ᠡᠨᠡ ᠵᠢᠯ ᠤᠨ 9 ᠳ᠋ᠦ᠋ᠭᠡᠷ ᠰᠠᠷ᠎ᠠ ᠶᠢᠨ 23 ᠤ ᠡᠳᠦᠷ ᠪᠣᠯ ᠵᠢᠷᠭᠤᠭᠠᠳᠠᠬᠢ ᠳᠤᠮᠳᠠᠳᠤ ᠤᠯᠤᠰ ᠤᠨ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠣᠯᠤᠨ᠎ᠠ᠃ 9 ᠳ᠋ᠦ᠋ᠭᠡᠷ ᠰᠠᠷ᠎ᠠ ᠶᠢᠨ 19 ᠤ ᠡᠳᠦᠷ᠂ 2023 | ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠥᠪᠥᠷ ᠮᠣᠩᠭᠤᠯ | ᠤᠨ ᠭᠤᠤᠯ ᠬᠤᠷᠠᠯ ᠤᠨ ᠲᠠᠯᠠᠪᠠᠶ ᠶᠢᠨ ᠠᠵᠢᠯᠯᠠᠭ᠎ᠠ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠲᠤ ᠶᠠᠪᠤᠭᠳᠠᠵᠤ᠂ ᠪᠥᠬᠦ ᠣᠷᠣᠨ ᠤ ᠳᠤᠮᠳᠠᠳᠤ | ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠡᠭᠦᠨ ᠠᠴᠠ ᠡᠬᠢᠯᠡᠵᠦ | ᠶᠠᠪᠤᠭᠳᠠᠪᠠ᠃ | ᠡᠨᠡ ᠨᠢ ᠥᠪᠡᠷᠲᠡᠭᠡᠨ ᠵᠠᠰᠠᠬᠤ ᠣᠷᠣᠨ ᠠᠩᠬ᠎ᠠ ᠤᠳᠠᠭ᠎ᠠ ᠡᠯᠪᠡᠭ ᠬᠤᠷᠢᠶᠠᠯᠲᠠ ᠶᠢᠨ ᠪᠠᠶᠠᠷ ᠤᠨ ᠭᠤᠣᠯ | ᠪᠣᠯᠬᠤ ᠪᠠᠶᠠᠷ ᠳᠤᠷᠠᠰᠬᠠᠯ ᠤᠨ ᠠᠵᠢᠯᠯᠠᠭ᠎ᠠ ᠶᠢ ᠭᠤᠣᠯ ᠬᠤᠳᠠ ᠲᠣᠭᠤᠷᠢᠭ ᠲᠤ ᠶᠠᠪᠤᠭᠳᠠᠭᠤᠯᠤᠭᠰᠠᠨ ᠶᠠᠪᠤᠳᠠᠯ | ᠪᠣᠯᠤᠨ᠎ᠠ᠃ ︽ᠡᠯᠪᠡᠭ ᠬᠤᠷᠢᠶᠠᠯᠲᠠ ᠶᠢ ᠪᠡᠯᠭᠡᠯᠡᠵᠦ᠂ ᠡᠶ᠎ᠡ ᠨᠠᠶᠢᠷᠠᠮᠳᠠᠭᠤ ᠶᠢ ᠠᠬᠢᠭᠤᠯᠬᠤ︾᠂ ᠪᠡᠯᠭᠡᠯᠡᠬᠦ | ᠠᠵᠢᠯᠯᠠᠭ᠎ᠠ ᠳᠤ 1 ᠭᠤᠤᠯ ᠬᠤᠷᠠᠯ ᠤᠨ ᠲᠠᠯᠠᠪᠠᠶ ᠪᠠ 1 ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠤ᠂ | ᠪᠠᠶᠠᠯᠢᠭ ᠰᠠᠶᠢᠬᠠᠨ ᠠᠵᠢᠯᠯᠠᠭ᠎ᠠ ᠡᠷᠭᠢᠯᠡᠬᠦ ᠪᠠᠷ ᠳᠠᠮᠵᠢᠭᠤᠯᠤᠨ᠂ ᠪᠥᠬᠦ ᠣᠷᠣᠨ ᠤ ︽ᠮᠠᠯ ᠠᠵᠤ ᠠᠬᠤᠶ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠥᠭᠵᠢᠯᠲᠡ ᠶᠢᠨ ᠠᠮᠵᠢᠯᠲᠠ ᠪᠦᠲᠦᠮᠵᠢ ᠪᠠ ᠰᠢᠨ᠎ᠡ | ᠴᠠᠭ ᠦᠶ᠎ᠡ ᠶᠢᠨ ᠮᠠᠯᠴᠢᠨ ᠲᠠᠷᠢᠶᠠᠴᠢᠨ ᠤ ᠴᠤᠭ ᠵᠢᠪᠬᠤᠭ᠎ᠠ ᠶᠢ ᠢᠯᠡᠷᠡᠭᠦᠯᠦᠨ᠎ᠡ᠃ | ᠠᠵᠢᠯᠯᠠᠭ᠎ᠠ ᠶᠢᠨ ᠭᠤᠣᠯ ᠬᠤᠷᠠᠯ ᠤᠨ ᠲᠠᠯᠠᠪᠠᠢ ᠳᠤ᠂ 6 ᠲᠦᠮᠡ ᠭᠠᠷᠤᠢ ᠲᠡᠭᠰᠢ ᠳᠥᠷᠪᠡᠯᠵᠢᠨ ᠮᠧᠲᠷ | ᠲᠠᠯᠠᠪᠠᠢ ᠳᠡᠭᠡᠷ᠎ᠡ 124 ᠬᠡᠪ ᠨᠠᠮᠪᠠ ᠲᠠᠢ ᠳᠡᠯᠭᠡᠨ ᠦᠵᠡᠭᠦᠯᠬᠦ ᠳᠡᠯᠭᠡᠨ ᠪᠣᠷᠣᠯᠠᠭᠤᠯᠬᠤ ᠵᠢᠴᠢ ᠠᠮᠲᠠᠲᠤ ᠢᠳᠡᠭᠡᠨ ᠢ | ᠰᠢᠯᠭᠠᠨ ᠦᠵᠡᠭᠦᠯᠬᠦ ᠳᠡᠯᠭᠡᠨ ᠦᠵᠡᠭᠦᠯᠬᠦ ᠪᠠᠶᠢᠷᠢ ᠪᠠᠶᠢᠭᠤᠯᠵᠤ᠂ ᠪᠦᠬᠦ ᠣᠷᠣᠨ ᠤ 12 ᠠᠶᠢᠮᠠᠭ ᠬᠤᠳᠠ ᠶᠢᠨ | 300 ᠭᠠᠷᠤᠢ ᠠᠵᠤ ᠠᠬᠤᠶᠢᠯᠠᠯ ᠤᠨ 1000 ᠭᠠᠷᠤᠢ ᠵᠦᠢᠯ ᠤᠨ ᠤᠨᠴᠠᠯᠢᠬᠳᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠠᠳᠡ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠵᠤ᠂ ᠮᠠᠰᠢ ᠤᠯᠠᠨ ᠬᠤᠳᠠ | ᠶᠢᠨ ᠠᠷᠠᠳ ᠤᠨ ᠬᠤᠳᠠᠯᠳᠤᠨ ᠠᠪᠬᠤ᠂ ᠠᠮᠲᠠᠯᠠᠬᠤ ᠶᠢ ᠲᠠᠲᠠᠪᠠ᠃ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ | ᠳᠡᠭᠡᠷ᠎ᠡ᠂ ᠪᠥᠬᠦ ᠣᠷᠣᠨ ᠤ ︽ᠪᠥᠬᠦ ᠤᠯᠤᠰ ᠤᠨ ᠬᠥᠳᠡᠭᠡ ᠠᠵᠤ ᠠᠬᠤᠶ ᠬᠥᠳᠡᠭᠡ ᠲᠣᠰᠬᠤᠨ ᠤ ᠬᠥᠳᠡᠯᠮᠦᠷᠢ ᠶᠢᠨ | ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠬᠦᠷᠲᠡᠭᠴᠢ ᠪᠠ ᠣᠷᠳᠣᠰ ᠬᠤᠲᠠ ᠶᠢᠨ ︽ᠬᠤᠶᠠᠳᠤᠭᠠᠷ ᠠᠵᠤ | ᠦᠶᠯᠡᠰ ᠢᠶᠠᠷ ᠨᠢᠭᠡᠳᠦᠭᠡᠷ ᠠᠵᠤ ᠦᠶᠯᠡᠰ ᠢ ᠳᠠᠶᠢᠴᠢᠯᠠᠬᠤ︾ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ | ᠠᠬᠤᠶᠢᠯᠠᠯ ᠬᠥᠬᠢᠭᠦᠯᠦᠯ ᠭᠥᠷᠳᠡᠪᠡ︔ ᠣᠷᠳᠣᠰ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠲᠠᠰ ᠤᠨ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠡᠮᠳᠡᠭ ᠢ ᠵᠢᠩᠬᠢᠨᠢ ᠪᠠᠷ ᠨᠡᠶᠢᠲᠡᠯᠡᠵᠦ — ᠳᠤᠯᠠᠭᠠᠨ ᠬᠤᠲᠠ ᠣᠯᠠᠨ ᠶᠠᠩᠵᠤ ᠶᠢᠨ ᠪᠠᠶᠢᠨ᠎ᠠ᠃ ᠳ᠋ᠦᠩᠱᠧᠩ | ᠲᠣᠭᠤᠷᠢᠭ ᠤᠨ ᠱᠧ ᠵᠢᠶᠠ ᠯᠢᠶᠠᠩ ᠲᠣᠰᠬᠤᠨ ᠤ ᠬᠤᠪᠢᠶᠠᠷᠢ ᠬᠤᠷᠠᠯ ᠤᠨ ᠲᠠᠯᠠᠪᠠᠶ᠂ ᠬᠥᠳᠡᠭᠡ ᠲᠣᠰᠬᠤᠨ ᠤ | ᠠᠮᠲᠠᠲᠤ ᠢᠳᠡᠭᠡᠨ ᠢ ᠳᠡᠯᠭᠡᠷᠡᠭᠦᠯᠬᠦ᠂ ᠬᠥᠳᠡᠭᠡ ᠲᠣᠰᠬᠤᠨ ᠤ ᠳᠤᠷ᠎ᠠ ᠰᠣᠨᠢᠷᠬᠠᠯ ᠢᠶᠠᠨ ᠠᠳᠠᠯᠢᠳᠬᠠᠬᠤ᠂ ᠬᠥᠳᠡᠭᠡ | ᠲᠣᠰᠬᠤᠨ ᠤ ᠳᠠᠭᠤᠤ ᠪᠥᠵᠢᠭ ᠵᠡᠷᠭᠡ ᠪᠡᠯᠭᠡᠯᠡᠬᠦ ᠠᠵᠢᠯᠯᠠᠭ᠎ᠠ ᠶᠢ ᠴᠤ ᠵᠡᠷᠭᠡᠪᠡᠷ ᠥᠷᠨᠢᠭᠦᠯᠵᠦ᠂ ᠭᠤᠤᠯ ᠬᠤᠷᠠᠯ ᠤᠨ | ᠲᠠᠯᠠᠪᠠᠶ + ᠬᠤᠪᠢᠶᠠᠷᠢ ᠬᠤᠷᠠᠯ ᠤᠨ ᠲᠠᠯᠠᠪᠠᠶ᠂ ᠬᠤᠲᠠ ᠲᠣᠭᠤᠷᠢᠭ + ᠬᠥᠳᠡᠭᠡ ᠲᠣᠰᠬᠤᠨ ᠴᠠᠭ ᠲᠤᠬᠠᠶ ᠳᠤᠨᠢ | ᠬᠠᠷᠢᠯᠴᠠᠨ ᠬᠥᠳᠡᠯᠦᠯᠴᠡᠵᠦ᠂ ᠡᠯᠪᠡᠭ ᠬᠤᠷᠢᠶᠠᠯᠲᠠ ᠶᠢ ᠬᠠᠮᠲᠤ ᠪᠠᠷ ᠪᠡᠯᠭᠡᠯᠡᠪᠡ᠃ | ᠲᠣᠰ ᠤᠳᠠᠭᠠᠨ ᠤ ᠡᠯᠪᠡᠭ ᠬᠤᠷᠢᠶᠠᠯᠲᠠ ᠶᠢᠨ ᠪᠠᠶᠠᠷ ᠤᠨ ᠬᠤᠭᠤᠴᠠᠭᠠᠨ ᠳᠤ ᠪᠠᠰᠠ ᠪᠥᠬᠦ ᠣᠷᠣᠨ ᠤ | ᠪᠣᠬᠢᠷᠲᠤᠯ ᠥᠬᠡᠶ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠬᠤᠳᠠᠯᠳᠤᠭᠠᠴᠢᠨ ᠤᠷᠢᠵᠤ ᠪᠠᠯᠠ ᠮᠥᠩᠭᠦ | ᠲᠠᠨᠢᠯᠴᠠᠭᠤᠯᠬᠤ ᠬᠤᠷᠠᠯ᠂ 9 ·19 ᠡᠯᠧᠺᠲᠷᠣᠨ ᠬᠤᠳᠠᠯᠳᠤᠭᠠᠨ ᠤ ᠨᠠᠶᠢᠷ᠂ ᠤᠯᠠᠭᠠᠨᠮᠥ᠋ᠴᠢᠷ ᠤᠨ ᠲᠣᠭᠯᠠᠯᠲᠠ | ᠵᠡᠷᠭᠡ ᠰᠢᠷᠢᠰ ᠠᠵᠢᠯᠯᠠᠭ᠎ᠠ ᠶᠢ ᠡᠷᠭᠢᠯᠡᠬᠦ ᠪᠣᠯᠤᠨ᠎ᠠ᠃ ᠡᠭᠦᠨ ᠤ ᠬᠠᠮᠲᠤ ᠪᠠᠰᠠ ︽ᠡᠯᠪᠡᠭ ᠬᠤᠷᠢᠶᠠᠯᠲᠠ ᠶᠢᠨ | ᠰᠢᠯᠢᠳᠡᠭ ᠪᠦᠲᠦᠭᠡᠭᠳᠡᠬᠦᠨ︾ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠭᠠᠷᠭᠠᠵᠤ᠂ | 4 ᠰᠦᠯᠵᠢᠶᠡᠨ ᠴᠤᠤᠲᠠᠨ ᠢ ᠤᠷᠢᠵᠤ ᠪᠥᠬᠦ ᠣᠷᠣᠨ ᠤ 12 ᠠᠶᠢᠮᠠᠭ ᠬᠤᠲᠠ ᠶᠢᠨ ᠤᠨᠴᠠᠯᠢᠭᠳᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠲᠤᠰᠠᠯᠠᠬᠤ ᠪᠠᠷᠠᠭ᠎ᠠ ᠳᠠᠭᠠᠭᠤᠯᠤᠨ ᠰᠢᠭᠤᠳ ᠨᠡᠪᠲᠡᠷᠡᠭᠦᠯᠭᠡ ᠬᠢᠯᠭᠡᠨ᠎ᠡ᠃ | | |