ᠵᠦ ᠴᠧᠩ ᠴᠢᠩ ᠵᠠᠩ ᠾᠧ ᠭᠤᠣᠯ ᠤᠨ ᠰᠠᠪᠠ ᠭᠠᠵᠠᠷ ᠲᠤ ᠬᠦᠷᠴᠦ ᠤᠰᠤᠨ ᠤ ᠶᠠᠪᠤᠳᠠᠯ ᠢ ᠬᠠᠤᠯᠢ ᠪᠠᠷ ᠵᠠᠰᠠᠬᠤ᠂ ᠬᠥᠳᠡᠭᠡ ᠲᠣᠰᠬᠤᠨ ᠤ ᠤᠰᠤᠨ ᠠᠰᠢᠭᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/20
  9 ᠳ᠋ᠦ᠋ᠭᠡᠷ ᠰᠠᠷ᠎ᠠ ᠶᠢᠨ 12 ᠤᠨ ᠡᠳᠦᠷ 14 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠵᠤ᠋ ᠴᠧᠩ ᠴᠢᠩ ᠵᠠᠩ ᠾᠧ ᠭᠤᠣᠯ ᠤᠨ ᠰᠠᠪᠠ ᠭᠠᠵᠠᠷ ᠲᠤ ᠬᠦᠷᠴᠦ ᠤᠰᠤᠨ ᠤ ᠶᠠᠪᠤᠳᠠᠯ ᠢ ᠬᠠᠤᠯᠢ ᠪᠠᠷ ᠵᠠᠰᠠᠬᠤ᠂ ᠬᠥᠳᠡᠭᠡ ᠲᠣᠰᠬᠤᠨ ᠤ ᠤᠰᠤᠨ ᠠᠰᠢᠭᠯᠠᠯᠲᠠ ᠵᠢᠴᠢ ᠰᠠᠪᠠ ᠭᠠᠵᠠᠷ ᠤᠨ ᠵᠠᠰᠠᠯᠲᠠ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃  ᠵᠦ ᠴᠧᠩ ᠴᠢᠩ ᠨᠡᠷ ᠵᠠᠩ ᠾᠧ ᠭᠤᠣᠯ ᠤᠨ ᠡᠮᠦᠨ᠎ᠡ ᠡᠬᠢ᠂ ᠬᠤᠩ ᠴᠢ ᠴᠢᠦᠶ ᠰᠤᠪᠠᠭ ᠤᠨ ᠤᠰᠤᠯᠠᠯᠲᠠ  ᠶᠢᠨ ᠣᠷᠣᠨ ᠤ ᠰᠤᠪᠠᠭ ᠤᠨ ᠡᠬᠢ ᠪᠠ ᠤᠰᠤ ᠰᠠᠯᠭᠠᠬᠤ ᠬᠠᠭᠠᠯᠲᠠ᠂ ᠶᠤᠸᠠᠢ ᠴᠧᠩ ᠤᠰᠤᠨ ᠴᠥᠭᠦᠷᠥᠮ ᠢ ᠲᠤᠬᠠᠶ  ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠴᠠᠩ ᡁᠢ ᠬᠤᠲᠠ ᠶᠢᠨ ᠤᠰᠤᠨ ᠤ ᠶᠠᠪᠤᠳᠠᠯ ᠤᠨ ᠬᠠᠤᠯᠢ ᠪᠠᠷ ᠵᠠᠰᠠᠬᠤ ᠤᠨ ᠪᠠᠶᠢᠭᠤᠯᠤᠯᠲᠠ᠂ ᠱᠢ ᠬᠤᠢ ᠤᠰᠤᠯᠠᠯᠲᠠ ᠶᠢᠨ ᠣᠷᠣᠨ᠂ ᠵᠠᠩ ᠽᠢ ᠰᠢᠶᠠᠨ ᠤ ᠨᠠᠨ ᠶᠤᠸᠠᠨ ᠲᠥᠪᠯᠡᠷᠡᠭᠦᠯᠦᠨ ᠤᠰᠤ ᠬᠠᠩᠭᠠᠬᠤ ᠶᠢ ᠥᠭᠡᠷᠡᠴᠢᠯᠡᠨ ᠥᠷᠭᠡᠳᠬᠡᠵᠦ ᠪᠠᠶᠢᠭᠤᠯᠬᠤ ᠢᠨᠵᠧᠨᠧᠷᠢᠩ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠤᠰᠤᠨ ᠤ ᠬᠠᠤᠯᠢ ᠲᠣᠭᠲᠠᠭᠠᠯ ᠤᠨ ᠪᠠᠶᠢᠭᠤᠯᠤᠯᠲᠠ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠤᠰᠤᠨ ᠤ ᠶᠠᠪᠤᠳᠠᠯ ᠤᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ᠂ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠠᠩ ᠾᠧ ᠭᠤᠤᠯ ᠤᠨ ᠳᠡᠭᠡᠳᠦ ᠤᠷᠤᠰᠬᠠᠯ ᠤᠨ ᠲᠣᠪᠴᠢᠶ᠎ᠠ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠠᠶᠢᠴᠠᠭᠠᠨ ᠰᠤᠳᠤᠯᠤᠯᠲᠠ ᠬᠢᠬᠦ ᠵᠠᠮ ᠳᠠᠭᠠᠨ ᠪᠠᠰᠠ ᠤᠯᠠᠭᠠᠨ ᠲᠤᠭ ᠰᠤᠪᠠᠭ ᠤᠨ ᠳᠤᠷᠠᠰᠬᠠᠯ ᠤᠨ ᠣᠷᠳᠣᠨ᠂ ᠵᠠᠯᠠᠭᠤᠴᠤᠳ ᠤᠨ ᠠᠭᠤᠢ ᠪᠠᠷ ᠲᠣᠭᠤᠷᠢᠨ ᠦᠵᠡᠵᠦ᠂ ᠬᠤᠪᠢᠰᠬᠠᠯ ᠤᠨ ᠬᠥᠮᠦᠵᠢᠯ ᠤᠨ ᠳᠠᠪᠲᠠᠯᠲᠠ ᠶᠢ ᠬᠦᠯᠢᠶᠡᠪᠡ᠃  ᠵᠤ᠋ ᠴᠧᠩ ᠴᠢᠩ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠲᠤ᠂ ᠵᠠᠩ ᠾᠧ ᠭᠤᠤᠯ ᠤᠨ ᠰᠠᠪᠠ ᠭᠠᠵᠠᠷ ᠤᠨ ᠡᠯ᠎ᠡ ᠬᠤᠯᠪᠣᠭᠳᠠᠯ ᠪᠥᠬᠦᠶ ᠭᠠᠵᠠᠷ ᠣᠷᠣᠨ᠂ ᠬᠠᠶᠢᠾᠧ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠵᠢᠴᠢ ᠵᠠᠩ ᠾᠧ ᠭᠤᠤᠯ ᠤᠨ ᠰᠠᠪᠠ ᠭᠠᠵᠠᠷ ᠤᠨ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠨᠢᠭᠡᠴᠢ ᠶᠡᠷᠦᠩᠬᠡᠶ ᠱᠦᠵᠢ ᠰᠢ ᠶᠢᠨ ᠫᠢᠩ ᠤᠨ ᠤᠰᠤ ᠶᠢ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠬᠠᠤᠯᠢ ᠪᠠᠷ ᠵᠠᠰᠠᠬᠤ ᠪᠠᠶᠢᠭᠤᠯᠤᠯᠲᠠ᠂ ᠤᠰᠤᠨ  ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠡᠷᠭᠡ ᠠᠵᠢᠯ  ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠠᠪᠠ ᠭᠠᠵᠠᠷ ᠤᠨ ᠤᠰᠤᠨ ᠤ ᠶᠠᠪᠤᠳᠠᠯ ᠤᠨ ᠡᠮᠬᠢ ᠳᠢᠭᠯᠢᠮ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠤᠰᠤᠨ ᠤ  ᠶᠠᠪᠤᠳᠠᠯ ᠤᠨ ᠬᠠᠥᠯᠢ ᠪᠠᠷ ᠵᠠᠰᠠᠬᠤ ᠤᠨ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ  ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠢᠯᠢ ᠶᠢᠨ ᠵᠠᠭᠠᠭ ᠤᠨ ᠤᠰᠤᠨ ᠤ ᠬᠡᠷᠡᠭ ᠤᠨ ᠵᠥᠷᠢᠴᠡᠯ ᠵᠢᠭᠤᠷᠠᠯᠳᠤᠭᠠᠨ ᠤ ᠬᠡᠮ ᠰᠣᠭᠤᠭ ᠢ ᠦᠷᠭᠦᠯᠵᠢᠯᠡᠨ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠠᠰᠠᠭᠤᠳᠠᠯ ᠢ ᠢᠯᠡᠷᠡᠭᠦᠯᠦᠨ ᠰᠢᠶᠳᠪᠦᠷᠢᠯᠡᠵᠦ᠂ ᠰᠠᠪᠠ ᠭᠠᠵᠠᠷ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠬᠤ ᠬᠡᠷᠡᠭᠲᠡᠶ︔ ᠤᠰᠤ ᠠᠷᠪᠢᠯᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠰᠠᠪᠠ ᠭᠠᠵᠠᠷ ᠤᠨ ᠴᠢᠬᠤᠯᠠ ᠭᠤᠣᠯ ᠮᠥᠷᠡᠨ ᠤ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠶᠢ ᠲᠦᠷᠭᠡᠳᠬᠡᠵᠦ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠪᠠ ᠨᠢᠭᠡᠳᠦᠯᠲᠡᠢ ᠲᠤᠬᠢᠷᠠᠭᠤᠯᠬᠤ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠬᠤ ᠬᠡᠷᠡᠭᠲᠡᠢ︔ ᠠᠮᠢ ᠠᠬᠤᠶ ᠶᠢᠨ ᠰᠢᠰᠲ᠋ᠧᠮ ᠤᠨ ᠪᠦᠬᠦᠯᠢ ᠴᠣᠭᠴᠠᠲᠤ ᠴᠢᠨᠠᠷ ᠪᠠ ᠰᠠᠪᠠ ᠭᠠᠵᠠᠷ ᠤᠨ ᠰᠢᠰᠲ᠋ᠧᠮᠲᠦ ᠴᠢᠨᠠᠷ ᠲᠤ ᠰᠠᠭᠤᠷᠢᠯᠠᠨ᠂ ᠠᠮᠢ ᠠᠬᠤᠶ ᠶᠢᠨ ᠤᠷᠤᠰᠴᠠ ᠶᠢᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠶ ᠭᠡᠵᠡᠢ᠃  ᠵᠦ ᠴᠧᠩ ᠴᠢᠩ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠪᠡᠯᠭᠡ ᠲᠡᠮᠳᠡᠭ ᠪᠣᠯᠤᠨ᠎ᠠ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ  ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯᠯᠠᠭᠠᠨ ᠤ ᠲᠣᠭᠲᠠᠴᠠ ᠪᠠᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠰᠠᠶᠢᠲᠤᠷ ᠪᠠᠲᠤᠯᠠᠵᠤ᠂ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ᠂ ᠠᠮᠤᠷ ᠲᠦᠪᠰᠢᠨ ᠤᠰᠤ ᠤᠤᠭᠤᠬᠤ ᠶᠢ ᠪᠠᠲᠤᠯᠠᠬᠤ ᠬᠡᠷᠡᠭᠲᠡᠶ᠃ ᠤᠰᠤᠯᠠᠯᠲᠠ ᠶᠢᠨ ᠣᠷᠣᠨ ᠪᠣᠯ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠪᠠᠲᠤᠯᠠᠭ᠎ᠠ ᠮᠥᠨ᠂ ᠰᠢᠨ᠎ᠡ ᠴᠠᠭ ᠦᠶ᠎ᠡ ᠳᠤ ᠤᠯᠠᠭᠠᠨ ᠲᠤᠭ ᠰᠤᠪᠠᠭ ᠤᠨ ᠵᠣᠷᠢᠭ ᠰᠠᠨᠠᠭ᠎ᠠ  ᠶᠢ ᠪᠠᠳᠠᠷᠠᠭᠤᠯᠵᠤ᠂ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠬᠤ ᠮᠥᠷᠲᠡᠭᠡᠨ ᠪᠠᠰᠠ ᠨᠡᠶᠢᠭᠡᠮ ᠤᠨ ᠬᠥᠷᠥᠩᠭᠡ  ᠶᠢ ᠪᠦᠲᠦᠮᠵᠢᠲᠡᠶ ᠲᠠᠲᠠᠬᠤ᠂ ᠶᠡᠷᠦᠩᠬᠡᠶ ᠳᠡᠭᠡᠨ ᠪᠠᠰᠠ ᠲᠠᠷᠢᠶᠠᠴᠢᠳ ᠤᠨ ᠳᠠᠷᠤᠭᠠᠰᠤ ᠶᠢ ᠨᠡᠮᠡᠭᠳᠡᠭᠦᠯᠬᠦ ᠥᠬᠡᠶ ᠪᠠᠶᠢᠬᠤ ᠦᠷᠭᠦᠯᠵᠢᠯᠡᠬᠦᠶᠢᠴᠡ ᠠᠵᠢᠯᠯᠠᠭᠠᠨ ᠤ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠡᠶᠡᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠤᠰᠤᠨ ᠠᠰᠢᠭᠯᠠᠯᠲᠠ ᠶᠢᠨ ᠰᠠᠭᠤᠷᠢ ᠶᠢ ᠬᠠᠩᠭᠠᠬᠤ ᠬᠡᠷᠡᠭᠲᠡᠶ ᠭᠡᠵᠡᠢ ᠃  ᠤᠰᠤᠨ ᠠᠰᠢᠭᠯᠠᠯᠲᠠ ᠶᠢᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ᠂ ᠬᠥᠳᠡᠭᠡ ᠲᠣᠰᠬᠤᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠵᠤᠷᠭᠠᠨ᠂ ᠬᠠᠶᠢᠾᠧ ᠭᠤᠤᠯ ᠤᠨ ᠤᠰᠤᠨ ᠠᠰᠢᠭᠯᠠᠯᠲᠠ  ᠶᠢᠨ ᠵᠥᠪᠯᠡᠯ᠂ ᠱᠠᠨ ᠰᠢ ᠮᠤᠵᠢ᠂ ᠾᠧᠨᠠᠨ ᠮᠤᠵᠢ ᠶᠢᠨ ᠬᠤᠯᠪᠣᠭᠳᠠᠯ ᠪᠥᠬᠦᠶ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号