9 ᠰᠠᠷ᠎ᠠ ᠶᠢᠨ 18 ᠠᠴᠠ 20 ᠤ ᠡᠳᠦᠷ ᠪᠣᠯᠲᠠᠯ᠎ᠠ᠂ ᠰᠦᠨ ᠱᠣᠤ ᠴᠧᠩ ᠬᠢᠩᠭᠠᠨ ᠠᠶᠢᠮᠠᠭ ᠲᠤ | ᠪᠠᠶᠢᠴᠠᠭᠠᠨ ᠰᠣᠳᠣᠯᠣᠯᠲᠠ ᠬᠢᠬᠦ ᠬᠤᠭᠤᠴᠠᠭᠠᠨ ᠳᠠᠭᠠᠨ ᠵᠠᠬᠢᠳᠠᠯ ᠰᠣᠷᠪᠣᠯᠵᠢᠯᠠᠯ ᠢ ᠣᠷᠣᠯᠠᠨ ᠭᠦᠢᠴᠡᠳᠬᠡᠭᠰᠡᠨ | ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠵᠠᠬᠢᠳᠠᠯ ᠰᠣᠷᠪᠣᠯᠵᠢᠯᠠᠯ ᠤᠨ ᠬᠡᠷᠡᠭ ᠢ ᠳᠠᠭᠠᠭᠠᠴᠢᠯᠠᠨ | ᠰᠢᠢᠳᠪᠦᠷᠢᠯᠡᠬᠦ ᠶᠢ ᠠᠬᠢᠭᠤᠯᠤᠭᠰᠠᠨ ᠪᠥᠭᠡᠳ ᠬᠡᠷᠡᠭ ᠢ ᠨᠢ ᠳᠠᠭᠠᠭᠠᠴᠢᠯᠠᠨ ᠰᠢᠢᠳᠪᠦᠷᠢᠯᠡᠭᠰᠡᠨ ᠵᠠᠬᠢᠳᠠᠯ ᠰᠣᠷᠪᠣᠯᠵᠢᠯᠠᠯ | ᠬᠢᠭᠰᠡᠳ ᠢ ᠬᠠᠷᠢᠭᠤ ᠰᠣᠷᠪᠣᠯᠵᠢᠯᠠᠪᠠ᠃ | | | | | | ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠵᠠᠬᠢᠳᠠᠯ ᠰᠣᠷᠪᠤᠯᠵᠢᠯᠠᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠲᠦᠮᠡᠨ ᠤ ᠬᠦᠰᠡᠯ | ᠭᠤᠶᠤᠴᠢᠯᠠᠯ ᠢᠶᠠᠨ ᠲᠤᠰᠬᠠᠬᠤ ᠳᠤ ᠳᠦᠭᠦᠮ ᠦᠵᠡᠭᠦᠯᠵᠦ᠂ ᠵᠦᠷᠢᠴᠡᠯ ᠵᠠᠭᠤᠷᠠᠯᠳᠤᠭᠠᠨ ᠢ ᠦᠨᠳᠦᠰᠦᠨ ᠱᠠᠲᠤᠨ ᠳᠤ | ᠰᠢᠢᠳᠪᠦᠷᠢᠯᠡᠬᠦ ᠶᠢ ᠠᠬᠢᠭᠤᠯᠬᠤ ᠨᠢᠭᠡ ᠵᠦᠢᠯ ᠤᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠣᠯᠣᠨ᠎ᠠ᠃ ᠬᠢᠩᠭᠠᠨ | ᠠᠶᠢᠮᠠᠭ ᠪᠣᠯ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠤᠨ ᠪᠦᠬᠦ ᠣᠷᠣᠨ ᠪᠦᠰᠡ ᠶᠢᠨ | ᠲᠤᠷᠰᠢᠯᠲᠠ ᠶᠢᠨ ᠴᠡᠭ ᠤᠨ ᠭᠠᠵᠠᠷ ᠣᠷᠣᠨ ᠪᠣᠯᠣᠨ᠎ᠠ᠂ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠦᠭᠰᠡᠨ ᠠᠴᠠ ᠨᠠᠭᠠᠰᠢ ᠠᠵᠢᠯ ᠤᠨ ᠦᠷ᠎ᠡ ᠪᠦᠲᠦᠮᠵᠢ ᠬᠢᠷᠢ ᠵᠡᠷᠭᠡ ᠪᠠᠶᠢᠬᠤ ᠶᠢ ᠰᠦᠨ ᠱᠣᠤ ᠴᠧᠩ ᠮᠠᠰᠢ | ᠠᠩᠬᠠᠷᠴᠤ ᠪᠠᠶᠢᠯ᠎ᠠ᠃ ᠲᠡᠷᠡ ᠲᠣᠬᠠᠢ ᠶᠢᠨ ᠭᠠᠵᠠᠷ ᠤᠨ ᠺᠠᠳ᠋ᠷ ᠠᠴᠠ ᠣᠷᠣᠯᠠᠨ ᠭᠦᠢᠴᠡᠳᠬᠡᠬᠦ ᠲᠦᠷᠢᠮ ᠤᠨ ᠪᠣᠲᠠᠲᠠᠢ | ᠶᠠᠪᠤᠴᠠ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠨᠠᠷᠢᠨ ᠣᠶᠢᠯᠠᠭᠠᠵᠤ᠂ ᠬᠦᠯᠢᠶᠡᠨ ᠠᠪᠴᠤ | ᠰᠢᠢᠳᠪᠦᠷᠢᠯᠡᠬᠦ ᠠᠴᠠ ᠭᠦᠢᠴᠡᠳᠬᠡᠬᠦ ᠪᠤᠶᠤ ᠰᠢᠯᠵᠢᠭᠦᠯᠦᠨ ᠰᠢᠢᠳᠪᠦᠷᠢᠯᠡᠭᠦᠯᠬᠦ ᠬᠦᠷᠲᠡᠯ᠎ᠡ᠂ ᠳᠠᠬᠢᠭᠠᠳ ᠮᠦᠷᠳᠡᠨ | ᠳᠠᠭᠠᠬᠤ ᠪᠠ ᠬᠠᠷᠢᠭᠤ ᠲᠤᠰᠬᠠᠬᠤ ᠬᠦᠷᠲᠡᠯᠡᠬᠢ ᠭᠤᠭᠴᠤᠭ᠎ᠠ ᠪᠦᠷᠢ ᠶᠢ ᠴᠥᠮ ᠮᠠᠰᠢ ᠨᠠᠷᠢᠨ ᠨᠢᠭᠲᠠ ᠠᠰᠠᠭᠤᠵᠠᠢ᠃ | | | | | | ᠰᠦᠨ ᠱᠣᠤ ᠴᠧᠩ᠂ ᠵᠠᠬᠢᠳᠠᠯ ᠰᠣᠷᠪᠤᠯᠵᠢᠯᠠᠯ ᠤᠨ ᠠᠵᠢᠯ ᠪᠣᠯ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢ ᠲᠤᠰᠬᠠᠬᠤ ︽ᠬᠤᠪᠢᠷᠠᠯᠲᠠ ᠶᠢᠨ ᠰᠢᠯᠭᠠᠭᠤᠷ︾ ᠮᠥᠨ᠃ ᠵᠠᠬᠢᠳᠠᠯ ᠰᠣᠷᠪᠤᠯᠵᠢᠯᠠᠯ ᠢ ᠣᠷᠣᠯᠠᠨ | ᠭᠦᠢᠴᠡᠳᠬᠡᠬᠦ ᠳᠦᠷᠢᠮ ᠢ ᠬᠡᠷᠡᠭᠵᠢᠭᠦᠯᠬᠦ ᠳᠤ ᠣᠯᠠᠨ ᠲᠦᠮᠡᠨ ᠢ ᠤᠴᠢᠷ ᠶᠠᠪᠤᠳᠠᠯ ᠪᠠᠶᠢᠳᠠᠯ ᠤᠨ ᠲᠥᠯᠥᠭᠡ | ᠳᠦᠭᠦᠮᠬᠡᠨ ᠢᠶᠠᠷ ᠵᠠᠷᠤᠭᠳᠠᠬᠤ ᠪᠢᠰᠢ᠂ ᠬᠠᠷᠢᠨ ᠣᠯᠠᠨ ᠲᠦᠮᠡᠨ ᠢ ᠦᠨᠡᠨ ᠪᠣᠲᠠᠲᠠᠢ ᠪᠠᠷ ᠬᠠᠪᠰᠤᠷᠤᠨ ᠠᠰᠠᠭᠤᠳᠠᠯ ᠢ | ᠨᠢ ᠰᠢᠢᠳᠪᠦᠷᠢᠯᠡᠵᠦ ᠥᠭᠬᠦ ᠶᠢᠨ ᠬᠠᠮᠲᠤ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠢᠶᠠᠨ ᠴᠠᠭ ᠲᠤᠬᠠᠢ ᠳᠤᠨᠢ | ᠲᠡᠳᠡᠨ ᠳᠤ ᠬᠠᠷᠢᠭᠤ ᠲᠤᠰᠬᠠᠬᠤ ᠬᠡᠷᠡᠭᠲᠡᠢ᠂ ᠳᠡᠭᠡᠷ᠎ᠡ ᠱᠠᠲᠤᠨ ᠳᠠᠭᠠᠨ ᠮᠠᠶ᠋ᠢᠭ ᠭᠠᠷᠭᠠᠨ ᠳᠦᠷᠢ ᠦᠵᠡᠭᠦᠯᠵᠦ | ᠶᠠᠭᠠᠬᠢᠭᠰᠠᠨ ᠴᠤ ᠪᠣᠯᠬᠤ ᠦᠭᠡᠢ᠂ ᠨᠡᠩ ᠴᠦ ᠦᠩᠭᠡᠪᠴᠢ ᠠᠵᠢᠯ ᠬᠢᠵᠦ ᠣᠯᠠᠨ ᠲᠦᠮᠡᠨ ᠢ ᠬᠠᠭᠤᠷᠴᠤ ᠪᠣᠯᠬᠤ | ᠦᠭᠡᠢ᠃ ᠣᠷᠣᠯᠠᠨ ᠭᠦᠢᠴᠡᠳᠬᠡᠬᠦ ᠳᠦᠷᠢᠮ ᠳᠤ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠂ ᠠᠩᠬ᠎ᠠ | ᠬᠦᠯᠢᠶᠡᠵᠦ ᠠᠪᠤᠭᠰᠠᠨ ᠬᠦᠮᠦᠨ ᠬᠠᠷᠢᠭᠤᠴᠠᠨ ᠰᠢᠢᠳᠪᠦᠷᠢᠯᠡᠬᠦ᠂ ᠤᠴᠢᠷ ᠶᠠᠪᠤᠳᠠᠯ ᠢ ᠣᠷᠣᠯᠠᠨ ᠰᠢᠢᠳᠪᠦᠷᠢᠯᠡᠬᠦ᠂ | ᠬᠡᠷᠡᠭ ᠢ ᠰᠢᠢᠳᠪᠦᠷᠢᠯᠡᠵᠦ ᠳᠠᠭᠤᠰᠬᠠᠬᠤ ᠵᠡᠷᠭᠡ ᠭᠤᠷᠪᠠᠨ ᠵᠦᠢᠯ ᠤᠨ ᠠᠯᠢ ᠨᠢ ᠴᠤ ᠳᠤᠲᠠᠭᠳᠠᠵᠤ ᠪᠣᠯᠬᠤ ᠦᠭᠡᠢ | ᠶᠤᠮ᠃ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠵᠦ᠂ ᠶᠣᠰᠣ | ᠳᠦᠷᠢᠮ ᠢ ᠰᠠᠶᠢᠲᠤᠷ ᠳᠣᠭᠲᠠᠭᠠᠵᠤ᠂ ︽ᠬᠡᠨ ᠣᠷᠣᠯᠠᠬᠤ᠂ ᠬᠡᠨ ᠭᠦᠢᠴᠡᠳᠬᠡᠬᠦ᠂ ᠶᠠᠭᠤ ᠶᠢ ᠣᠷᠣᠯᠠᠬᠤ᠂ ᠶᠠᠭᠠᠬᠢᠵᠤ | ᠣᠷᠣᠯᠠᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠷᠣᠯᠠᠨ ᠭᠦᠢᠴᠡᠳᠬᠡᠬᠦ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠵᠦ᠂ ᠬᠤᠰᠢᠭᠤ ᠰᠢᠶᠠᠨ ᠠᠴᠠ ᠠᠶᠢᠮᠠᠭ ᠬᠤᠲᠠ ᠬᠦᠷᠬᠦ ᠂ ᠠᠢᠮᠠᠭ ᠬᠤᠲᠠ ᠠᠴᠠ | ᠥᠪᠡᠷᠲᠡᠭᠡᠨ ᠵᠠᠰᠠᠬᠤ ᠣᠷᠣᠨ ᠬᠦᠷᠲᠡᠯᠡᠬᠢ ᠣᠷᠣᠯᠠᠨ ᠭᠦᠢᠴᠡᠳᠬᠡᠬᠦ ᠠᠷᠭ᠎ᠠ ᠵᠠᠮ ᠢ ᠲᠤᠶᠢᠯᠪᠤᠷᠢᠲᠠᠢ ᠨᠡᠪᠲᠡᠷᠡᠭᠦᠯᠵᠦ᠂ | ᠡᠮᠦᠨ᠎ᠡ ᠬᠤᠶᠢᠨᠠᠬᠢ ᠶᠢ ᠵᠣᠯᠭᠠᠯᠳᠤᠭᠤᠯᠬᠤ᠂ ᠳᠡᠭᠡᠷ᠎ᠡ ᠳᠣᠣᠷ᠎ᠠ ᠶᠢ ᠨᠡᠪᠲᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠣᠲᠠᠲᠠᠢ ᠶᠢ ᠨᠢᠭᠲᠠ ᠤᠶᠠᠯᠳᠤᠭᠤᠯᠤᠨ ᠰᠦᠪᠡᠭᠴᠢᠯᠡᠨ | ᠦᠢᠯᠡᠳᠦᠯᠭᠡᠵᠢᠭᠦᠯᠵᠦ᠂ ᠰᠠᠶᠢᠨ ᠲᠤᠷᠰᠢᠯᠭ᠎ᠠ ᠲᠠᠢ ᠪᠣᠯᠪᠠᠯ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ᠃ | | | | | | ᠰᠦᠨ ᠱᠣᠤ ᠴᠧᠩ ᠤᠯᠠᠭᠠᠨᠬᠤᠲᠠ ᠶᠢᠨ ᠱᠧᠩ ᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ | ᠭᠦᠨᠵᠡᠭᠡᠶᠢᠷᠡᠵᠦ᠂ ᠬᠡᠷᠡᠭ ᠢ ᠨᠢ ᠳᠠᠭᠠᠭᠠᠴᠢᠯᠠᠨ ᠰᠢᠢᠳᠪᠦᠷᠢᠯᠡᠭᠰᠡᠨ ᠵᠠᠬᠢᠳᠠᠯ ᠰᠣᠷᠪᠤᠯᠵᠢᠯᠠᠯ ᠬᠢᠭᠰᠡᠳ ᠲᠠᠢ | ᠨᠢᠭᠤᠷᠳᠡᠨ ᠶᠠᠷᠢᠯᠴᠠᠵᠤ᠂ ᠲᠡᠳᠡᠨ ᠤ ᠵᠠᠬᠢᠳᠠᠯ ᠰᠣᠷᠪᠣᠯᠵᠢᠯᠠᠯ ᠤᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠳᠤ | ᠬᠠᠨᠤᠮᠵᠢᠲᠠᠢ ᠪᠠᠶᠢᠬᠤ ᠡᠰᠡᠬᠦ ᠶᠢ ᠨᠢᠭᠡᠳ ᠨᠢᠭᠡ ᠪᠠᠷ ᠯᠠᠪᠯᠠᠨ ᠠᠰᠠᠭᠤᠪᠠ᠃ ᠲᠡᠷᠡ᠂ ᠵᠠᠬᠢᠳᠠᠯ ᠰᠣᠷᠪᠣᠯᠵᠢᠯᠠᠯ ᠤᠨ | ᠬᠦᠰᠡᠯ ᠭᠤᠶᠤᠴᠢᠯᠠᠯ ᠢ ᠰᠢᠢᠳᠪᠦᠷᠢᠯᠡᠬᠦ ᠳᠤ᠂ ᠲᠤᠰᠤᠯᠲᠠ ᠪᠠᠨ ᠡᠷᠬᠡᠪᠰᠢ ︽ᠶᠠᠪᠤᠳᠠᠯ ᠪᠣᠯᠭᠠᠨ ᠰᠢᠢᠳᠪᠦᠷᠢᠯᠡᠬᠦ︾ | ᠳᠡᠭᠡᠷ᠎ᠡ ᠲᠠᠯᠪᠢᠵᠤ ᠂ ᠣᠯᠠᠨ ᠲᠦᠮᠡᠨ ᠢ ᠬᠠᠨᠣᠮᠵᠢᠲᠠᠢ ᠪᠠᠶᠢᠯᠭᠠᠵᠤ᠂ ᠬᠤᠣᠷ ᠦᠨᠳᠦᠰᠦ ᠶᠢ ᠦᠯᠡᠳᠡᠭᠡᠬᠦ ᠦᠭᠡᠢ᠂ ︽ | ᠰᠡᠭᠦᠯ︾ ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠣᠳᠣᠬᠠᠨ ᠤ ᠪᠠ ᠠᠯᠤᠰ ᠬᠡᠳᠦ ᠶᠢᠨ᠂ ᠥᠩᠭᠡᠨ ᠲᠠᠯ᠎ᠠ ᠶᠢ | ᠵᠠᠰᠠᠬᠤ ᠪᠠ ᠦᠨᠳᠦᠰᠦᠨ ᠠᠴᠠ ᠨᠢ ᠵᠠᠰᠠᠬᠤ ᠶᠢ ᠨᠢᠭᠡᠲᠦᠯᠲᠡᠢ ᠲᠥᠯᠥᠪᠵᠢᠭᠦᠯᠵᠦ᠂ ᠵᠠᠬᠢᠳᠠᠯ ᠰᠣᠷᠪᠣᠯᠵᠢᠯᠠᠯ ᠤᠨ | ᠵᠦᠢᠯᠡᠰ ᠪᠦᠬᠦᠨ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠵᠦ᠂ ᠣᠯᠠᠨ | ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠠᠰᠢᠭ ᠲᠤᠰᠠ ᠶᠢᠨ ᠬᠦᠰᠡᠯ ᠭᠤᠶᠤᠴᠢᠯᠠᠯ ᠢ ᠰᠠᠶᠢᠲᠤᠷ | ᠰᠢᠢᠳᠪᠦᠷᠢᠯᠡᠵᠦ᠂ ︽ᠶᠠᠪᠤᠳᠠᠯ ᠢ ᠲᠦᠢᠯᠪᠦᠷᠢᠲᠡᠢ ᠰᠢᠢᠳᠪᠦᠷᠢᠯᠡᠬᠦ︾ ᠪᠠᠷ ᠬᠡᠷᠡᠭ ᠢ ᠦᠨᠡᠨ ᠬᠦ ᠰᠢᠢᠳᠪᠦᠷᠢᠯᠡᠵᠦ | ᠳᠠᠭᠤᠰᠬᠠᠬᠤ ᠬᠡᠷᠡᠭᠲᠡᠢ ᠭᠡᠵᠡᠢ᠃ | ᠢᠤᠢ ᠯᠢ ᠰᠢᠨ ᠠᠵᠢᠯᠯᠠᠭ᠎ᠠ ᠳᠤ ᠣᠷᠣᠯᠴᠠᠵᠠᠢ᠃ | |