9 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ | ᠠᠷᠪᠠᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ | ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ | ᠱᠧᠩ ᠰᠢᠶᠤᠤ ᠶᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | | | | | | ᠬᠤᠷᠠᠯ ᠠᠴᠠ ᠭᠤᠤᠯ ᠰᠡᠳᠦᠪᠲᠦ ᠬᠥᠮᠦᠵᠢᠯ ᠤᠨ ᠠᠵᠢᠯ ᠢ ᠳ᠋ᠦᠩᠨᠡᠵᠦ᠂ ᠱᠧᠩ ᠰᠢᠶᠤᠤ ᠶᠢᠦ ᠵᠢᠭᠠᠵᠤ | ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠲᠣᠭᠤᠷᠢᠨ ᠵᠢᠯᠣᠭᠤᠳᠬᠤ | ᠳᠤᠭᠤᠶᠢᠯᠠᠩ ᠤᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠭᠤᠤᠯ ᠰᠡᠳᠦᠪᠲᠦ | ᠬᠥᠮᠦᠵᠢᠯ ᠤᠨ ᠶᠡᠷᠦᠩᠬᠡᠶ ᠱᠠᠭᠠᠷᠳᠠᠯᠭ᠎ᠠ ᠪᠣᠯᠤᠨ ᠬᠠᠷᠠᠯᠲᠠ ᠡᠭᠦᠷᠭᠡ ᠶᠢ ᠪᠠᠲᠤ ᠡᠵᠡᠮᠳᠡᠵᠦ᠂ ᠬᠤᠶᠠᠷ ᠶᠡᠭᠡ ᠶᠠᠪᠤᠳᠠᠯ | ᠢ ᠰᠠᠶᠢᠲᠤᠷ ᠬᠢᠬᠦ ᠪᠠ ᠰᠢᠨ᠎ᠡ ᠵᠠᠮ ᠢᠶᠠᠷ ᠵᠠᠮᠨᠠᠬᠤ ᠳᠤᠮᠳᠠ ᠤᠷᠤᠰᠬᠠᠯ ᠤᠨ ᠬᠠᠷᠠᠯᠲᠠ ᠶᠢ ᠰᠠᠶᠢᠲᠤᠷ ᠡᠷᠭᠢᠯᠡᠬᠦ ᠳᠤ | ᠢᠮᠠᠭᠲᠠ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠶᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ | ᠠᠭᠤᠰᠤᠯᠴᠠᠭᠤᠯᠤᠨ ᠨᠡᠪᠲᠡᠷᠡᠭᠦᠯᠵᠦ᠂ ᠲᠣᠪᠣᠶᠢᠮ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ︽ᠰᠤᠷᠤᠯᠴᠠᠯᠭ᠎ᠠ | ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ | ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ︾ ᠳᠡᠭᠡᠷ᠎ᠡ ᠬᠦᠴᠦ ᠣᠷᠣᠭᠤᠯᠵᠤ | ᠪᠣᠳᠠᠲᠤ ᠦᠷ᠎ᠡ ᠪᠦᠲᠦᠮᠵᠢ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠬᠠᠮᠰᠠᠷ ᠠᠴᠠ ᠪᠠᠨ ᠨᠠᠮ ᠤᠨ ᠰᠢᠨ᠎ᠡ | ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠨ ᠨᠠᠩ ᠰᠡᠳᠬᠢᠯ ᠵᠢᠷᠦᠬᠡᠨ ᠳᠡᠭᠡᠨ | ᠦᠶᠯᠡᠳᠦᠯᠭᠡᠵᠢᠭᠦᠯᠵᠦ᠂ ᠵᠣᠷᠢᠯᠲᠠ ᠪᠠᠨ ᠦᠶᠯᠡᠳᠦᠯᠭᠡᠵᠢᠭᠦᠯᠦᠨ ᠠᠷᠠᠳ ᠲᠦᠮᠡᠨ ᠳᠤ ᠪᠤᠶᠠᠨ ᠦᠶᠯᠡᠳᠴᠦ | ᠥᠭᠡᠷᠡᠴᠢᠯᠡᠯᠲᠡ ᠬᠥᠭᠵᠢᠯᠲᠡ ᠶᠢᠨ ᠨᠠᠩ ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠵᠤ᠂ | ᠠᠷᠢᠭᠤᠨ ᠴᠢᠬᠡᠴᠢ ᠪᠠᠷ ᠠᠯᠪᠠᠨ ᠤ ᠲᠥᠯᠥᠭᠡ ᠵᠢᠳᠬᠦᠵᠦ ᠰᠢᠨ᠎ᠡ ᠰᠤᠷᠲᠠᠯ ᠢ ᠪᠣᠶ ᠪᠣᠯᠭᠠᠵᠤ ᠠᠷᠠᠳ ᠣᠯᠠᠨ ᠤ ᠨᠠᠩ | ᠪᠣᠳᠠᠲᠠᠶ ᠶᠢ ᠡᠷᠬᠢᠮᠯᠡᠨ ᠦᠷ᠎ᠡ ᠪᠦᠲᠦᠮᠵᠢ ᠣᠯᠵᠤ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠲᠣᠭᠲᠠᠯ ᠬᠦᠴᠦᠨ ᠢ ᠤᠯᠠᠮ ᠨᠢᠭᠡ ᠠᠯᠬᠤᠮ ᠳᠠᠪᠲᠠᠨ | ᠪᠣᠯᠪᠠᠰᠤᠷᠠᠭᠤᠯᠵᠤ᠂ ᠦᠨᠡᠨᠴᠢ ᠰᠢᠳᠤᠷᠭᠤ ᠪᠠᠷ ᠨᠠᠮ ᠤᠨ ᠲᠥᠯᠥᠭᠡ ᠨᠠᠮ ᠢᠶᠠᠨ ᠬᠠᠮᠠᠭᠠᠯᠠᠬᠤ᠂ ᠪᠥᠬᠦ ᠬᠦᠴᠦᠨ ᠢᠶᠠᠷ | ᠢᠶᠠᠨ ᠨᠠᠮ ᠢᠶᠠᠨ ᠮᠠᠨᠳᠤᠭᠤᠯᠵᠤ ᠨᠠᠮ ᠢᠶᠠᠨ ᠬᠦᠴᠦᠷᠬᠡᠭᠵᠢᠭᠦᠯᠬᠦ ᠤᠯᠤᠰ ᠲᠥᠷᠥ ᠶᠢᠨ ᠬᠡᠪ ᠴᠢᠨᠠᠷ ᠢ ᠳᠠᠪᠲᠠᠨ | ᠪᠣᠯᠪᠠᠰᠤᠷᠠᠭᠤᠯᠵᠤ᠂ ᠦᠶᠯᠡᠴᠢᠯᠡᠭᠡ ᠪᠠᠲᠤᠯᠠᠭ᠎ᠠ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠪᠣᠳᠠᠲᠠᠶ ᠬᠢᠬᠦ᠂ | ᠰᠢᠨ᠎ᠡ ᠵᠠᠮ ᠢᠶᠠᠷ ᠤᠷᠤᠭᠰᠢᠯᠠᠬᠤ ᠳᠤᠮᠳᠠ ᠤᠷᠤᠰᠬᠠᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠤᠯᠤᠰ ᠲᠥᠷᠥ ᠶᠢᠨ | ᠴᠢᠳᠠᠪᠤᠷᠢ ᠶᠢ ᠳᠡᠭᠡᠭᠰᠢᠯᠡᠭᠦᠯᠪᠡ᠃ | | | | | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ | ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ | ᠤ ᠵᠣᠷᠢᠭ ᠰᠠᠨᠠᠭ᠎ᠠ ᠪᠣᠯᠤᠨ ︽ᠰᠢ ᠶᠢᠨ ᠫᠢᠩ ᠤᠨ ᠤᠰᠤ ᠶᠢ ᠵᠠᠰᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢᠨ | ᠬᠡᠰᠡᠭ ᠪᠦᠯᠦᠭ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠴᠠᠭ ᠦᠶ᠎ᠡ ᠳᠤ | ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾᠂ ᠥᠪᠡᠷᠲᠡᠭᠡᠨ | ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠠᠬᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠵᠢᠷᠭᠤᠭᠠᠨ ᠠᠬᠢᠭᠤᠯᠬᠤ ᠲᠦᠷᠢᠮ ᠢ ᠲᠥᠪᠯᠡᠷᠡᠭᠦᠯᠦᠨ | ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ | ᠶᠢᠨ ᠬᠤᠷᠢᠶᠠᠨ ᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠤᠯ ᠳᠤᠭᠤᠶᠢᠯᠠᠩ ᠤᠨ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠠᠷᠠᠳ ᠲᠦᠮᠡᠨ ᠢ ᠳᠡᠭᠡᠳᠦᠯᠡᠬᠦ ᠬᠥᠭᠵᠢᠯᠲᠡ ᠶᠢᠨ | ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠶᠤᠯᠭᠦᠢ | ᠦᠶᠯᠡᠳᠪᠦᠷᠢᠯᠡᠯ ᠤᠨ ᠠᠳᠡᠯ ᠤᠨ ᠬᠠᠷᠠᠰᠠᠯᠲᠤ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠶᠤᠯᠭᠦᠢ ᠦᠶᠯᠡᠳᠪᠦᠷᠢᠯᠡᠯ ᠢ ᠰᠤᠯᠠᠷᠠᠭᠤᠯᠤᠯ | ᠥᠬᠡᠶ ᠴᠢᠩᠭ᠎ᠠ ᠠᠳᠬᠤᠵᠤ᠂ ︽ᠳᠥᠷᠪᠡᠨ ᠪᠡᠯᠡᠳᠬᠡᠯ︾ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ | ᠨᠠᠶᠢᠳᠠᠪᠤᠷᠢᠵᠢᠭᠤᠯᠵᠤ᠂ ᠡᠨᠡ ᠡᠪᠦᠯ ᠢᠷᠡᠬᠦ ᠬᠠᠪᠤᠷ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠤᠷᠢᠳᠴᠢᠯᠠᠨ | ᠲᠥᠯᠥᠪᠵᠢᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠪᠥᠬᠦ ᠬᠦᠴᠦᠨ | ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠬᠤᠶᠠᠷ ᠲᠤ᠂ ᠪᠠᠶᠢᠳᠠᠯ ᠢ ᠠᠰᠢᠭᠯᠠᠨ ᠵᠡᠭᠦᠨ ᠬᠤᠶᠢᠲᠤ ᠣᠷᠣᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠵᠢᠷᠭᠤᠭᠠᠨ ᠠᠬᠢᠭᠤᠯᠬᠤ ᠲᠦᠷᠢᠮ ᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ | ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠠ ᠰᠢᠨ᠎ᠡ ᠵᠠᠮ ᠢᠶᠠᠷ ᠵᠠᠮᠨᠠᠵᠤ ᠳᠤᠮᠳᠠ ᠤᠷᠤᠰᠬᠠᠯ ᠳᠤ ᠣᠷᠣᠬᠤ ᠬᠠᠷᠠᠯᠲᠠ | ᠡᠭᠦᠷᠭᠡ ᠶᠢᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠵᠢᠷᠭᠤᠭᠠᠨ ᠦᠰᠦᠭᠲᠦ︾ ᠤᠰᠤ | ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢ ᠬᠡᠷᠡᠭᠵᠢᠭᠦᠯᠬᠦ ᠲᠥᠰᠦᠯ ᠪᠣᠯᠤᠨ | ᠪᠣᠳᠠᠲᠠᠢ ᠵᠦᠢᠯ ᠪᠣᠯᠭᠠᠨ ᠨᠠᠷᠢᠯᠢᠬᠵᠢᠭᠤᠯᠵᠤ᠂ ᠲᠤᠭᠤᠰᠢᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ | ᠭᠤᠷᠪᠠ ᠳᠤ᠂ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠥᠪ | ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠤᠷᠠᠳᠤᠭᠰᠠᠨ ᠬᠠᠷᠠᠯᠲᠠ ᠱᠠᠭᠠᠷᠳᠠᠯᠭ᠎ᠠ ᠪᠠ | ᠡᠯ᠎ᠡ ᠵᠦᠶᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠭᠤᠤᠯ ᠰᠡᠳᠦᠪᠲᠦ | ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ | ᠲᠥᠰᠦᠯ ᠤᠨ ᠱᠠᠭᠠᠷᠳᠠᠯᠭ᠎ᠠ ᠲᠠᠢ ᠬᠠᠷᠭᠤᠭᠤᠯᠤᠨ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠭᠠᠳᠠᠭᠠᠳᠤ ᠳᠤ ᠰᠠᠭᠤᠭ᠎ᠠ ᠡᠯ᠎ᠡ ᠨᠢᠭᠡᠴᠢ ᠶᠢᠨ ᠬᠢᠨ ᠬᠤᠶᠠᠳᠤᠭᠠᠷ | ᠪᠦᠯᠦᠭ ᠤᠨ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ︽ᠨᠠᠮ ᠤᠨ ᠠᠴᠢ ᠳᠤ ᠲᠠᠯᠠᠷᠬᠠᠵᠤ᠂ ᠨᠠᠮ | ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ | ᠶᠢ ᠨᠠᠷᠢᠨ ᠬᠢᠨᠠᠮᠠᠭᠠᠶ ᠥᠷᠨᠢᠭᠦᠯᠬᠦ ᠬᠡᠷᠡᠭᠲᠡᠶ ᠃ ᠲᠦᠷᠪᠡ ᠳᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ | ᠢ ᠳᠣᠲᠣᠭᠠᠳᠤ ᠳᠠᠭᠠᠨ ᠣᠨᠳᠣᠣᠰᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠦᠷᠭᠦᠯᠵᠢᠯᠡᠨ ᠴᠡᠭᠴᠡᠯᠡᠨ | ᠰᠠᠶᠢᠵᠢᠷᠠᠭᠤᠯᠬᠤ ᠪᠠ ᠲᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠵᠤ᠂ ᠢᠯᠠᠩᠭᠤᠶ᠎ᠠ ᠤᠰᠤᠨ | ᠠᠰᠢᠭᠯᠠᠯᠲᠠ ᠶᠢᠨ ᠠᠵᠢᠯ ᠲᠦᠷᠦᠯ ᠤᠨ ᠣᠨᠴᠠᠯᠢᠭ ᠢ ᠢᠯᠡᠷᠡᠭᠦᠯᠦᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ | ᠢ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠤᠯᠠᠨ ᠲᠦᠮᠡᠨ ᠲᠠᠢ ᠨᠢᠭᠲᠠ ᠬᠠᠷᠢᠯᠴᠠᠬᠤ᠂ ᠬᠡᠯᠪᠡᠷᠢᠴᠢ ᠦᠵᠡᠯ ᠪᠠ ᠨᠣᠶᠠᠨᠴᠢ ᠰᠤᠷᠲᠠᠯ ᠢ ᠰᠡᠷᠭᠡᠶᠢᠯᠡᠬᠦ ᠵᠡᠷᠭᠡ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠣᠯᠭᠠᠨ ᠬᠤᠪᠢᠷᠠᠭᠤᠯᠵᠤ᠂ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠪᠠ ᠦᠢᠯᠡᠴᠢᠯᠡᠭᠡᠨ ᠤ ᠲᠡᠰ ᠳᠡᠪᠰᠢᠬᠦ ᠶᠢ ᠠᠬᠢᠭᠤᠯᠵᠤ᠂ ᠤᠰᠤᠨ ᠤ ᠠᠮᠤᠷ ᠲᠦᠪᠰᠢᠨ ᠤ | ᠪᠠᠲᠤᠯᠠᠭ᠎ᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠢ᠃ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ | ᠤᠨ ᠪᠠᠶᠠᠷ ᠤᠨ ᠬᠤᠭᠤᠴᠠᠭᠠᠨ ᠳᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠠᠶᠤᠯᠭᠦᠢ ᠦᠢᠯᠡᠳᠪᠦᠷᠢᠯᠡᠯ ᠵᠡᠷᠭᠡ | ᠠᠵᠢᠯ ᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ ᠭᠡᠵᠡᠢ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ | ᠪᠦᠷᠢᠯᠳᠦᠬᠦᠨ᠂ ᠲᠢᠩᠬᠢᠮ ᠤᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ | ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ︵ᠡᠬᠡ ᠪᠢᠴᠢᠭ ᠢ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠬᠠᠩᠭᠠᠪᠠ︶ | |