠢᠬᠤᠯᠠ ᠦᠷ᠎ᠡ ᠪᠦᠲᠦᠭᠡᠯ ᠤᠨ ︽18 ᠳ᠋ᠤᠭᠠᠷ ᠬᠤᠭᠤᠴᠠᠭᠠᠨ ᠤ ᠳᠡᠯᠡᠬᠡᠶ | ᠶᠢᠨ ᠤᠰᠤᠨ ᠤ ᠡᠬᠢ ᠪᠠᠶᠠᠯᠢᠭ ᠤᠨ ᠶᠡᠭᠡ ᠬᠤᠷᠠᠯ ᠤᠨ ᠪᠡᠭᠡᠵᠢᠩ ᠤᠨ ᠲᠤᠩᠬᠠᠭ︾ ᠢ ᠨᠡᠶᠢᠲᠡᠯᠡᠵᠦ᠂ ᠶᠡᠭᠡ ᠬᠤᠷᠠᠯ | ᠤᠨ ᠭᠤᠤᠯᠯᠠᠨ ᠡᠷᠭᠢᠯᠡᠬᠦ ᠡᠷᠬᠡ ᠶᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠶᠠᠪᠤᠭᠤᠯᠪᠠ᠃ ᠶᠡᠭᠡ ᠬᠤᠷᠠᠯ ᠤᠨ | ᠬᠤᠭᠤᠴᠠᠭᠠᠨ ᠳᠤ᠂ 6 ᠬᠤᠪᠢᠶᠠᠷᠢ ᠭᠤᠣᠯ ᠰᠡᠳᠦᠪ ᠪᠣᠯᠤᠨ 44 ᠵᠥᠪᠯᠡᠬᠦ ᠰᠡᠳᠦᠪ ᠤᠨ ᠲᠣᠭᠤᠷᠢᠨ ᠳᠤ᠂ ᠨᠡᠶᠢᠳᠡ | 4 ᠲᠠᠯᠠᠪᠤᠷ ᠪᠦᠬᠦᠳᠡ ᠬᠤᠷᠠᠯ᠂ 36 ᠲᠠᠯᠠᠪᠤᠷ ᠲᠤᠰᠬᠠᠢ ᠰᠡᠳᠦᠪᠲᠦ ᠬᠤᠷᠠᠯ᠂ 74 ᠲᠠᠯᠠᠪᠤᠷ ᠲᠤᠰᠬᠠᠢ ᠬᠤᠷᠠᠯ᠂ | 15 ᠲᠠᠯᠠᠪᠤᠷ ᠬᠠᠵᠠᠭᠤ ᠶᠢᠨ ᠬᠤᠷᠠᠯ᠂ 130 ᠭᠠᠷᠤᠢ ᠲᠠᠯᠠᠪᠤᠷ ᠮᠡᠳᠡᠭᠦᠯᠦᠯᠲᠡ ᠬᠢᠬᠦ ᠶᠢᠨ ᠬᠠᠮᠲᠤ 80 ᠭᠠᠷᠤᠢ | ᠵᠦᠢᠯ ᠤᠨ ᠤᠰᠤᠨ ᠳᠤ ᠬᠤᠯᠪᠣᠭᠳᠠᠭᠰᠠᠨ ᠬᠦᠷᠢᠶᠡᠨ ᠤ ᠦᠵᠡᠭᠦᠯᠭᠡ ᠶᠢ ᠡᠷᠬᠢᠯᠡᠪᠡ᠃ | |