ᠤᠰᠤᠨ ᠠᠰᠢᠭᠯᠠᠯᠲᠠ ᠶᠢᠨ ᠶᠠᠮᠤᠨ ᠤᠰᠤᠨ ᠠᠰᠢᠭᠯᠠᠯᠲᠠ ᠶᠢᠨ ᠪᠣᠷᠣᠭᠠᠨ ᠬᠡᠮᠵᠢᠬᠦ ᠷᠠᠳᠠᠷ ᠤᠨ ᠲᠤᠷᠰᠢᠯᠲᠠ  ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠲᠤᠬᠠᠶ ᠶᠢᠨ ᠭᠠᠵᠠᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/20
  9 ᠳ᠋ᠦ᠋ᠭᠡᠷ ᠰᠠᠷ᠎ᠠ ᠶᠢᠨ 18 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠬᠤᠨᠠᠨ ᠤ ᠴᠠᠩᠱᠠ ᠳᠤ ᠤᠰᠤᠨ ᠠᠰᠢᠭᠯᠠᠯᠲᠠ ᠶᠢᠨ ᠪᠣᠷᠣᠭᠠᠨ ᠬᠡᠮᠵᠢᠬᠦ ᠷᠠᠳᠠᠷ ᠤᠨ ᠲᠤᠷᠰᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠲᠤᠬᠠᠶ ᠶᠢᠨ ᠭᠠᠵᠠᠷ ᠤᠨ ᠬᠤᠷᠠᠯ ᠬᠢᠪᠠ᠃ ᠬᠤᠷᠠᠯ ᠢ ᠤᠰᠤᠨ ᠠᠰᠢᠭᠯᠠᠯᠲᠠ ᠶᠢᠨ ᠶᠠᠮᠤᠨ ᠤ ᠶᠡᠷᠦᠩᠬᠡᠶ ᠢᠨᠵᠧᠨᠧᠷ ᠵᠥᠩ ᡁᠢ ᠢᠤᠢ ᠡᠷᠭᠢᠯᠡᠵᠦ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢᠦ ᠸᠧᠶ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃  ᠬᠤᠷᠠᠯ ᠠᠴᠠ ᠵᠢᠭᠠᠵᠤ ᠭᠠᠷᠭᠠᠭᠰᠠᠨ ᠨᠢ᠂ ᠪᠣᠷᠣᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠪᠣᠯ ᠤᠳᠤ ᠦᠶ᠎ᠡ ᠶᠢᠨ ᠦᠶᠡᠷ ᠢ ᠰᠡᠷᠭᠡᠶᠢᠯᠡᠬᠦ ᠳᠠᠶᠢᠯᠠᠯᠳᠤᠭᠠᠨ ᠤ ᠲᠡᠷᠢᠭᠦᠨ ᠴᠢᠬᠤᠯᠠ ᠭᠤᠭᠴᠤᠭ᠎ᠠ ᠪᠠ ᠴᠢᠬᠤᠯᠠ ᠨᠥᠬᠦᠴᠡᠯ ᠪᠣᠯᠤᠨ᠎ᠠ᠃ ᠴᠠᠭ ᠠᠭᠤᠷ ᠤᠨ ᠳᠠᠭᠠᠭᠤᠯᠢ ᠣᠲᠣ ᠪᠠ ᠪᠣᠷᠣᠭᠠᠨ ᠬᠡᠮᠵᠢᠬᠦ ᠷᠠᠳᠠᠷ᠂ ᠪᠣᠷᠣᠭᠠᠨ ᠤ ᠬᠡᠮᠵᠢᠶ᠎ᠡ ᠶᠢᠨ ᠥᠷᠲᠡᠭᠡ᠂ ᠤᠰᠤᠨ ᠰᠢᠨᠵᠢᠯᠡᠭᠡᠨ ᠤ ᠥᠷᠲᠡᠭᠡ ᠪᠠᠷ ᠪᠦᠷᠢᠯᠳᠦᠭᠰᠡᠨ ᠪᠣᠷᠣᠭᠠᠨ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠲᠦᠷᠭᠡᠳᠬᠡᠨ ᠪᠠᠶᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠤᠯᠤᠰ ᠲᠥᠷᠥ ᠶᠢᠨ ᠱᠠᠭᠠᠷᠳᠠᠯᠭ᠎ᠠ ᠪᠣᠯᠤᠨ᠎ᠠ᠂ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠪᠣᠯᠤᠨ᠎ᠠ᠂ ᠣᠳᠣᠬᠢᠴᠢᠯᠠᠭᠰᠠᠨ ᠤᠰᠤᠨ ᠰᠢᠨᠵᠢᠯᠡᠭᠡᠨ ᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠰᠢᠰᠲ᠋ᠧᠮᠵᠢ ᠶᠢ ᠪᠠᠶᠢᠭᠤᠯᠬᠤ ᠶᠢᠨ ᠲᠤᠯᠭᠠᠮ᠎ᠠ ᠱᠠᠭᠠᠷᠳᠠᠯᠭ᠎ᠠ ᠪᠣᠯᠤᠨ᠎ᠠ᠃  ᠬᠤᠷᠠᠯ ᠠᠴᠠ ᠴᠢᠬᠤᠯᠠᠴᠢᠯᠠᠭᠰᠠᠨ ᠨᠢ᠂ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠱᠠᠭᠠᠷᠳᠠᠯᠭ᠎ᠠ᠂ ᠠᠭᠤᠯᠤᠭᠳᠠᠬᠤᠨ ᠪᠠ ᠭᠤᠤᠯᠳᠠᠯᠭ᠎ᠠ ᠶᠢ ᠪᠠᠲᠤ ᠡᠵᠡᠮᠳᠡᠵᠦ᠂ ᠪᠦᠲᠦᠴᠡ᠂ ᠪᠠᠶᠢᠷᠢᠰᠢᠭᠤᠯᠤᠯᠲᠠ᠂ ᠨᠢᠭᠲᠠᠴᠠ ᠶᠢ ᠨᠢᠭᠡᠳᠦᠯᠲᠡᠶ ᠲᠥᠯᠥᠪᠵᠢᠭᠦᠯᠵᠦ᠂ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠪᠠ ᠤᠰᠤᠨ ᠴᠥᠭᠦᠷᠥᠮ ᠤᠨ ᠲᠣᠬᠢᠷᠠᠭᠤᠯᠤᠯᠲᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤᠨ ᠠᠰᠢᠭᠯᠠᠯᠲᠠ ᠶᠢᠨ ᠪᠥᠬᠦ ᠲᠤᠬᠠᠶᠢᠯᠠᠭᠰᠠᠨ ᠠᠵᠢᠯ ᠤᠨ ᠬᠦᠷᠢᠶᠡᠨ ᠳᠤ ᠦᠶᠯᠡᠴᠢᠯᠡᠵᠦ᠂ ᠪᠣᠷᠣᠭᠠᠨ ᠤᠰᠤᠨ  ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ︽ᠭᠤᠷᠪᠠᠨ ᠰᠡᠷᠭᠡᠶᠢᠯᠡᠯᠲᠡ ᠶᠢᠨ ᠱᠤᠭᠤᠮ  ︾ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠨᠢ ᠡᠯ᠎ᠡ ᠭᠠᠵᠠᠷ ᠤᠨ ᠰᠢᠷᠦᠭᠦᠨ ᠪᠣᠷᠣᠭᠠᠨ ᠦᠶᠡᠷ ᠤᠨ ᠤᠰᠤᠨ ᠤ ᠪᠠᠶᠢᠳᠠᠯ ᠪᠣᠯᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠣᠨᠴᠠᠯᠢᠭ ᠢ ᠦᠨᠳᠦᠰᠦᠯᠡᠨ᠂ ᠨᠢᠭᠡ ᠪᠦᠯᠦᠭ ᠤᠰᠤᠨ ᠠᠰᠢᠭᠯᠠᠯᠲᠠ ᠶᠢᠨ ᠪᠣᠷᠣᠭᠠᠨ ᠢ ᠬᠡᠮᠵᠢᠬᠦ ᠷᠠᠳᠠᠷ ᠤᠨ ᠥᠷᠲᠡᠭᠡ ᠶᠢ ᠲᠦᠷᠭᠡᠳᠬᠡᠨ ᠪᠠᠶᠢᠭᠤᠯᠬᠤ ᠬᠡᠷᠡᠭᠲᠡᠶ᠃ ᠬᠤᠶᠠᠳᠤᠭᠠᠷ ᠰᠡᠷᠭᠡᠶᠢᠯᠡᠯᠲᠡ ᠶᠢᠨ ᠱᠤᠭᠤᠮ ᠢ ᠪᠣᠷᠣᠭᠠᠨ ᠤ ᠬᠡᠮᠵᠢᠶ᠎ᠡ ᠶᠢᠨ ᠥᠷᠲᠡᠭᠡ ᠴᠡᠭ ᠢ ᠪᠠᠶᠢᠷᠢᠯᠠᠭᠤᠯᠬᠤ ᠶᠢ ᠴᠢᠭᠯᠡᠭᠦᠯᠬᠦ ᠴᠢᠨᠠᠷᠲᠠᠶ ᠪᠠᠷ ᠰᠠᠶᠢᠲᠤᠷ ᠬᠢᠵᠦ᠂ ᠪᠠᠶᠢᠭᠤᠯᠪᠠᠰᠤ ᠵᠣᠬᠢᠬᠤ ᠶᠢ ᠨᠢ ᠪᠦᠬᠦᠨ ᠢ ᠪᠠᠶᠢᠭᠤᠯᠵᠤ᠂ ᠵᠦᠶ ᠵᠣᠬᠢᠰᠲᠠᠶ ᠪᠠᠶᠢᠷᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠᠳᠤᠭᠠᠷ ᠰᠡᠷᠭᠡᠶᠢᠯᠡᠯᠲᠡ ᠶᠢᠨ ᠱᠤᠭᠤᠮ ᠨᠢ ᠰᠠᠪᠠ ᠭᠠᠵᠠᠷ ᠤᠨ ᠳᠣᠲᠣᠷᠠᠬᠢ ᠤᠰᠤᠨ ᠰᠢᠨᠵᠢᠯᠡᠭᠡᠨ ᠤ ᠥᠷᠲᠡᠭᠡ ᠪᠠᠶᠢᠷᠢᠯᠠᠭᠤᠯᠬᠤ ᠨᠢᠭᠲᠠᠴᠠ ᠶᠢ ᠪᠦᠬᠦ ᠲᠠᠯ᠎ᠠ ᠪᠠᠷ ᠪᠠᠶᠢᠴᠠᠭᠠᠨ ᠦᠵᠡᠵᠦ᠂ ᠤᠰᠤᠨ ᠰᠢᠨᠵᠢᠯᠡᠭᠡᠨ ᠤ ᠥᠷᠲᠡᠭᠡ ᠶᠢ ᠵᠦᠢ ᠵᠣᠬᠢᠰᠲᠠᠶ ᠪᠠᠶᠢᠷᠢᠯᠠᠭᠤᠯᠤᠨ᠂ ᠪᠠᠶᠢᠭᠤᠯᠪᠠᠰᠤ ᠵᠣᠬᠢᠬᠤ ᠶᠢ ᠨᠢ ᠪᠦᠬᠦᠨ ᠢ ᠪᠠᠶᠢᠭᠤᠯᠬᠤ᠂ ᠪᠠᠶᠢᠭᠤᠯᠪᠠᠰᠤ ᠵᠣᠬᠢᠬᠤ ᠶᠢ ᠨᠢ ᠲᠦᠷᠭᠡᠨ ᠪᠠᠶᠢᠭᠤᠯᠬᠤ᠂ ᠪᠠᠶᠢᠭᠤᠯᠪᠠᠰᠤ ᠵᠣᠬᠢᠬᠤ ᠶᠢ ᠨᠢ ᠪᠠᠶᠢᠭᠤᠯᠵᠤ ᠰᠢᠯᠢᠳᠡᠭᠵᠢᠭᠦᠯᠦᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠦᠨ ᠳᠠᠭᠠᠭᠤᠯᠬᠤ᠂ ᠬᠡᠷᠡᠭᠯᠡᠭᠡᠨ ᠢ ᠳᠡᠭᠡᠳᠦᠯᠡᠬᠦ ᠶᠢ ᠪᠠᠷᠢᠮᠲᠠᠯᠠᠵᠤ᠂ ᠥᠨᠳᠥᠷ ᠪᠦᠲᠦᠮᠵᠢᠲᠡᠶ᠂ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠣᠨᠣᠪᠴᠢᠲᠠᠶ ᠣᠯᠤᠭᠰᠠᠨ ᠰᠠᠭᠤᠷᠢᠨ ᠳᠡᠭᠡᠷ᠎ᠡ᠂ ᠰᠡᠷᠭᠡᠶᠢᠯᠡᠯᠲᠡ ᠶᠢᠨ ᠱᠤᠭᠤᠮ ᠨᠢᠭᠡᠪᠦᠷᠢ ᠶᠢᠨ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠴᠢᠳᠠᠮᠵᠢ ᠶᠢ ᠥᠷᠭᠡᠳᠬᠡᠵᠦ᠂ ᠦᠶᠡᠷ ᠤᠨ ᠤᠰᠤ ᠶᠢ ᠤᠷᠢᠳᠴᠢᠯᠠᠨ ᠵᠢᠱᠢᠬᠦ ᠬᠤᠭᠤᠴᠠᠭ᠎ᠠ ᠶᠢ ᠤᠷᠲᠤᠳᠬᠠᠬᠤ ᠪᠠ ᠦᠶᠡᠷ ᠤᠨ ᠤᠰᠤ ᠶᠢ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠪᠦᠲᠦᠮᠵᠢᠲᠡᠶ ᠨᠢᠭᠡᠳᠦᠯ ᠢ ᠪᠡᠶᠡᠯᠡᠭᠦᠯᠬᠦ ᠬᠡᠷᠡᠭᠲᠡᠶ ᠭᠡᠵᠡᠢ᠃  ᠬᠤᠷᠠᠯ ᠠᠴᠠ ᠱᠠᠭᠠᠷᠳᠠᠭᠰᠠᠨ ᠨᠢ᠂ ᠬᠤᠯᠪᠣᠭᠳᠠᠯ ᠪᠦᠭᠦᠢ ᠲᠥᠯᠥᠪᠵᠢᠭᠦᠯᠭᠡ ᠶᠣᠰᠣᠭᠠᠷ ᠬᠤᠶᠠᠳᠤᠭᠠᠷ᠂ ᠭᠤᠷᠪᠠᠳᠤᠭᠠᠷ ᠰᠡᠷᠭᠡᠶᠢᠯᠡᠯᠲᠡ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠰᠠᠶᠢᠠ ᠬᠢᠬᠦ ᠶᠢᠨ ᠵᠡᠷᠭᠡ ᠳᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠪᠦᠲᠦᠭᠡᠨ ᠪᠠᠶᠢᠭᠤᠯᠤᠯᠲᠠ᠂ ᠢᠯᠠᠩᠬᠤᠶ᠎ᠡ ᠪᠣᠷᠣᠭᠠᠨ ᠬᠡᠮᠵᠢᠬᠦ ᠷᠠᠳᠠᠷ  ᠤᠨ ᠪᠦᠲᠦᠭᠡᠨ ᠪᠠᠶᠢᠭᠤᠯᠤᠯᠲᠠ ᠪᠠ ᠬᠡᠷᠠᠬᠯᠠᠭᠠ ᠤ ᠠᠵᠢᠯ ᠢ ᠶᠡᠬᠡᠪᠡᠷ ᠠᠬᠢᠭᠤᠯᠬᠤ ᠬᠡᠷᠡᠭᠲᠡᠢ᠃ ᠰᠠᠪᠠ ᠭᠠᠵᠠᠷ ᠤᠨ ᠰᠢᠷᠦᠭᠦᠨ ᠪᠣᠷᠣᠭᠠᠨ ᠦᠶᠡᠷ ᠤᠨ ᠭᠤᠣᠯᠳᠠᠯᠭ᠎ᠠ ᠲᠠᠢ ᠢᠷᠡᠯᠳᠡ ᠶᠢᠨ ᠣᠷᠣᠨ᠂ ᠠᠭᠤᠯᠠᠨ ᠦᠶᠡᠷ ᠤᠨ ᠭᠠᠮᠰᠢᠭ ᠬᠢᠯᠪᠠᠷᠬᠠᠨ ᠭᠠᠷᠬᠤ ᠣᠷᠣᠨ᠂ ᠲᠤᠮᠤ ᠬᠡᠯᠪᠡᠷᠢ ᠶᠢᠨ ᠴᠥᠭᠦᠷᠥᠮ ᠤᠨ ᠣᠷᠣᠨ ᠬᠢᠭᠡᠳ ᠦᠶᠡᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ᠂ ᠴᠢᠬᠤᠯᠠ ᠶᠡᠭᠡ ᠤᠰᠤ ᠲᠠᠲᠠᠵᠤ ᠲᠤᠬᠢᠷᠠᠭᠤᠯᠬᠤ ᠢᠨᠵᠧᠨᠧᠷᠢᠩ ᠳᠠᠭᠠᠤ ᠵᠡᠷᠭᠡ ᠣᠷᠣᠨ ᠢ ᠢᠳᠡᠪᠬᠢᠲᠡᠢ ᠪᠠᠷ ᠲᠥᠯᠬᠢᠨ ᠠᠬᠢᠭᠤᠯᠵᠤ᠂ ᠨᠢᠭᠡ ᠪᠦᠯᠦᠭ ᠤᠰᠤᠨ ᠠᠰᠢᠭᠯᠠᠯᠲᠠ ᠶᠢᠨ ᠪᠣᠷᠣᠭᠠᠨ ᠬᠡᠮᠵᠢᠬᠦ ᠷᠠᠳᠠᠷ ᠤᠨ ᠰᠢᠰᠲ᠋ᠧᠮ ᠢ ᠲᠦᠷᠭᠡᠨ ᠪᠠᠶᠢᠭᠤᠯᠵᠤ᠂ ᠤᠰᠤᠨ ᠠᠰᠢᠭᠯᠠᠯᠲᠠ ᠶᠢᠨ ᠪᠣᠷᠣᠭᠠᠨ ᠬᠡᠮᠵᠢᠬᠦ ᠷᠠᠳᠠᠷ ᠤᠨ ᠪᠥᠳᠥᠭᠡᠨ ᠪᠠᠶᠢᠭᠤᠯᠤᠯᠲᠠ ᠶᠢᠨ ᠬᠡᠷᠡᠭᠯᠡᠯᠲᠡ ᠶᠢ ᠤᠷᠢᠳᠠᠪᠠᠷ ᠬᠢᠵᠦ ᠤᠷᠢᠳᠠᠪᠠᠷ ᠲᠤᠷᠰᠢᠬᠤ ᠶᠢ ᠤᠷᠢᠳᠠᠪᠠᠷ ᠥᠷᠨᠢᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠮᠡᠷᠭᠡᠵᠢᠯ ᠤᠨ ᠦᠷ᠎ᠡ ᠪᠦᠲᠦᠭᠡᠯ ᠢ ᠴᠠᠷᠴᠠᠭᠠᠨ ᠪᠤᠢ ᠪᠣᠯᠭᠠᠵᠤ᠂ ᠪᠥᠳᠥᠭᠡᠨ ᠪᠠᠶᠢᠭᠤᠯᠬᠤ ᠬᠡᠪᠴᠢᠶ᠎ᠡ ᠪᠣᠯᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠢ ᠭᠡᠵᠡᠢ᠃  ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠤᠰᠤᠨ ᠠᠰᠢᠭᠯᠠᠯᠲᠠ  ᠶᠢᠨ ᠪᠣᠷᠣᠭᠠᠨ ᠬᠡᠮᠵᠢᠬᠦ ᠷᠠᠳᠠᠷ ᠤᠨ ᠪᠦᠲᠦᠭᠡᠨ ᠪᠠᠶᠢᠭᠤᠯᠤᠯᠲᠠ ᠶᠢ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠠᠵᠢᠯ ᠤᠨ ᠡᠭᠦᠷᠭᠡ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠴᠠᠭ ᠤᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃  ᠤᠰᠤᠨ ᠠᠰᠢᠭᠯᠠᠯᠲᠠ ᠶᠢᠨ ᠶᠠᠮᠤᠨ ᠤ ᠪᠠᠶᠢᠭᠤᠯᠭ᠎ᠠ ᠶᠢᠨ ᠬᠤᠯᠪᠣᠭᠳᠠᠯ ᠪᠥᠬᠦᠶ ᠵᠤᠷᠭᠠᠨ ᠲᠣᠪᠴᠢᠶ᠎ᠠ᠂ ᠶᠠᠮᠤᠨ  ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠥᠬᠦᠶ ᠪᠠᠷᠢᠯᠭ᠎ᠠ ᠶᠢᠨ ᠬᠠᠮᠢᠶᠠᠷᠤᠯᠲᠠ ᠶᠢᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠬᠤᠷᠠᠯ ᠳᠤ ᠣᠷᠣᠯᠴᠠᠵᠠᠶ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠤᠤ ᠱᠠᠨ ᠤ ᠪᠣᠷᠣᠭᠠᠨ ᠬᠡᠮᠵᠢᠬᠦ ᠷᠠᠳᠠᠷ ᠤᠨ ᠥᠷᠲᠡᠭᠡ᠂ ᠯᠠᠩ ᠯᠢ ᠱᠦᠶ ᠸᠧᠨ ᠥᠷᠲᠡᠭᠡ ᠶᠢᠨ ᠪᠣᠷᠣᠭᠠᠨ ᠬᠡᠮᠵᠢᠬᠦ ᠷᠠᠳᠠᠷ ᠤᠨ ᠰᠢᠰᠲ᠋ᠧᠮ ᠪᠠ ᠲᠣᠭᠠᠴᠢᠯᠠᠭᠰᠠᠨ ᠢᠬᠡᠷ᠎ᠡ ᠲᠠᠪᠴᠠᠩ ᠤᠨ ︽ᠳᠥᠷᠪᠡᠨ ᠪᠡᠯᠡᠳᠬᠡᠯ︾ ᠤᠨ ᠰᠢᠰᠲ᠋ᠧᠮ ᠢ ᠰᠢᠨᠵᠢᠯᠡᠨ ᠪᠠᠶᠢᠴᠠᠭᠠᠪᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号