ᠵᠠᠩ ᠭᠦᠸᠧ ᠴᠢᠩ ᠪᠦᠬᠦ ᠤᠯᠤᠰ ᠤᠨ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ | ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ ᠰᠡᠷᠭᠡᠶᠢᠯᠡᠨ ᠠᠪᠤᠷᠠᠬᠤ ᠬᠡᠯᠬᠢᠶ᠎ᠡ ᠶᠢ ᠴᠢᠩᠭ᠎ᠠ ᠡᠵᠡᠮᠳᠡᠨ᠎ᠡ | ᠬᠦᠨᠳᠦ ᠣᠨᠴᠠ ᠶᠡᠭᠡ ᠲᠦᠢᠮᠡᠷ ᠤᠨ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ | ᠬᠡᠷᠡᠭᠲᠡᠶ | | ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ | ᠪᠥᠬᠦ ᠤᠯᠤᠰ ᠤᠨ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ | ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ 21 ᠤ ᠡᠳᠦᠷ ᠪᠡᠭᠡᠵᠢᠩ ᠳᠤ ᠬᠤᠷᠠᠯᠳᠤᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠶᠡᠷᠦᠩᠬᠡᠶ ᠰᠠᠶᠢᠳ ᠯᠢ ᠴᠢᠶᠠᠩ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯ | ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ | ᠨᠠᠮᠤᠷ ᠡᠪᠦᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ | ᠯᠠᠪᠳᠠᠭᠤᠨ ᠪᠠᠲᠤᠲᠠᠶ ᠨᠠᠷᠢᠯᠢᠭ ᠰᠠᠶᠢᠲᠤᠷ ᠬᠢᠵᠦ᠂ ᠬᠦᠨᠳᠦ ᠣᠨᠴᠠ ᠶᠡᠭᠡ ᠲᠦᠶᠮᠡᠷ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠵᠠᠩ ᠭᠦᠸᠧ ᠴᠢᠩ᠂ ᠡᠨᠡ ᠵᠢᠯ ᠠᠴᠠ ᠨᠠᠭᠠᠰᠢ ᠪᠦᠬᠦ ᠳᠡᠯᠡᠬᠡᠢ ᠳᠤ ᠬᠤᠪᠣᠷ ᠲᠣᠬᠢᠶᠠᠯᠳᠤᠬᠤ ᠶᠡᠭᠡ | ᠬᠠᠯᠠᠭᠤᠨ᠂ ᠣᠨᠴᠠᠭᠠᠢ ᠴᠠᠭ ᠠᠭᠤᠷ ᠵᠡᠷᠭᠡ ᠠᠰᠢᠭ ᠦᠭᠡᠢ ᠡᠯᠧᠮᠧᠨ᠋ᠲ ᠨᠡᠮᠡᠭᠳᠡᠵᠦ᠂ ᠤᠢ ᠰᠢᠭᠤᠢ ᠨᠤᠲᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠬᠦᠨᠳᠦ ᠨᠣᠴᠢᠲᠠᠢ ᠥᠷᠢᠰᠥᠯᠳᠦᠭᠡᠨ ᠳᠤ ᠲᠤᠯᠭᠠᠷᠠᠪᠠ᠃ | ᠣᠳᠣᠬᠠᠨ ᠤ ᠭᠠᠯ ᠲᠦᠶᠮᠡᠷ ᠤᠨ ᠪᠠᠶᠢᠳᠠᠯ ᠤᠨ ᠵᠢᠮ᠎ᠡ ᠶᠣᠰᠣ ᠶᠢ ᠭᠦᠨᠵᠡᠭᠡᠶ ᠲᠠᠨᠢᠵᠤ᠂ ︽ᠰᠢᠨ᠎ᠡ ᠪᠠᠶᠢᠳᠠᠯ | ᠳᠣᠤᠷᠠᠬᠢ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠶ ᠰᠠᠨᠠᠯ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠱᠠᠲᠤ ᠱᠠᠲᠤ ᠪᠠᠷ ᠪᠣᠳᠠᠲᠠᠶᠢᠵᠢᠭᠤᠯᠵᠤ᠂ ᠰᠡᠷᠭᠡᠶᠢᠯᠡᠨ ᠠᠪᠤᠷᠬᠠᠤ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ | ᠡᠵᠡᠮᠳᠡᠵᠦ᠂ ᠢᠯᠡᠭᠦᠬᠡᠨ ᠳᠠᠯᠳᠠᠭᠤᠷ ᠰᠤᠷᠪᠤᠯᠵᠢᠯᠠᠵᠤ ᠳᠠᠯᠳᠠᠭᠤᠷ ᠪᠠᠶᠢᠴᠠᠭᠠᠵᠤ᠂ ᠢᠯᠡᠭᠦᠬᠡᠨ ᠰᠡᠷᠡᠮᠵᠢ ᠶᠢᠨ ᠵᠠᠬᠢᠳᠠᠯ | ᠢᠯᠡᠭᠡᠵᠦ᠂ ᠣᠯᠠᠨ ᠲᠠᠢ ᠪᠣᠯᠵᠣᠨ ᠶᠠᠷᠢᠯᠴᠠᠵᠤ ᠱᠠᠯᠠᠪᠳᠠᠭᠤᠯᠤᠨ ᠰᠢᠶᠳᠪᠦᠷᠢᠯᠡᠵᠦ᠂ ᠰᠡᠷᠭᠡᠶᠢᠯᠡᠨ ᠡᠵᠡᠮᠳᠡᠬᠦ | ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠲᠣᠰᠬᠤᠨ ᠪᠠᠯᠭᠠᠰᠤ ᠣᠶ ᠰᠢᠭᠤᠶ ᠶᠢᠨ ᠲᠠᠯᠠᠪᠠᠶ᠂ ᠲᠦᠶᠮᠡᠷ ᠰᠡᠷᠭᠡᠶᠢᠯᠡᠬᠦ | ᠬᠤᠷᠢᠭ᠎ᠠ ᠴᠡᠭ ᠵᠡᠷᠭᠡ ᠦᠨᠳᠦᠰᠦᠨ ᠱᠠᠲᠤᠨ ᠤ ᠲᠡᠭᠦᠰᠬᠡᠯ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ | ᠵᠢᠭᠠᠨ ᠭᠠᠷᠭᠠᠪᠠ᠃ | ᠵᠠᠩ ᠭᠦᠸᠧ ᠴᠢᠩ᠂ ᠴᠢᠬᠤᠯᠠ ᠣᠷᠣᠨ ᠪᠦᠰᠡ ᠪᠠ ᠭᠠᠯ ᠲᠦᠶᠮᠡᠷ ᠤᠨ ᠲᠦᠭᠰᠢᠭᠦᠷᠢ ᠶᠡᠬᠡᠲᠡᠶ ᠴᠡᠭ ᠢ | ᠳᠣᠪᠣᠶᠢᠯᠭᠠᠨ᠂ ᠴᠠᠬᠢᠯᠭᠠᠨ ᠳᠠᠮᠵᠢᠭᠤᠯᠬᠤ ᠴᠠᠬᠢᠯᠭᠠᠨ ᠤᠲᠠᠰᠤ᠂ ᠲᠣᠰᠣ ᠬᠡᠶ ᠶᠢᠨ ᠬᠤᠭᠤᠯᠠᠶ᠂ ᠲᠠᠷᠢᠶᠠᠯᠠᠩ ᠤᠨ | ᠶᠠᠪᠤᠳᠠᠯ ᠤᠨ ᠦᠶᠯᠡᠳᠪᠦᠷᠢᠯᠡᠯ᠂ ᠭᠠᠯ ᠲᠦᠶᠮᠡᠷ ᠤᠨ ᠠᠵᠢᠯᠯᠠᠭ᠎ᠠ ᠵᠡᠷᠭᠡ ᠠᠶᠤᠯ ᠲᠦᠭᠰᠢᠭᠦᠷᠢ ᠬᠡᠮ ᠰᠣᠭᠤᠭ ᠢ | ᠴᠢᠩᠭ᠎ᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠡᠭᠡᠷ᠎ᠡ ᠭᠠᠳᠠᠨᠠᠬᠢ ᠭᠠᠯ ᠤᠨ ᠡᠬᠢ ᠰᠤᠷᠪᠤᠯᠵᠢ ᠶᠢ ᠴᠢᠩᠭ᠎ᠠ | ᠬᠠᠮᠢᠶᠠᠷᠤᠨ ᠡᠵᠡᠮᠳᠡᠵᠦ᠂ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠪᠦᠬᠦᠨ ᠢ ᠪᠦᠷᠬᠦᠭᠦᠯᠬᠦ | ᠶᠢ ᠠᠬᠢᠭᠤᠯᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ | ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠦᠵᠡᠭᠰᠡᠭᠡᠷ ᠤᠨᠲᠠᠷᠠᠭᠠᠵᠤ ᠡᠷᠲᠡᠯᠡᠵᠦ ᠤᠨᠲᠠᠷᠠᠭᠠᠵᠤ ᠪᠠᠭ᠎ᠠ | ᠳᠤᠨᠢ ᠤᠨᠲᠠᠷᠠᠭᠠᠵᠤ ᠥᠭᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ᠤᠷᠢᠳᠴᠢᠯᠠᠨ | ᠪᠡᠯᠡᠳᠬᠡᠯ ᠬᠦᠴᠦᠨ᠂ ᠡᠳ᠋ ᠪᠣᠳᠠᠰ᠂ ᠲᠤᠨᠤᠭ ᠲᠥᠬᠦᠭᠡᠷᠦᠮᠵᠢ ᠶᠢ ᠤᠷᠢᠳᠴᠢᠯᠠᠨ ᠪᠠᠶᠢᠷᠢᠯᠠᠭᠤᠯᠵᠤ᠂ ᠲᠦᠢᠮᠡᠷ | ᠭᠠᠷᠤᠮᠠᠭᠴᠠ ᠲᠦᠷᠭᠡᠨ ᠪᠥᠭᠡᠳ ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ | ᠴᠢᠬᠤᠯᠠᠲᠠᠢ ᠦᠶ᠎ᠡ ᠳᠤ ᠲᠡᠰ ᠳᠡᠪᠰᠢᠭᠦᠯᠦᠨ ᠴᠤᠤᠷᠢᠶᠠᠲᠤᠨ ᠲᠠᠭᠠᠵᠤ᠂ ᠲᠡᠰ ᠳᠡᠪᠰᠢᠭᠦᠯᠦᠨ ᠵᠢᠯᠣᠭᠤᠳᠴᠤ᠂ ᠤᠯᠠᠨ | ᠲᠦᠮᠡᠨ ᠪᠣᠯᠤᠨ ᠭᠠᠯ ᠲᠦᠢᠮᠡᠷ ᠢ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠤᠨ ᠠᠮᠤᠷ ᠲᠦᠪᠰᠢᠨ ᠢ ᠦᠨᠡᠨ ᠬᠦ | ᠪᠠᠲᠤᠯᠠᠬᠤ ᠬᠡᠷᠡᠭᠲᠡᠢ᠃ ᠪᠠᠯᠠ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠲᠦᠶᠮᠡᠷ ᠢ ᠰᠡᠷᠭᠡᠶᠢᠯᠡᠨ | ᠤᠨᠲᠠᠷᠠᠭᠠᠬᠤ ᠰᠠᠭᠤᠷᠢ ᠲᠥᠬᠦᠭᠡᠷᠦᠮᠵᠢ ᠪᠣᠯᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠶ | ᠨᠤᠲᠤᠭ ᠪᠡᠯᠴᠢᠭᠡᠷ ᠤᠨ ᠲᠦᠶᠮᠡᠷ ᠤᠨ ᠠᠶᠤᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠲᠠᠰᠤᠷᠠᠯᠲᠠ | ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | |