9 ᠰᠠᠷ᠎ᠠ ᠶᠢᠨ 20 ᠤ ᠡᠳᠦᠷ ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ | ᠱᠤᠸᠠᠩ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠢ᠃ ᠲᠣᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠠᠴᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠡᠭᠦᠷᠭᠡ ᠶᠢᠨ ᠬᠤᠪᠢᠶᠠᠷᠢᠯᠠᠯ ᠤᠨ ᠲᠣᠭᠲᠠᠭᠠᠯ ᠢ | ᠨᠡᠶᠢᠲᠡᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠣᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠠᠪᠤᠨ ᠵᠢᠯ ᠤᠨ | ᠲᠥᠯᠦᠪᠵᠢᠭᠦᠯᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠭᠦᠨᠵᠡᠭᠡᠶᠢᠷᠡᠨ | ᠥᠷᠭᠡᠵᠢᠬᠦ᠂ ᠲᠤᠰᠠᠬᠠᠶᠢᠵᠢᠬᠤ ᠲᠠᠶᠢᠰᠢ ᠬᠦᠴᠦᠯᠡᠬᠦ᠂ ᠳᠣᠷᠣᠭᠰᠢ ᠪᠠᠨ ᠥᠷᠭᠡᠳᠬᠦ ᠶᠢ ᠲᠠᠰᠤᠷᠠᠯᠲᠠ ᠦᠭᠡᠢ | ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠡᠷᠡᠰ ᠭᠤᠶᠢᠪᠢᠰᠢ ᠦᠭᠡᠢ | ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠶᠢᠨ | ᠣᠨᠴᠠᠯᠢᠭ ᠤᠨ ᠲᠣᠭᠤᠷᠢᠨ ᠳᠤ ᠣᠨᠣᠪᠴᠢᠲᠠᠢ ᠪᠦᠲᠦᠮᠵᠢᠲᠡᠢ ᠪᠠᠷ ᠬᠢᠨᠠᠯᠲᠠ ᠲᠠᠯᠪᠢᠵᠤ᠂ ᠵᠥᠷᠢᠶ᠎ᠡ ᠶᠢ | ᠵᠠᠯᠠᠷᠠᠭᠤᠯᠵᠤ᠂ ᠲᠡᠳᠡᠨ ᠤ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠦ᠂ ᠡᠭᠦᠷᠭᠡ ᠬᠠᠷᠢᠭᠤᠴᠠᠯᠭ᠎ᠠ ᠪᠠᠨ | ᠨᠡᠩ ᠰᠠᠶᠢᠲᠤᠷ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ | ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠢᠳᠡᠪᠬᠢ ᠬᠦᠴᠦᠨ | ᠨᠡᠮᠡᠷᠢᠯᠡᠬᠦ ᠶᠢ ᠱᠠᠯᠠᠪᠳᠠᠭᠤᠯᠬᠤ ᠬᠡᠷᠡᠭᠲᠡᠢ᠃ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ | ᠪᠠᠶᠢᠭᠤᠯᠤᠯᠲᠠ ᠳᠤ ᠴᠢᠩᠭ᠎ᠠ ᠲᠦᠰᠢᠭᠯᠡᠨ ᠠᠵᠢᠯ ᠢᠶᠠᠨ ᠥᠷᠨᠢᠭᠦᠯᠵᠦ᠂ ᠨᠢᠭᠡ ᠰᠡᠳᠦᠪ ᠢ ᠬᠠᠮᠲᠤ ᠪᠠᠷ ᠬᠠᠷᠢᠭᠤᠯᠵᠤ᠂ | ᠠᠳᠠᠯᠢ ᠴᠢᠭᠯᠡᠯ ᠢᠶᠠᠷ ᠬᠦᠴᠦᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | |