9 ᠳ᠋ᠦ᠋ᠭᠡᠷ ᠰᠠᠷ᠎ᠠ ᠶᠢᠨ 21 ᠤ ᠡᠳᠦᠷ᠂ ᠬᠤᠶᠠᠳᠤᠭᠠᠷ ᠬᠤᠭᠤᠴᠠᠭᠠᠨ ᠤ ᠭᠤᠤᠯ ᠮᠥᠷᠡᠨ ᠨᠠᠭᠤᠷ ᠴᠥᠭᠦᠷᠥᠮ | ᠤᠨ ᠳᠠᠷᠤᠭ᠎ᠠ ᠶᠢᠨ ᠲᠦᠷᠢᠮ ᠪᠣᠯᠤᠨ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠲᠦᠷᠦᠭᠦᠴᠦᠳ | ᠤᠨ ᠶᠠᠷᠢᠶᠠᠨ ᠤ ᠲᠠᠪᠴᠠᠩ ᠵᠢᠶᠠᠩᠰᠦ ᠶᠢᠨ ᠰᠦᠵᠧᠦ ᠳᠤ ᠠᠮᠵᠢᠯᠲᠠ ᠲᠠᠢ ᠶᠠᠪᠤᠭᠳᠠᠵᠤ᠂ ᠶᠠᠷᠢᠶᠠᠨ ᠤ ᠲᠠᠪᠴᠠᠩ ᠨᠢ | ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭᠠᠳᠬᠠᠵᠤ᠂ ᠲᠤᠩᠭᠠᠯᠠᠭ ᠰᠠᠶᠢᠬᠠᠨ | ᠭᠤᠤᠯ ᠮᠥᠷᠡᠨ ᠨᠠᠭᠤᠷ ᠴᠥᠭᠦᠷᠥᠮ ᠢ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠵᠤ᠂ ᠭᠤᠤᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠭᠠᠰᠢᠬᠢ ᠰᠠᠶᠢᠨ | ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠲᠦᠷᠢᠮ ᠢ ᠴᠢᠩᠭᠠᠳᠬᠠᠬᠤ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ | ᠴᠢᠩᠭᠠᠳᠬᠠᠬᠤ᠂ ᠲᠤᠩᠭᠠᠯᠠᠭ ᠰᠠᠶᠢᠬᠠᠨ ᠭᠤᠤᠯ ᠮᠥᠷᠡᠨ ᠨᠠᠭᠤᠷ ᠴᠥᠭᠦᠷᠥᠮ ᠢ ᠪᠥᠲᠥᠭᠡᠨ ᠪᠠᠶᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠪᠣᠯᠤᠨ ᠮᠡᠷᠭᠡᠵᠢᠯ ᠤᠨ ᠠᠷᠭ᠎ᠠ ᠪᠠᠷᠢᠯ ᠢ ᠭᠦᠨᠵᠡᠭᠡᠶ ᠰᠤᠳᠤᠯᠤᠨ ᠶᠠᠷᠢᠯᠴᠠᠵᠤ᠂ ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ︽ᠨᠡᠷ᠎ᠡ ᠲᠠᠢ ᠬᠠᠷᠢᠭᠤᠴᠠᠯᠭ᠎ᠠ ᠲᠠᠢ︾ ᠪᠠᠶᠢᠭᠰᠠᠨ | ᠠᠴᠠ ᠪᠠᠨ ︽ᠴᠢᠳᠠᠪᠤᠷᠢᠲᠠᠢ ᠪᠦᠲᠦᠮᠵᠢᠲᠡᠶ︾ ᠪᠣᠯᠬᠤ ᠶᠢ ᠤᠯᠠᠮ ᠨᠢᠭᠡ ᠠᠯᠬᠤᠮ ᠠᠬᠢᠭᠤᠯᠬᠤ ᠪᠠᠷ ᠵᠣᠷᠢᠯᠭ᠎ᠠ | ᠪᠣᠯᠭᠠᠭᠰᠠᠨ ᠶᠤᠮ᠃ ᠶᠠᠷᠢᠯᠴᠠᠭᠠᠨ ᠤ ᠲᠠᠪᠴᠠᠩ ᠢ ᠤᠰᠤᠨ ᠠᠰᠢᠭᠯᠠᠯᠲᠠ ᠶᠢᠨ ᠶᠠᠮᠤᠨ ᠤ ᠭᠤᠤᠯ ᠮᠥᠷᠡᠨ ᠤ | ᠳᠠᠷᠤᠭ᠎ᠠ ᠶᠢᠨ ᠠᠯᠪᠠᠨ ᠬᠡᠷ ᠠᠴᠠ ᠵᠢᠯᠣᠭᠤᠳᠴᠤ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠨᠡᠶᠢᠭᠡᠮᠯᠢᠭ | ᠠᠴᠠ ᠭᠤᠤᠯᠯᠠᠨ ᠡᠷᠭᠢᠯᠡᠵᠦ᠂ ᠵᠢᠶᠠᠩᠰᠦ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ᠂ ᠰᠦᠵᠧᠦ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠭᠤᠤᠯ ᠮᠥᠷᠡᠨ ᠲᠡᠯᠡᠶ ᠶᠢᠨ ᠶᠡᠭᠡ ᠰᠤᠷᠭᠠᠭᠤᠯᠢ᠂ ᠤᠰᠤᠨ ᠠᠰᠢᠭᠯᠠᠯᠲᠠ ᠶᠢᠨ | ᠶᠠᠮᠤᠨ ᠤ ᠬᠠᠮᠢᠶ᠎ᠠ ᠪᠥᠬᠦᠶ ᠨᠢᠭᠡᠴᠢ ᠵᠡᠷᠭᠡ ᠬᠠᠮᠲᠤᠪᠠᠷ ᠳᠠᠭᠠᠭᠠᠴᠢᠯᠠᠨ ᠡᠷᠭᠢᠯᠡᠪᠡ᠃ ᠤᠰᠤᠨ ᠠᠰᠢᠭᠯᠠᠯᠲᠠ ᠶᠢᠨ | ᠶᠠᠮᠤᠨ ᠤ ᠳᠡᠳ᠋ ᠰᠠᠶᠢᠳ ᠵᠦ ᠴᠧᠩ ᠴᠢᠩ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠨᠡᠶᠢᠭᠡᠮᠯᠢᠭ ᠤᠨ | ᠬᠡᠷᠡᠭ ᠡᠷᠬᠢᠯᠡᠭᠴᠢᠳ ᠤᠨ ᠳᠠᠷᠤᠭ᠎ᠠ ᠵᠧᠦ ᠰᠢᠤᠸᠠᠢ ᠸᠧᠨ ᠶᠠᠷᠢᠶᠠᠨ ᠤ ᠲᠠᠪᠴᠠᠩ ᠳᠤ ᠣᠷᠣᠯᠴᠠᠭᠰᠠᠨ ᠪᠥᠭᠡᠳ ᠪᠠᠶᠠᠷ | ᠤᠨ ᠦᠭᠡ ᠬᠡᠯᠡᠵᠡᠢ᠃ | ᠵᠦ ᠴᠧᠩ ᠴᠢᠩ ᠪᠠᠶᠠᠷ ᠤᠨ ᠦᠭᠡ ᠳᠡᠭᠡᠨ᠂ ᠶᠡᠷᠦᠩᠬᠡᠢ ᠱᠦᠵᠢ ᠰᠢ ᠶᠢᠨ ᠫᠢᠩ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ | ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠪᠠ᠃ ᠣᠶᠢᠷ᠎ᠠ ᠶᠢᠨ ᠵᠢᠯ ᠤᠨ ᠲᠤᠷᠰᠢ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠤᠰᠤᠨ | ᠠᠰᠢᠭᠯᠠᠯᠲᠠ ᠶᠢᠨ ᠶᠠᠮᠤᠨ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠦᠨᠡᠨ ᠬᠦ | ᠠᠳᠬᠤᠨ ᠪᠣᠳᠠᠲᠠᠶ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠪᠠ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ | ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠲᠦᠷᠢᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ᠂ ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ ᠦᠷᠭᠦᠯᠵᠢᠯᠡᠨ | ᠰᠠᠶᠢᠵᠢᠷᠠᠭᠤᠯᠤᠨ᠂ ᠤᠰᠤᠨ ᠤ ᠠᠮᠢ ᠠᠬᠤᠶ ᠶᠢᠨ ᠣᠷᠴᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ | ᠨᠡᠶᠢᠭᠡᠮ ᠤᠨ ᠣᠷᠣᠯᠴᠠᠬᠤ ᠤᠬᠠᠮᠰᠠᠷ ᠢ ᠢᠯᠡᠳᠲᠡ ᠴᠢᠩᠭᠠᠷᠠᠭᠤᠯᠪᠠ᠃ ᠲᠡᠷᠡ᠂ ᠬᠤᠶᠢᠰᠢᠳᠠ ᠶᠢᠨ ᠨᠢᠭᠡ | ᠬᠤᠭᠤᠴᠠᠭᠠᠨ ᠳᠤ᠂ ᠮᠠᠨᠤᠰ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ | ᠬᠡᠷᠡᠭᠲᠡᠶ᠂ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ | ᠬᠡᠷᠡᠭᠲᠡᠶ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠤᠨ ᠦᠵᠡᠯ ᠰᠠᠨᠠᠭ᠎ᠠ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠰᠤ ᠵᠠᠰᠠᠬᠤ ᠲᠤᠬᠠᠶ | ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠭᠤᠤᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠲᠠᠢ ᠬᠠᠷᠭᠤᠭᠤᠯᠤᠨ ᠪᠠᠷᠢᠮᠵᠢᠶᠠᠯᠠᠵᠤ᠂ ᠳᠦᠷᠢᠮ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠤᠨ ᠡᠯ᠎ᠡ ᠵᠦᠶᠯ ᠤᠨ ᠠᠵᠢᠯ ᠤᠨ ᠡᠭᠦᠷᠭᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠠᠮᠤᠷ ᠲᠦᠪᠰᠢᠨ ᠭᠤᠣᠯ ᠮᠥᠷᠡᠨ ᠨᠠᠭᠤᠷ ᠴᠥᠭᠦᠷᠥᠮ᠂ | ᠴᠡᠪᠡᠷ ᠴᠡᠩᠬᠡᠭ ᠭᠤᠣᠯ ᠨᠠᠭᠤᠷ᠂ ᠦᠵᠡᠰᠬᠦᠯᠡᠩᠲᠦ ᠰᠠᠶᠢᠬᠠᠨ ᠭᠤᠣᠯ ᠨᠠᠭᠤᠷ᠂ ᠲᠤᠩᠭᠠᠯᠠᠭ ᠰᠠᠶᠢᠬᠠᠨ ᠭᠤᠣᠯ | ᠨᠠᠭᠤᠷ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠧᠦ ᠰᠢᠤᠸᠠᠢ ᠸᠧᠨ ᠪᠠᠶᠠᠷ ᠤᠨ ᠦᠭᠡ ᠳᠡᠭᠡᠨ᠂ 2021 ᠣᠨ ᠳᠤ᠂ ᠳᠤᠮᠳᠠᠳᠤ ᠤᠯᠤᠰ ᠤᠨ ᠤᠰᠤᠨ | ᠠᠰᠢᠭᠯᠠᠯᠲᠠ ᠶᠢᠨ ᠨᠡᠶᠢᠭᠡᠮᠯᠢᠭ ᠭᠤᠣᠯᠯᠠᠨ ᠡᠷᠬᠢᠯᠡᠬᠦ ᠨᠢᠭᠡᠴᠢ ᠪᠣᠯᠤᠭᠰᠠᠨ ᠤ ᠬᠤᠪᠢ ᠳᠤ᠂ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠪᠣᠯᠤᠨ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ | ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠭᠦᠰᠭᠡᠨ ᠪᠠᠶᠢᠭᠤᠯᠤᠭᠰᠠᠨ ᠪᠥᠭᠡᠳ ᠬᠤᠨᠠᠨ ᠤ ᠴᠠᠩᠱᠠ ᠳᠤ | ᠠᠩᠬᠠᠳᠤᠭᠠᠷ ᠬᠤᠭᠤᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠬᠢᠯᠡᠪᠡ᠃ | ᠶᠠᠷᠢᠶᠠᠨ ᠤ ᠲᠠᠪᠴᠠᠩ ᠨᠢ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠦᠭᠰᠡᠨ ᠠᠴᠠ ᠨᠠᠭᠠᠰᠢᠬᠢ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ | ᠲᠤᠷᠰᠢᠯᠭ᠎ᠠ ᠶᠢ ᠰᠣᠯᠢᠯᠴᠠᠬᠤ ᠪᠠ ᠳᠡᠯᠭᠡᠨ ᠦᠵᠡᠭᠦᠯᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ | ᠠᠬᠢᠭᠤᠯᠬᠤ ᠶᠢᠨ ᠲᠥᠯᠥᠭᠡ ᠶᠤᠮ᠃ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠢᠨᠵᠢᠯᠡᠭᠡᠨ ᠤ | ᠨᠡᠶᠢᠭᠡᠮᠯᠢᠭ ᠨᠢ ᠨᠠᠮ ᠪᠣᠯᠤᠨ ᠵᠠᠰᠠᠭ ᠤᠨ ᠣᠷᠳᠣᠨ ᠤ ᠥᠷᠭᠡᠨ ᠣᠯᠠᠨ ᠤᠰᠤᠨ ᠠᠰᠢᠭᠯᠠᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠲᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠣᠯᠤᠭᠰᠠᠨ ᠤ ᠬᠤᠪᠢ ᠳᠤ᠂ ᠡᠷᠳᠡᠮ | ᠰᠢᠨᠵᠢᠯᠡᠭᠡᠨ ᠤ ᠴᠢᠨᠠᠷᠲᠠᠶ ᠦᠶᠯᠡᠴᠢᠯᠡᠭᠡᠨ ᠤ ᠲᠠᠪᠴᠠᠩ ᠤᠨ ᠦᠶᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯᠳᠠᠯᠭ᠎ᠠ ᠲᠠᠢ ᠬᠡᠷᠡᠭᠴᠡᠭᠡ | ᠲᠠᠢ ᠭᠦᠶᠴᠡᠳ ᠤᠶᠠᠯᠳᠤᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠪᠣᠯᠤᠨ | ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ | ᠮᠡᠷᠭᠡᠵᠢᠯ᠂ ᠲᠤᠷᠰᠢᠯᠭ᠎ᠠ ᠶᠢᠨ ᠰᠣᠯᠢᠯᠴᠠᠭ᠎ᠠ ᠪᠠ ᠳᠡᠯᠭᠡᠷᠡᠭᠦᠯᠦᠯᠲᠡ ᠳᠤ ᠢᠳᠡᠪᠬᠢᠲᠡᠶ ᠦᠶᠯᠡᠴᠢᠯᠡᠵᠦ᠂ ᠰᠢᠨ᠎ᠡ ᠱᠠᠲᠤ | ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃ | ᠸᠠᠩ ᠬᠤᠤ᠂ ᠵᠠᠩ ᠵᠢᠶᠠᠨ ᠶᠦᠨ᠂ ᠸᠠᠩ ᠴᠤᠤ ᠭᠤᠷᠪᠠᠨ ᠠᠺᠠᠳᠧᠮᠢᠴᠢ ᠲᠣᠰ ᠲᠣᠰ ᠣᠨᠴᠠ ᠤᠷᠢᠭᠰᠠᠨ | ᠮᠡᠳᠡᠭᠦᠯᠦᠯᠲᠡ ᠬᠢᠪᠠ᠃ ᠲᠦᠷᠦᠭᠦᠴᠦᠳ ᠤᠨ ᠶᠠᠷᠢᠶᠠᠨ ᠤ ᠲᠠᠪᠴᠠᠩ ᠳᠤ ︽ᠭᠤᠤᠯ ᠮᠥᠷᠡᠨ ᠨᠠᠭᠤᠷ ᠴᠥᠭᠦᠷᠥᠮ | ᠤᠨ ᠳᠠᠷᠤᠭ᠎ᠠ ᠶᠢᠨ ᠲᠦᠷᠢᠮ ᠬᠢᠭᠡᠳ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ | ᠲᠥᠷᠥ ᠶᠢᠨ ᠪᠣᠳᠣᠯᠭ᠎ᠠ︾᠂ ︽ᠭᠤᠤᠯ ᠮᠥᠷᠡᠨ ᠨᠠᠭᠤᠷ ᠴᠥᠭᠦᠷᠥᠮ ᠤᠨ ᠵᠠᠰᠠᠯᠲᠠ ᠬᠠᠮᠢᠶᠠᠷᠤᠯᠲᠠ ᠬᠠᠮᠠᠭᠠᠯᠠᠯᠲᠠ | ᠶᠢᠨ ᠮᠡᠷᠭᠡᠵᠢᠯ︾᠂ ︽ᠲᠤᠩᠭᠠᠯᠠᠭ ᠰᠠᠶᠢᠬᠠᠨ ᠭᠤᠤᠯ ᠮᠥᠷᠡᠨ ᠨᠠᠭᠤᠷ ᠴᠥᠭᠦᠷᠥᠮ ᠤᠨ ᠪᠥᠲᠥᠭᠡᠨ ᠪᠠᠶᠢᠭᠤᠯᠤᠯᠲᠠ | ᠶᠢᠨ ᠦᠶᠯᠡᠳᠦᠯᠭᠡ︾ ᠭᠡᠬᠦ ᠭᠤᠷᠪᠠᠨ ᠬᠤᠪᠢᠶᠠᠷᠢ ᠶᠠᠷᠢᠶᠠᠨ ᠤ ᠲᠠᠪᠴᠠᠩ ᠢ ᠲᠣᠬᠢᠷᠠᠭᠤᠯᠵᠤ᠂ ᠬᠤᠯᠪᠣᠭᠳᠠᠯ ᠪᠥᠬᠦᠶ | ᠬᠤᠲᠠ ᠶᠢᠨ ᠱᠠᠲᠤ ᠪᠠ ᠰᠢᠶᠠᠨ ᠤ ᠱᠠᠲᠤᠨ ᠤ ᠶᠡᠷᠦᠩᠬᠡᠶ ᠭᠤᠤᠯ ᠤᠨ ᠳᠠᠷᠤᠭ᠎ᠠ᠂ ᠬᠠᠮᠢᠶ᠎ᠠ ᠪᠥᠬᠦᠶ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ | ᠡᠷᠳᠡᠮᠲᠡᠨ᠂ ᠬᠤᠯᠪᠣᠭᠳᠠᠯ ᠪᠥᠬᠦᠶ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠠᠵᠤ ᠠᠬᠤᠶᠢᠯᠠᠯ ᠤᠨ | ᠲᠥᠯᠥᠭᠡᠯᠡᠭᠴᠢ ᠵᠡᠷᠭᠡ ᠶᠢ ᠤᠷᠢᠵᠤ᠂ ᠲᠤᠰᠬᠠᠶ ᠰᠡᠳᠦᠪᠲᠦ ᠮᠡᠳᠡᠭᠦᠯᠦᠯᠲᠡ ᠬᠢᠯᠭᠡᠬᠦ ᠶᠢᠨ ᠬᠠᠮᠲᠤ ᠰᠠᠨᠠᠯ ᠢᠶᠠᠨ | ᠰᠣᠯᠢᠯᠴᠠᠵᠤ ᠰᠤᠳᠤᠯᠤᠨ ᠶᠠᠷᠢᠯᠴᠠᠪᠠ᠃ | ᠤᠰᠤᠨ ᠠᠰᠢᠭᠯᠠᠯᠲᠠ ᠶᠢᠨ ᠶᠠᠮᠤᠨ ᠤ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ᠂ ᠬᠡᠰᠡᠭ ᠪᠠᠶᠢᠭᠤᠯᠭ᠎ᠠ | ᠶᠢᠨ ᠵᠤᠷᠭᠠᠨ ᠲᠣᠪᠴᠢᠶ᠎ᠠ ᠪᠣᠯᠤᠨ ᠰᠢᠭᠤᠳ ᠬᠠᠷᠢᠶ᠎ᠠ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ | ᠬᠡᠰᠡᠭ ᠮᠤᠵᠢ᠂ ᠬᠤᠲᠠ᠂ ᠰᠢᠶᠠᠨ ᠤ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠵᠢᠴᠢ ᠬᠤᠲᠠ᠂ ᠰᠢᠶᠠᠨ ᠤ | ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠥᠯᠥᠭᠡᠯᠡᠭᠴᠢ᠂ ᠬᠤᠯᠪᠣᠭᠳᠠᠯ ᠪᠦᠬᠦᠢ ᠶᠡᠭᠡ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠣᠯᠤᠨ ᠠᠵᠤ ᠠᠬᠤᠶᠢᠯᠠᠯ | ᠤᠨ ᠲᠥᠯᠥᠭᠡᠯᠡᠭᠴᠢ ᠨᠡᠷ ᠶᠠᠷᠢᠶᠠᠨ ᠤ ᠲᠠᠪᠴᠠᠩ ᠳᠤ ᠣᠷᠣᠯᠴᠠᠪᠠ᠃ | |